蒙古文网站Logo
ᠰᠢᠨᠬᠤᠸᠠ ᠮᠤᠩᠭ᠋ᠤᠯ ᠨᠧᠲ

ᠨᠠᠮ ᠤᠨ ᠠᠷᠪᠠ ᠶᠢᠰᠦᠳᠦᠬᠡᠷ ᠶᠡᠬᠡ ᠬᠤᠷᠠᠯ ᠤᠨ ᠵᠤᠷᠢᠭ ᠰᠠᠨᠠᠭ᠎ᠠ ᠶᠢ ᠭᠠᠳᠠᠭᠠᠳᠤ ᠳᠤ ᠤᠬᠠᠭᠤᠯᠤᠨ ᠳᠠᠶᠢᠯᠪᠤᠷᠢᠯᠠᠬᠤ ᠪᠠᠭ ᠶᠠᠫᠤᠨ ᠳᠤ ᠠᠶᠢᠯᠴᠢᠯᠠᠪᠠ

2017-11-27 10:39

    ᠰᠢᠨᠬᠤᠧᠠ ᠬᠤᠷᠢᠶ᠎ᠠ   ᠲᠤᠤᠺᠢᠣ᠋ ᠶᠢᠨ 11 ᠰᠠᠷ᠎ᠠ ᠶᠢᠨ 26 ᠤ ᠡᠳᠦᠷ ᠤᠨ ᠴᠠᠬᠢᠯᠭᠠᠨ ᠮᠡᠳᠡᠭᠡ (ᠰᠤᠷᠪᠤᠯᠵᠢᠯᠠᠭᠴᠢ ᠵᠢᠶᠠᠩ ᠰᠢᠶᠤᠤ ᠮᠧᠢ᠂ ᠳ᠋ᠧᠩ ᠮᠢᠨ) ᠶᠠᠫᠤᠨ ᠤ ᠡᠷᠬᠡ ᠴᠢᠯᠦᠬᠡ ᠠᠷᠠᠳᠴᠢᠯᠠᠭᠰᠠᠨ ᠨᠠᠮ ᠬᠢᠬᠡ ᠺᠤᠮᠧᠶᠢᠲ᠋ᠣ᠋ ᠨᠠᠮ ᠤᠨ ᠤᠷᠢᠯᠭ᠎ᠠ ᠪᠡᠷ᠂ ᠳᠦᠪ ᠤᠨ ᠨᠠᠮ ᠤᠨ ᠰᠤᠷᠭᠠᠭᠤᠯᠢ ᠶᠢᠨ ᠪᠠᠶᠢᠩᠭᠤ ᠶᠢᠨ ᠳᠡᠳ᠋ ᠵᠠᠬᠢᠷᠤᠯ ᠡᠾᠧ ᠢ ᠲᠢᠩ ᠢᠶᠡᠷ ᠠᠬᠠᠯᠠᠭᠤᠯᠤᠭᠰᠠᠨ ᠨᠠᠮ ᠤᠨ ᠠᠷᠪᠠ ᠶᠢᠰᠦᠳᠦᠬᠡᠷ ᠶᠡᠬᠡ ᠬᠤᠷᠠᠯ ᠤᠨ ᠵᠤᠷᠢᠭ ᠰᠠᠨᠠᠭ᠎ᠠ ᠶᠢ ᠭᠠᠳᠠᠭᠠᠳᠤ ᠳᠤ ᠤᠬᠠᠭᠤᠯᠤᠨ ᠳᠠᠶᠢᠯᠪᠤᠷᠢᠯᠠᠬᠤ ᠪᠠᠭ 11 ᠰᠠᠷ᠎ᠠ ᠶᠢᠨ 23 ᠡᠴᠡ 26 ᠪᠤᠯᠳᠠᠯ᠎ᠠ ᠶᠠᠫᠤᠨ ᠳᠤ ᠠᠶᠢᠯᠴᠢᠯᠠᠵᠤ᠂ ᠳᠤᠰ ᠬᠤᠶᠠᠷ ᠨᠠᠮ ᠤᠨ ᠳᠠᠷᠤᠭ᠎ᠠ ᠨᠠᠷ ᠲᠠᠢ ᠠᠭᠤᠯᠵᠠᠬᠤ ᠶᠢᠨ ᠵᠡᠷᠬᠡᠴᠡᠬᠡ ᠬᠠᠮᠢᠶ᠎ᠠ ᠪᠦᠬᠦᠢ ᠬᠦᠮᠦᠰ ᠲᠤ ᠨᠠᠮ ᠤᠨ ᠠᠷᠪᠠ ᠶᠢᠰᠦᠳᠦᠬᠡᠷ ᠶᠡᠬᠡ ᠬᠤᠷᠠᠯ ᠤᠨ ᠵᠤᠷᠢᠭ ᠰᠠᠨᠠᠭ᠎ᠠ ᠶᠢ ᠤᠬᠠᠭᠤᠯᠤᠨ ᠳᠠᠶᠢᠯᠪᠤᠷᠢᠯᠠᠭᠰᠠᠨ ᠪᠠᠶᠢᠨ᠎ᠠ᠃

    ᠶᠠᠫᠤᠨ ᠤ ᠳᠠᠯ᠎ᠠ ᠶᠢᠨ ᠬᠢᠨ ᠳᠤᠮᠳᠠᠳᠤ ᠤᠯᠤᠰ ᠤᠨ ᠡᠪ ᠬᠠᠮᠳᠤ ᠨᠠᠮ ᠤᠨ ᠠᠷᠪᠠ ᠶᠢᠰᠦᠳᠦᠬᠡᠷ ᠤᠳᠠᠭᠠᠨ ᠤ ᠳᠦᠯᠦᠬᠡᠯᠡᠭᠴᠢᠳ ᠤᠨ ᠶᠡᠬᠡ ᠬᠤᠷᠠᠯ ᠠᠮᠵᠢᠯᠳᠠ ᠲᠠᠢ ᠬᠤᠷᠠᠯᠳᠤᠭᠰᠠᠨ ᠪᠠ ᠰᠢ ᠵᠢᠨ ᠫᠢᠩ ᠳᠠᠬᠢᠨᠳᠠ ᠨᠠᠮ ᠤᠨ ᠳᠦᠪ ᠬᠤᠷᠢᠶᠠᠨ ᠤ ᠶᠡᠷᠦᠩᠬᠡᠢ ᠱᠦᠵᠢ ᠪᠡᠷ ᠰᠤᠩᠭᠤᠭᠳᠠᠭᠰᠠᠨ ᠳᠤ ᠪᠠᠶᠠᠷ ᠬᠦᠷᠬᠡᠵᠤ᠂ ᠬᠤᠷᠠᠯ ᠤᠨ ᠠᠮᠵᠢᠯᠳᠠ ᠪᠦᠳᠦᠮᠵᠢ ᠬᠢᠬᠡᠳ ᠤᠳᠬ᠎ᠠ ᠠᠭᠤᠯᠭ᠎ᠠ ᠶᠢ ᠳᠡᠬᠡᠳᠦ ᠬᠡᠮᠵᠢᠶ᠎ᠡ ᠪᠡᠷ ᠦᠨᠡᠯᠡᠨ᠂ ᠶᠠᠫᠤᠨ ᠳᠤᠮᠳᠠᠳᠤ ᠶᠢᠨ ᠬᠠᠷᠢᠯᠴᠠᠭ᠎ᠠ ᠤᠯᠠᠨ ᠰᠠᠶᠢᠨ ᠬᠦᠭᠵᠢᠯ ᠤᠨ ᠬᠠᠨᠳᠤᠰᠢ ᠲᠠᠢ ᠪᠤᠯᠬᠤ ᠶᠢ ᠬᠦᠰᠡᠨ ᠬᠦᠯᠢᠶᠡᠵᠤ ᠪᠤᠢ ᠬᠡᠵᠡᠢ᠃

ᠢᠷᠡᠯᠳᠡ᠄ ᠰᠢᠨᠬᠤᠧᠠ ᠬᠤᠷᠢᠶ᠎ᠠ ᠪᠡᠯᠡᠳᠭᠡᠭ᠍ᠰᠡᠨ ᠨᠢ᠄ ᠪᠣᠯᠣᠷᠴᠡᠴᠡᠭ᠌

ᠨᠡᠶᠢᠬᠡᠮ ᠠᠬᠤᠢ

ᠰᠣᠶᠤᠯ ᠤᠷᠠᠯᠢᠭ

  • ᠶᠤᠸᠠᠨ ᠤ ᠲᠡᠭᠡᠲᠤ ᠨᠡᠶᠢᠰᠯᠡᠯ ᠳᠤ ᠪᠤᠯᠤᠭᠰᠠᠨ ᠴᠠᠭᠠᠨ ᠢᠳᠡᠭᠡᠨ ᠤ ᠰᠤᠶᠤᠯ ᠤᠨ ᠨᠠᠶᠢᠷ
  • 26 ᠳ᠋ᠤᠭᠠᠷ ᠬᠤᠭᠤᠴᠠᠭᠠᠨ ᠤ ᠠᠯᠳᠠᠨ ᠳᠠᠬᠢᠶ᠎ᠠ ᠴᠡᠴᠡᠬᠡᠰ ᠺᠢᠨᠣ᠋ ᠶᠢᠨ ᠨᠠᠶᠢᠷ ᠬᠦᠬᠡᠬᠤᠳᠠ ᠳᠤ ᠨᠡᠬᠡᠬᠡᠯᠳᠡ ᠪᠡᠨ ᠬᠢᠪᠡ
  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
关闭
010070230030000000000000011120701122016103