蒙古文网站Logo
ᠰᠢᠨᠬᠤᠸᠠ ᠮᠤᠩᠭ᠋ᠤᠯ ᠨᠧᠲ

ᠼᠠᠢ ᠮᠢᠩ ᠵᠤᠤ ᠲᠠᠶᠢᠸᠠᠨ ᠤ ᠸᠠᠩ ᠸᠠᠩ ᠵᠦᠩ ᠱᠢ ᠬᠡᠪᠯᠡᠯ ᠮᠡᠳᠡᠬᠡᠯᠡᠯ ᠤᠨ ᠪᠦᠯᠦᠭᠯᠡᠯ ᠤᠨ ᠬᠡᠷᠡᠭ ᠮᠡᠳᠡᠭᠴᠢᠳ ᠤᠨ ᠳᠠᠷᠤᠭ᠎ᠠ ᠲᠠᠢ ᠠᠭᠤᠯᠵᠠᠪᠠ

2017-11-25 14:24

    11 ᠰᠠᠷ᠎ᠠ ᠶᠢᠨ 24 ᠤ ᠡᠳᠦᠷ᠂ ᠰᠢᠨᠬᠤᠧᠠ ᠬᠤᠷᠢᠶᠠᠨ ᠤ ᠳᠠᠷᠤᠭ᠎ᠠ ᠼᠠᠢ ᠮᠢᠩ ᠵᠤᠤ ᠪᠡᠬᠡᠵᠢᠩ ᠳᠤ ᠲᠠᠶᠢᠸᠠᠨ ᠤ ᠸᠠᠩ ᠸᠠᠩ ᠵᠦᠩ ᠱᠢ ᠬᠡᠪᠯᠡᠯ ᠮᠡᠳᠡᠬᠡᠯᠡᠯ ᠤᠨ ᠪᠦᠯᠦᠭᠯᠡᠯ ᠤᠨ ᠬᠡᠷᠡᠭ ᠮᠡᠳᠡᠭᠴᠢᠳ ᠤᠨ ᠳᠠᠷᠤᠭ᠎ᠠ ᠼᠠᠢ ᠶᠠᠨ ᠮᠢᠩ ᠨᠠᠷ ᠲᠠᠢ ᠠᠭᠤᠯᠵᠠᠪᠠ᠃ ᠼᠠᠢ ᠮᠢᠩ ᠵᠤᠤ ᠳᠡᠳᠡᠨᠡᠷ ᠲᠤ ᠨᠠᠮ ᠤᠨ ᠠᠷᠪᠠ ᠶᠢᠰᠦᠳᠦᠬᠡᠷ ᠶᠡᠬᠡ ᠬᠤᠷᠠᠯ ᠤᠨ ᠬᠦᠨᠳᠦ ᠴᠢᠬᠤᠯᠠ ᠤᠳᠬ᠎ᠠ ᠠᠭᠤᠯᠭ᠎ᠠ ᠬᠢᠬᠡᠳ ᠠᠮᠵᠢᠯᠳᠠ ᠪᠦᠳᠦᠮᠵᠢ ᠶᠢ ᠳᠠᠨᠢᠯᠴᠠᠭᠤᠯᠤᠭᠠᠳ᠂ ᠬᠤᠷᠠᠯ ᠤᠨ ᠢᠯᠡᠳᠬᠡᠯ ᠬᠤᠶᠠᠷ ᠡᠷᠬᠢ ᠶᠢᠨ ᠬᠠᠷᠢᠯᠴᠠᠭᠠ ᠤ ᠬᠦᠭᠵᠢᠯᠳᠡ ᠶᠢᠨ ᠴᠢᠭᠯᠡᠯ ᠬᠠᠨᠳᠤᠯᠭ᠎ᠠ ᠶᠢ ᠳᠤᠳᠤᠷᠬᠠᠶᠢᠯᠠᠭᠰᠠᠨ ᠬᠡᠵᠤ ᠵᠢᠭᠠᠵᠤ ᠭᠠᠷᠭᠠᠵᠠᠢ᠃

    2017 ᠤᠨ ᠳᠤ᠂ ᠰᠢᠨᠬᠤᠧᠠ ᠬᠤᠷᠢᠶ᠎ᠠ ᠬᠢᠬᠡᠳ ᠸᠠᠩ ᠸᠠᠩ ᠵᠦᠩ ᠱᠢ ᠬᠡᠪᠯᠡᠯ ᠮᠡᠳᠡᠬᠡᠯᠡᠯ ᠤᠨ ᠪᠦᠯᠦᠭᠯᠡᠯ ᠤᠨ ᠬᠡᠪᠯᠡᠯ ᠮᠡᠳᠡᠬᠡᠯᠡᠯ ᠤᠨ ᠬᠠᠷᠢᠯᠴᠠᠭ᠎ᠠ ᠦᠷᠬᠦᠯᠵᠢᠯᠡᠨ ᠳᠡᠯᠡᠵᠤ᠂ ᠬᠠᠮᠢᠶ᠎ᠠ ᠪᠦᠬᠦᠢ ᠬᠠᠮᠳᠤ ᠶᠢᠨ ᠠᠵᠢᠯᠯᠠᠭ᠎ᠠ ᠪᠠᠳᠤᠳᠠᠢ ᠠᠬᠢᠭᠰᠠᠨ ᠶᠤᠮ᠃ ᠬᠤᠶᠠᠷ ᠳᠠᠯ᠎ᠠ ᠪᠡᠷ ᠢᠶᠡᠨ ᠡᠬᠦᠨ ᠤ ᠰᠠᠭᠤᠷᠢᠨ ᠳᠤ ᠢᠷᠡᠬᠦ ᠵᠢᠯ ᠤᠨ ᠬᠠᠮᠳᠤ ᠶᠢᠨ ᠠᠵᠢᠯᠯᠠᠭᠠᠨ ᠤ ᠳᠦᠰᠦᠯ ᠳᠤ ᠰᠠᠨᠠᠯ ᠨᠢᠬᠡᠳᠦᠭᠰᠡᠨ ᠳᠡᠳᠦᠢ ᠦᠬᠡᠢ ᠬᠤᠶᠠᠷ ᠪᠠᠶᠢᠭᠤᠯᠤᠮᠵᠢ ᠶᠢᠨ ᠬᠠᠷᠢᠯᠴᠠᠭ᠎ᠠ ᠬᠠᠮᠳᠤ ᠶᠢᠨ ᠠᠵᠢᠯᠯᠠᠭ᠎ᠠ ᠶᠢ ᠨᠡᠩ ᠬᠦᠨᠵᠡᠬᠡᠶᠢᠷᠡᠬᠦᠯᠵᠤ᠂ ᠬᠤᠶᠠᠷ ᠡᠷᠬᠢ ᠶᠢᠨ ᠢᠷᠬᠡᠳ ᠤᠨ ᠤᠶᠢᠯᠠᠭᠠᠯᠴᠠᠯ ᠢ ᠤᠯᠠᠮ ᠬᠦᠨᠵᠡᠬᠡᠶᠢᠷᠡᠬᠦᠯᠦᠨ᠂ ᠬᠤᠶᠠᠷ ᠡᠷᠬᠢ ᠶᠢᠨ ᠬᠠᠷᠢᠯᠴᠠᠭᠠᠨ ᠤ ᠬᠦᠭᠵᠢᠯᠳᠡ ᠶᠢ ᠳᠠᠰᠤᠷᠠᠯᠳᠠ ᠦᠬᠡᠢ ᠠᠬᠢᠭᠤᠯᠬᠤ ᠳᠠᠯ᠎ᠠ ᠪᠡᠷ ᠮᠦᠨ ᠰᠠᠨᠠᠯ ᠨᠢᠬᠡᠳᠦᠵᠡᠢ᠃ (ᠰᠢᠨᠬᠤᠧᠠ ᠬᠤᠷᠢᠶ᠎ᠠ ᠶᠢᠨ ᠰᠤᠷᠪᠤᠯᠵᠢᠯᠠᠭᠴᠢ ᠯᠢ ᠰᠢᠤᠧᠠᠢ ᠿᠧᠨ)

ᠢᠷᠡᠯᠳᠡ᠄ ᠰᠢᠨᠬᠤᠧᠠ ᠬᠤᠷᠢᠶ᠎ᠠ ᠪᠡᠯᠡᠳᠭᠡᠭ᠍ᠰᠡᠨ ᠨᠢ᠄ ᠪᠣᠯᠣᠷᠴᠡᠴᠡᠭ᠌

ᠨᠡᠶᠢᠬᠡᠮ ᠠᠬᠤᠢ

ᠰᠣᠶᠤᠯ ᠤᠷᠠᠯᠢᠭ

  • ᠶᠤᠸᠠᠨ ᠤ ᠲᠡᠭᠡᠲᠤ ᠨᠡᠶᠢᠰᠯᠡᠯ ᠳᠤ ᠪᠤᠯᠤᠭᠰᠠᠨ ᠴᠠᠭᠠᠨ ᠢᠳᠡᠭᠡᠨ ᠤ ᠰᠤᠶᠤᠯ ᠤᠨ ᠨᠠᠶᠢᠷ
  • 26 ᠳ᠋ᠤᠭᠠᠷ ᠬᠤᠭᠤᠴᠠᠭᠠᠨ ᠤ ᠠᠯᠳᠠᠨ ᠳᠠᠬᠢᠶ᠎ᠠ ᠴᠡᠴᠡᠬᠡᠰ ᠺᠢᠨᠣ᠋ ᠶᠢᠨ ᠨᠠᠶᠢᠷ ᠬᠦᠬᠡᠬᠤᠳᠠ ᠳᠤ ᠨᠡᠬᠡᠬᠡᠯᠳᠡ ᠪᠡᠨ ᠬᠢᠪᠡ
  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
关闭
010070230030000000000000011120701122010146