蒙古文网站Logo
ᠰᠢᠨᠬᠤᠸᠠ ᠮᠤᠩᠭ᠋ᠤᠯ ᠨᠧᠲ

ᠨᠠᠮ ᠤᠨ ᠠᠷᠪᠠ ᠶᠢᠰᠦᠳᠦᠬᠡᠷ ᠶᠡᠬᠡ ᠬᠤᠷᠠᠯ ᠤᠨ ᠵᠤᠷᠢᠭ ᠰᠠᠨᠠᠭ᠎ᠠ ᠶᠢ ᠭᠠᠳᠠᠭᠠᠳᠤ ᠳᠤ ᠤᠬᠠᠭᠤᠯᠤᠨ ᠳᠠᠶᠢᠯᠪᠤᠷᠢᠯᠠᠬᠤ ᠪᠠᠭ ᠺᠤᠷᠢᠶᠠ ᠳᠤ ᠠᠶᠢᠯᠴᠢᠯᠠᠪᠠ

2017-11-27 10:39

    ᠰᠢᠨᠬᠤᠧᠠ ᠬᠤᠷᠢᠶ᠎ᠠ   ᠰᠧᠦ᠋ᠯ ᠤᠨ 11 ᠰᠠᠷ᠎ᠠ ᠶᠢᠨ 23 ᠤ ᠡᠳᠦᠷ ᠤᠨ ᠴᠠᠬᠢᠯᠭᠠᠨ ᠮᠡᠳᠡᠭᠡ (ᠰᠤᠷᠪᠤᠯᠵᠢᠯᠠᠭᠴᠢ ᠬᠧᠩ ᠰᠢᠤᠧᠠᠢ ᠫᠧᠩ᠂ ᠯᠦ ᠷᠦᠢ) ᠺᠤᠷᠢᠶᠠ ᠶᠢᠨ ᠭᠠᠳᠠᠭᠠᠳᠤ ᠬᠡᠷᠡᠭ ᠤᠨ ᠶᠠᠮᠤᠨ ᠤ ᠤᠷᠢᠯᠭ᠎ᠠ ᠪᠡᠷ᠂ ᠳᠦᠪ ᠤᠨ ᠨᠠᠮ ᠤᠨ ᠰᠤᠷᠭᠠᠭᠤᠯᠢ ᠶᠢᠨ ᠪᠠᠶᠢᠩᠭᠤ ᠶᠢᠨ ᠳᠡᠳ᠋ ᠵᠠᠬᠢᠷᠤᠯ ᠡᠾᠧ ᠢ ᠲᠢᠩ ᠢᠶᠡᠷ ᠠᠬᠠᠯᠠᠭᠤᠯᠤᠭᠰᠠᠨ ᠨᠠᠮ ᠤᠨ ᠠᠷᠪᠠ ᠶᠢᠰᠦᠳᠦᠬᠡᠷ ᠶᠡᠬᠡ ᠬᠤᠷᠠᠯ ᠤᠨ ᠵᠤᠷᠢᠭ ᠰᠠᠨᠠᠭ᠎ᠠ ᠶᠢ ᠭᠠᠳᠠᠭᠠᠳᠤ ᠳᠤ ᠤᠬᠠᠭᠤᠯᠤᠨ ᠳᠠᠶᠢᠯᠪᠤᠷᠢᠯᠠᠬᠤ ᠪᠠᠭ 21 ᠡᠴᠡ 23 ᠤ ᠡᠳᠦᠷ ᠪᠤᠯᠳᠠᠯ᠎ᠠ ᠺᠤᠷᠢᠶᠠ ᠳᠤ ᠠᠶᠢᠯᠴᠢᠯᠠᠵᠤ᠂ ᠺᠤᠷᠢᠶᠠ ᠶᠢᠨ ᠤᠯᠤᠰ ᠤᠨ ᠬᠤᠷᠠᠯ᠂ ᠲᠦᠷᠦ ᠶᠢᠨ ᠨᠠᠮ ᠪᠤᠯᠤᠨ ᠵᠠᠰᠠᠭ ᠤᠨ ᠭᠠᠵᠠᠷ ᠤᠨ ᠬᠠᠷᠢᠭᠤᠴᠠᠯᠭᠠᠳᠠᠨ ᠲᠠᠢ ᠠᠭᠤᠯᠵᠠᠵᠤ᠂ ᠬᠠᠮᠢᠶ᠎ᠠ ᠪᠦᠬᠦᠢ ᠬᠦᠮᠦᠰ ᠲᠤ ᠨᠠᠮ ᠤᠨ ᠠᠷᠪᠠ ᠶᠢᠰᠦᠳᠦᠬᠡᠷ ᠶᠡᠬᠡ ᠬᠤᠷᠠᠯ ᠤᠨ ᠵᠤᠷᠢᠭ ᠰᠠᠨᠠᠭ᠎ᠠ ᠶᠢ ᠤᠬᠠᠭᠤᠯᠤᠨ ᠳᠠᠶᠢᠯᠪᠤᠷᠢᠯᠠᠭᠰᠠᠨ ᠪᠠᠶᠢᠨ᠎ᠠ᠃

    ᠺᠤᠷᠢᠶᠠ ᠶᠢᠨ ᠳᠠᠯ᠎ᠠ ᠶᠢᠨ ᠬᠢᠨ ᠳᠤᠮᠳᠠᠳᠤ ᠤᠯᠤᠰ ᠤᠨ ᠡᠪ ᠬᠠᠮᠳᠤ ᠨᠠᠮ ᠤᠨ ᠠᠷᠪᠠ ᠶᠢᠰᠦᠳᠦᠬᠡᠷ ᠤᠳᠠᠭᠠᠨ ᠤ ᠳᠦᠯᠦᠬᠡᠯᠡᠭᠴᠢᠳ ᠤᠨ ᠶᠡᠬᠡ ᠬᠤᠷᠠᠯ ᠠᠮᠵᠢᠯᠳᠠ ᠲᠠᠢ ᠬᠤᠷᠠᠯᠳᠤᠭᠰᠠᠨ ᠳᠤ ᠪᠠᠶᠠᠷ ᠬᠦᠷᠬᠡᠵᠤ ᠪᠠᠶᠢᠬᠤ ᠪᠡᠨ ᠢᠯᠡᠷᠬᠡᠶᠢᠯᠡᠬᠡᠳ᠂ ᠶᠡᠬᠡ ᠬᠤᠷᠠᠯ ᠤᠨ ᠳᠡᠯᠡᠬᠡᠢ ᠳ᠋ᠡᠬᠢ ᠨᠦᠯᠦᠬᠡ ᠳᠤᠰᠬᠠᠯ ᠢ ᠮᠠᠭᠳᠠᠨ ᠡᠨᠡᠬᠦ ᠠᠶᠢᠯᠴᠢᠯᠠᠯ ᠺᠤᠷᠢᠶᠠ ᠶᠢᠨ ᠪᠦᠬᠦ ᠰᠠᠯᠪᠤᠷᠢ ᠶᠢᠨ ᠬᠢᠨ ᠳᠤ ᠳᠤᠮᠳᠠᠳᠤ ᠤᠯᠤᠰ ᠤᠨ ᠡᠪ ᠬᠠᠮᠳᠤ ᠨᠠᠮ ᠤᠨ ᠠᠷᠪᠠ ᠶᠢᠰᠦᠳᠦᠬᠡᠷ ᠤᠳᠠᠭᠠᠨ ᠤ ᠳᠦᠯᠦᠬᠡᠯᠡᠭᠴᠢᠳ ᠤᠨ ᠶᠡᠬᠡ ᠬᠤᠷᠠᠯ ᠤᠨ ᠳᠤᠬᠠᠢ ᠪᠤᠯᠤᠨ ᠳᠤᠮᠳᠠᠳᠤ ᠤᠯᠤᠰ ᠤᠨ ᠢᠷᠬᠡᠳᠦᠢ ᠶᠢᠨ ᠬᠦᠭᠵᠢᠯ ᠤᠨ ᠬᠠᠨᠳᠤᠰᠢ ᠶᠢ ᠤᠯᠠᠮ ᠤᠶᠢᠯᠠᠭᠠᠭᠤᠯᠤᠭᠰᠠᠨ᠂ ᠺᠤᠷᠢᠶᠠ ᠳᠤᠮᠳᠠᠳᠤ ᠶᠢᠨ ᠬᠠᠷᠢᠯᠴᠠᠭᠠᠨ ᠤ ᠬᠦᠭᠵᠢᠯᠳᠡ ᠳᠤ ᠳᠤᠷᠠᠲᠠᠶ᠎ᠠ ᠬᠤᠪᠢ ᠨᠡᠮᠡᠷᠢ ᠦᠵᠡᠬᠦᠯᠦᠨ᠎ᠡ ᠬᠡᠵᠡᠢ᠃

ᠢᠷᠡᠯᠳᠡ᠄ ᠰᠢᠨᠬᠤᠧᠠ ᠬᠤᠷᠢᠶ᠎ᠠ ᠪᠡᠯᠡᠳᠭᠡᠭ᠍ᠰᠡᠨ ᠨᠢ᠄ ᠪᠣᠯᠣᠷᠴᠡᠴᠡᠭ᠌

ᠨᠡᠶᠢᠬᠡᠮ ᠠᠬᠤᠢ

ᠰᠣᠶᠤᠯ ᠤᠷᠠᠯᠢᠭ

  • ᠶᠤᠸᠠᠨ ᠤ ᠲᠡᠭᠡᠲᠤ ᠨᠡᠶᠢᠰᠯᠡᠯ ᠳᠤ ᠪᠤᠯᠤᠭᠰᠠᠨ ᠴᠠᠭᠠᠨ ᠢᠳᠡᠭᠡᠨ ᠤ ᠰᠤᠶᠤᠯ ᠤᠨ ᠨᠠᠶᠢᠷ
  • 26 ᠳ᠋ᠤᠭᠠᠷ ᠬᠤᠭᠤᠴᠠᠭᠠᠨ ᠤ ᠠᠯᠳᠠᠨ ᠳᠠᠬᠢᠶ᠎ᠠ ᠴᠡᠴᠡᠬᠡᠰ ᠺᠢᠨᠣ᠋ ᠶᠢᠨ ᠨᠠᠶᠢᠷ ᠬᠦᠬᠡᠬᠤᠳᠠ ᠳᠤ ᠨᠡᠬᠡᠬᠡᠯᠳᠡ ᠪᠡᠨ ᠬᠢᠪᠡ
  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
关闭
010070230030000000000000011120701122016097