蒙古文网站Logo
ᠰᠢᠨᠬᠤᠸᠠ ᠮᠤᠩᠭ᠋ᠤᠯ ᠨᠧᠲ

ᠯᠢ ᠺᠧ ᠴᠢᠶᠠᠩ ᠪᠦᠳᠠᠫᠧᠰᠲ ᠲᠤ ᠬᠦᠷᠴᠠᠢ

2017-11-27 10:39

    ᠰᠢᠨᠬᠤᠧᠠ ᠬᠤᠷᠢᠶ᠎ᠠ   ᠪᠦᠳᠠᠫᠧᠰᠲ ᠤᠨ 11 ᠰᠠᠷ᠎ᠠ ᠶᠢᠨ 26 ᠤ ᠡᠳᠦᠷ ᠤᠨ ᠴᠠᠬᠢᠯᠭᠠᠨ ᠮᠡᠳᠡᠭᠡ (ᠰᠤᠷᠪᠤᠯᠵᠢᠯᠠᠭᠴᠢ ᠵᠠᠩ ᠵᠧᠩ ᠹᠦ᠋᠂ ᠶᠠᠩ ᠶᠦᠩ ᠴᠢᠶᠠᠨ) ᠬᠠᠩᠭᠠᠷᠢ ᠶᠢᠨ ᠶᠡᠷᠦᠩᠬᠡᠢ ᠰᠠᠶᠢᠳ ᠤᠨ ᠤᠷᠢᠯᠭ᠎ᠠ ᠪᠡᠷ ᠳᠦᠷᠦ ᠶᠢᠨ ᠶᠠᠪᠤᠳᠠᠯ ᠤᠨ ᠬᠤᠷᠢᠶᠠᠨ ᠤ ᠶᠡᠷᠦᠩᠬᠡᠢ ᠰᠠᠶᠢᠳ ᠯᠢ ᠺᠧ ᠴᠢᠶᠠᠩ ᠳᠤᠬᠠᠢ ᠶᠢᠨ ᠤᠷᠤᠨ ᠤ ᠴᠠᠭ ᠢᠶᠡᠷ 11 ᠰᠠᠷ᠎ᠠ ᠶᠢᠨ 26 ᠤ ᠡᠳᠦᠷ ᠤᠨ ᠦᠳᠡ ᠡᠴᠡ ᠬᠤᠶᠢᠰᠢ ᠳᠤᠰᠬᠠᠢ ᠨᠢᠰᠬᠦ ᠤᠩᠭᠤᠴᠠ ᠪᠡᠷ ᠪᠦᠳᠠᠫᠧᠰᠲ ᠲᠤ ᠬᠦᠷᠪᠡ᠃

    ᠯᠢ ᠺᠧ ᠴᠢᠶᠠᠩ ᠵᠢᠷᠭᠤᠳᠤᠭᠠᠷ ᠬᠤᠭᠤᠴᠠᠭᠠᠨ ᠤ ᠳᠤᠮᠳᠠᠳᠤ ᠤᠯᠤᠰ - ᠳᠤᠮᠳᠠᠳᠤ ᠵᠡᠬᠦᠨ ᠡᠧᠦ᠋ᠷᠦᠫᠠ ᠶᠢᠨ ᠤᠷᠤᠨ ᠨᠤᠭᠤᠳ ᠤᠨ ᠤᠳᠤᠷᠢᠳᠬᠤ ᠬᠦᠮᠦᠰ ᠤᠨ ᠠᠭᠤᠯᠵᠠᠯᠳᠠ ᠳᠤ ᠤᠷᠤᠯᠴᠠᠬᠤ ᠶᠢᠨ ᠵᠡᠷᠬᠡᠴᠡᠬᠡ ᠬᠠᠩᠭᠠᠷᠢ ᠳᠤ ᠠᠯᠪᠠᠨ ᠶᠤᠰᠤᠨ ᠤ ᠠᠶᠢᠯᠴᠢᠯᠠᠯ ᠬᠢᠬᠦ ᠪᠤᠯᠤᠨ᠎ᠠ᠃ ᠬᠠᠩᠭᠠᠷᠢ ᠶᠢᠨ ᠶᠡᠷᠦᠩᠬᠡᠢ ᠰᠠᠶᠢᠳ ᠤᠩᠭᠤᠴᠠᠨ ᠤ ᠪᠠᠭᠤᠳᠠᠯ ᠳᠤ ᠯᠢ ᠺᠧ ᠴᠢᠶᠠᠩ ᠢ ᠤᠯᠠᠭᠠᠨ ᠬᠢᠪᠢᠰ ᠤᠨ ᠶᠤᠰᠤᠯᠠᠯ ᠢᠶᠡᠷ ᠬᠦᠨᠳᠦᠳᠬᠡᠨ ᠤᠭᠳᠤᠵᠠᠢ᠃ ᠠᠶᠢᠯᠴᠢᠯᠠᠯ ᠤᠨ ᠬᠤᠭᠤᠴᠠᠭᠠᠨ ᠳᠤ ᠯᠢ ᠺᠧ ᠴᠢᠶᠠᠩ ᠬᠠᠩᠭᠠᠷᠢ ᠶᠢᠨ ᠶᠡᠷᠦᠩᠬᠡᠢ ᠰᠠᠶᠢᠳ ᠲᠠᠢ ᠬᠡᠯᠡᠯᠴᠡᠬᠡᠷ ᠬᠢᠵᠤ᠂ ᠬᠤᠶᠠᠷ ᠳᠠᠯ᠎ᠠ ᠪᠡᠷ ᠢᠶᠡᠨ ᠤᠯᠤᠰ ᠳᠦᠷᠦ᠂ ᠡᠳ᠋ ᠤᠨ ᠵᠠᠰᠠᠭ᠂ ᠮᠦᠩᠬᠦᠨ ᠬᠦᠢᠯᠬᠡᠬᠡ᠂ ᠬᠦᠮᠦᠯᠢᠭ᠌ ᠤᠨ ᠰᠠᠯᠪᠤᠷᠢ ᠳ᠋ᠡᠬᠢ ᠬᠠᠮᠳᠤ ᠶᠢᠨ ᠠᠵᠢᠯᠯᠠᠭᠠᠨ ᠤ ᠬᠡᠯᠡᠯᠴᠡᠬᠡᠷ ᠲᠤ ᠭᠠᠷ ᠤᠨ ᠦᠰᠦᠭ ᠵᠢᠷᠤᠵᠤ᠂ ᠬᠠᠮᠳᠤᠪᠠᠷ ᠰᠡᠳᠬᠦᠯᠴᠢᠳ ᠲᠠᠢ ᠠᠭᠤᠯᠵᠠᠨ᠎ᠠ᠃ ᠮᠦᠨ ᠬᠠᠩᠭᠠᠷᠢ ᠶᠢᠨ ᠶᠡᠷᠦᠩᠬᠡᠶᠢᠯᠡᠭᠴᠢ ᠬᠢᠬᠡᠳ ᠤᠯᠤᠰ ᠤᠨ ᠬᠤᠷᠠᠯ ᠤᠨ ᠳᠡᠷᠢᠬᠦᠯᠡᠭᠴᠢ ᠨᠠᠷ ᠲᠠᠢ ᠠᠭᠤᠯᠵᠠᠬᠤ ᠪᠤᠯᠤᠨ᠎ᠠ᠃

ᠢᠷᠡᠯᠳᠡ᠄ ᠰᠢᠨᠬᠤᠧᠠ ᠬᠤᠷᠢᠶ᠎ᠠ ᠪᠡᠯᠡᠳᠭᠡᠭ᠍ᠰᠡᠨ ᠨᠢ᠄ ᠪᠣᠯᠣᠷᠴᠡᠴᠡᠭ᠌

ᠨᠡᠶᠢᠬᠡᠮ ᠠᠬᠤᠢ

ᠰᠣᠶᠤᠯ ᠤᠷᠠᠯᠢᠭ

  • ᠶᠤᠸᠠᠨ ᠤ ᠲᠡᠭᠡᠲᠤ ᠨᠡᠶᠢᠰᠯᠡᠯ ᠳᠤ ᠪᠤᠯᠤᠭᠰᠠᠨ ᠴᠠᠭᠠᠨ ᠢᠳᠡᠭᠡᠨ ᠤ ᠰᠤᠶᠤᠯ ᠤᠨ ᠨᠠᠶᠢᠷ
  • 26 ᠳ᠋ᠤᠭᠠᠷ ᠬᠤᠭᠤᠴᠠᠭᠠᠨ ᠤ ᠠᠯᠳᠠᠨ ᠳᠠᠬᠢᠶ᠎ᠠ ᠴᠡᠴᠡᠬᠡᠰ ᠺᠢᠨᠣ᠋ ᠶᠢᠨ ᠨᠠᠶᠢᠷ ᠬᠦᠬᠡᠬᠤᠳᠠ ᠳᠤ ᠨᠡᠬᠡᠬᠡᠯᠳᠡ ᠪᠡᠨ ᠬᠢᠪᠡ
  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
关闭
010070230030000000000000011120701122016090