蒙古文网站Logo
ᠰᠢᠨᠬᠤᠸᠠ ᠮᠤᠩᠭ᠋ᠤᠯ ᠨᠧᠲ

ᠵᠠᠩ ᠳ᠋ᠧ ᠵᠢᠶᠠᠩ ᠰᠠᠶᠢᠫᠷᠦ᠋ᠰ ᠤᠨ ᠤᠯᠤᠰ ᠤᠨ ᠬᠤᠷᠠᠯ ᠤᠨ ᠳᠠᠷᠤᠭ᠎ᠠ ᠲᠠᠢ ᠠᠭᠤᠯᠵᠠᠪᠠ

2017-11-24 16:41

    ᠰᠢᠨᠬᠤᠧᠠ ᠬᠤᠷᠢᠶ᠎ᠠ   ᠪᠡᠭᠡᠵᠢᠩ ᠤᠨ 11 ᠰᠠᠷ᠎ᠠ ᠶᠢᠨ 23 ᠤ ᠡᠳᠦᠷ ᠤᠨ ᠴᠠᠬᠢᠯᠭᠠᠨ ᠮᠡᠳᠡᠭᠡ (ᠰᠤᠷᠪᠤᠯᠵᠢᠯᠠᠭᠴᠢ ᠸᠠᠩ ᠡᠾᠦ᠋ᠢ ᠡᠾᠦ᠋ᠢ) ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ‍ᠥᠨ ᠶᠡᠬᠡ ᠬᠤᠷᠠᠯ ᠤᠨ ᠪᠠᠶᠢᠩᠭᠤ ᠶ᠋ᠢᠨ ᠬᠣᠷᠢᠶᠠᠨ ᠤ ᠳᠠᠷᠤᠭ᠎ᠠ ᠵᠠᠩ ᠳ᠋ᠧ ᠵᠢᠶᠠᠩ 23 ᠤ ᠡᠳᠦᠷ ᠠᠷᠠᠳ ᠤᠨ ᠶᠡᠬᠡ ᠬᠤᠷᠠᠯ ᠤᠨ ᠲᠠᠩᠬᠢᠮ ᠳ᠋ᠤ ᠰᠠᠶᠢᠫᠷᠦ᠋ᠰ ᠤᠨ ᠤᠯᠤᠰ ᠤᠨ ᠬᠤᠷᠠᠯ ᠤᠨ ᠳᠠᠷᠤᠭ᠎ᠠ ᠰᠢᠯᠯᠦ᠋ᠷᠢᠰ ᠲᠠᠢ ᠠᠭᠤᠯᠵᠠᠭᠰᠠᠨ ᠪᠠᠶᠢᠨ᠎ᠠ᠃

    ᠵᠠᠩ ᠳ᠋ᠧ ᠵᠢᠶᠠᠩ᠂ ᠳᠤᠮᠳᠠᠳᠤ ᠶ᠋ᠢᠨ ᠲᠠᠯ᠎ᠠ ᠰᠠᠶᠢᠫᠷᠦ᠋ᠰ ᠤᠨ ᠲᠠᠯ᠎ᠠ ᠲᠠᠢ ᠬᠠᠮᠲᠤ ᠪᠠᠷ᠂ ᠲᠡᠷᠢᠭᠦᠯᠡᠭᠴᠢ ᠰᠢ ᠵᠢᠨ ᠫᠢᠩ ᠪᠣᠯᠣᠨ ᠶᠡᠷᠦᠩᠬᠡᠶᠢᠯᠡᠭᠴᠢ ᠠᠨᠠᠰᠲ᠋ᠠᠰᠢᠶᠠᠳ᠋ᠸᠰ ᠤᠨ 2015 ᠣᠨ ᠳ᠋ᠤ ᠲᠠᠨᠢᠯᠲᠠ ᠨᠢᠭᠡᠳᠦᠭᠰᠡᠨ ᠵᠦᠢᠯ ‍ᠢ ᠢᠳᠡᠪᠬᠢᠲᠡᠢ ᠨᠠᠶᠢᠳᠠᠪᠤᠷᠢᠵᠢᠭᠤᠯᠵᠤ᠂ ᠤᠯᠤᠰ ᠲᠥᠷᠥ ᠶ᠋ᠢᠨ ᠢᠲᠡᠭᠡᠯᠴᠡᠯ ᠢᠶᠡᠨ ᠨᠡᠮᠡᠭᠳᠡᠭᠦᠯᠵᠦ᠂ ᠬᠠᠷᠢᠯᠴᠠᠨ ᠠᠰᠢᠭᠲᠠᠢ ᠬᠠᠮᠲᠤ ᠶ᠋ᠢᠨ ᠠᠵᠢᠯᠯᠠᠭ᠎ᠠ ᠪᠠᠨ ᠭᠦᠨᠵᠡᠭᠡᠶᠢᠷᠡᠭᠦᠯᠵᠦ᠂ ᠬᠣᠶᠠᠷ ᠤᠯᠤᠰ ᠤᠨ ᠬᠠᠷᠢᠯᠴᠠᠭ᠎ᠠ ᠶ᠋ᠢ ᠠᠬᠢᠭᠤᠯᠤᠨ ᠲᠠᠰᠤᠷᠠᠯᠲᠠ ᠦᠭᠡᠢ ᠰᠢᠨ᠎ᠡ ᠱᠠᠲᠤᠨ ᠳ᠋ᠤ ᠬᠦᠷᠭᠡᠬᠦ ᠳᠤᠷᠠᠲᠠᠢ ᠪᠠᠶᠢᠨ᠎ᠠ᠃ ᠳᠤᠮᠳᠠᠳᠤ ᠤᠯᠤᠰ ᠤᠨ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ‍ᠥᠨ ᠶᠡᠬᠡ ᠬᠤᠷᠠᠯ ᠰᠠᠶᠢᠫᠷᠦ᠋ᠰ ᠤᠨ ᠤᠯᠤᠰ ᠤᠨ ᠬᠤᠷᠠᠯ ᠲᠠᠢ ᠣᠯᠠᠨ ᠳᠡᠰ ᠳᠠᠪᠬᠤᠷᠭ᠎ᠠ ᠶ᠋ᠢᠨ ᠨᠥᠬᠥᠷᠰᠡᠭ ᠶᠠᠪᠤᠯᠴᠠᠭ᠎ᠠ ᠪᠠᠨ ᠪᠠᠲᠤᠯᠠᠵᠤ᠂ ᠳᠤᠮᠳᠠᠳᠤ ᠰᠠᠶᠢᠫᠷᠦ᠋ᠰ ᠤᠨ ᠬᠠᠷᠢᠯᠴᠠᠭ᠎ᠠ ᠶ᠋ᠢ ᠴᠢᠨᠠᠭᠰᠢᠳᠠ ᠬᠥᠭᠵᠢᠭᠦᠯᠬᠦ ᠶ᠋ᠢᠨ ᠲᠥᠯᠥᠭᠡ ᠬᠤᠪᠢ ᠨᠡᠮᠡᠷᠢ ᠪᠡᠨ ᠦᠵᠡᠭᠦᠯᠬᠦ ᠪᠣᠯᠣᠨ᠎ᠠ ᠭᠡᠵᠡᠢ᠃

    ᠵᠠᠩ ᠳ᠋ᠧ ᠵᠢᠶᠠᠩ ᠢᠷᠡᠭᠰᠡᠨ ᠵᠣᠴᠢᠳ ᠲᠤ ᠳᠤᠮᠳᠠᠳᠤ ᠤᠯᠤᠰ ᠤᠨ ᠡᠪ ᠬᠠᠮᠲᠤ ᠨᠠᠮ ᠤᠨ ᠠᠷᠪᠠᠨ ᠶᠢᠰᠦᠳᠦᠭᠡᠷ ᠶᠡᠬᠡ ᠬᠤᠷᠠᠯ ᠤᠨ ᠪᠠᠶᠢᠳᠠᠯ ‍ᠢ ᠲᠠᠨᠢᠯᠴᠠᠭᠤᠯᠤᠭᠰᠠᠨ ᠪᠠᠶᠢᠯ᠎ᠠ᠃ ᠳᠤᠮᠳᠠᠳᠤ ᠤᠯᠤᠰ ᠤᠨ ᠡᠪ ᠬᠠᠮᠲᠤ ᠨᠠᠮ ᠤᠨ ᠠᠷᠪᠠᠨ ᠶᠢᠰᠦᠳᠦᠭᠡᠷ ᠶᠡᠬᠡ ᠬᠤᠷᠠᠯ ᠡᠴᠠ ᠲᠣᠭᠲᠠᠭᠠᠭᠰᠠᠨ ᠬᠠᠷᠠᠯᠲᠠ ᠪᠠᠨ ᠡᠷᠲᠡᠬᠡᠨ ᠪᠡᠶᠡᠯᠡᠭᠦᠯᠬᠦ ᠶ᠋ᠢ ᠰᠢᠯᠯᠦ᠋ᠷᠢᠰ ᠬᠦᠰᠡᠭᠰᠡᠨ ‍ᠥ ᠬᠠᠮᠲᠤ ᠨᠢᠭᠡ ᠯᠡ ᠳᠤᠮᠳᠠᠳᠤ ᠤᠯᠤᠰ ᠪᠠᠶᠢᠬᠤ ᠵᠠᠷᠴᠢᠮ ‍ᠢ ᠰᠠᠶᠢᠫᠷᠦ᠋ᠰ ᠤᠨ ᠲᠠᠯ᠎ᠠ ᠡᠷᠡᠰ ᠪᠠᠷᠢᠮᠲᠠᠯᠠᠬᠤ ᠪᠣᠯᠣᠨ᠎ᠠ ᠭᠡᠵᠦ ᠢᠯᠡᠷᠬᠡᠶᠢᠯᠡᠭᠰᠡᠨ ᠪᠠᠶᠢᠨ᠎ᠠ᠃

ᠢᠷᠡᠯᠳᠡ᠄ ᠰᠢᠨᠬᠤᠧᠠ ᠬᠤᠷᠢᠶ᠎ᠠ ᠪᠡᠯᠡᠳᠭᠡᠭ᠍ᠰᠡᠨ ᠨᠢ᠄ ᠪᠣᠯᠣᠷᠴᠡᠴᠡᠭ᠌

ᠨᠡᠶᠢᠬᠡᠮ ᠠᠬᠤᠢ

ᠰᠣᠶᠤᠯ ᠤᠷᠠᠯᠢᠭ

  • ᠶᠤᠸᠠᠨ ᠤ ᠲᠡᠭᠡᠲᠤ ᠨᠡᠶᠢᠰᠯᠡᠯ ᠳᠤ ᠪᠤᠯᠤᠭᠰᠠᠨ ᠴᠠᠭᠠᠨ ᠢᠳᠡᠭᠡᠨ ᠤ ᠰᠤᠶᠤᠯ ᠤᠨ ᠨᠠᠶᠢᠷ
  • 26 ᠳ᠋ᠤᠭᠠᠷ ᠬᠤᠭᠤᠴᠠᠭᠠᠨ ᠤ ᠠᠯᠳᠠᠨ ᠳᠠᠬᠢᠶ᠎ᠠ ᠴᠡᠴᠡᠬᠡᠰ ᠺᠢᠨᠣ᠋ ᠶᠢᠨ ᠨᠠᠶᠢᠷ ᠬᠦᠬᠡᠬᠤᠳᠠ ᠳᠤ ᠨᠡᠬᠡᠬᠡᠯᠳᠡ ᠪᠡᠨ ᠬᠢᠪᠡ
  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
关闭
010070230030000000000000011120701122006728