蒙古文网站Logo
ᠰᠢᠨᠬᠤᠸᠠ ᠮᠤᠩᠭ᠋ᠤᠯ ᠨᠧᠲ

ᠢᠦᠢ ᠵᠧᠩ ᠱᠧᠩ ᠰᠧᠷᠪᠢᠶ᠎ᠠ ᠶ᠋ᠢᠨ ᠢᠷᠭᠡᠨ ‍ᠥ ᠤᠯᠤᠰ ᠤᠨ ᠬᠤᠷᠠᠯ ᠤᠨ ᠳᠠᠷᠤᠭ᠎ᠠ ᠲᠠᠢ ᠠᠭᠤᠯᠵᠠᠪᠠ

2017-11-28 17:40

    ᠰᠢᠨᠬᠤᠧᠠ ᠬᠤᠷᠢᠶ᠎ᠠ   ᠪᠡᠭᠡᠵᠢᠩ ᠤᠨ 11 ᠰᠠᠷ᠎ᠠ ᠶᠢᠨ 27 ᠤ ᠡᠳᠦᠷ ᠤᠨ ᠴᠠᠬᠢᠯᠭᠠᠨ ᠮᠡᠳᠡᠭᠡ (ᠰᠤᠷᠪᠤᠯᠵᠢᠯᠠᠭᠴᠢ ᠲᠠᠨ ᠵᠢᠩ ᠵᠢᠩ) ᠤᠯᠤᠰ ᠲᠥᠷᠥ ᠶ᠋ᠢᠨ ᠵᠥᠪᠯᠡᠯᠭᠡᠨ ‍ᠥ ᠪᠦᠬᠦ ᠤᠯᠤᠰ ᠤᠨ ᠬᠣᠷᠢᠶᠠᠨ ᠤ ᠲᠡᠷᠢᠭᠦᠯᠡᠭᠴᠢ ᠢᠦᠢ ᠵᠧᠩ ᠱᠧᠩ 27 ᠤ ᠡᠳᠦᠷ ᠪᠡᠭᠡᠵᠢᠩ ᠳ᠋ᠥ ᠰᠧᠷᠪᠢᠶ᠎ᠠ ᠶ᠋ᠢᠨ ᠢᠷᠭᠡᠨ ‍ᠥ ᠤᠯᠤᠰ ᠤᠨ ᠬᠤᠷᠠᠯ ᠤᠨ ᠳᠠᠷᠤᠭ᠎ᠠ ᠭᠣᠵᠢᠺᠣᠧᠶ᠋ᠴᠢ (GOJKOVI ) ᠲᠠᠢ ᠠᠭᠤᠯᠵᠠᠭᠰᠠᠨ ᠪᠠᠶᠢᠨ᠎ᠠ᠃

    ᠢᠦᠢ ᠵᠧᠩ ᠱᠧᠩ᠂ ᠳᠤᠮᠳᠠᠳᠤ ᠰᠧᠷᠪᠢᠶ᠎ᠠ ᠬᠣᠶᠠᠷ ᠤᠯᠤᠰ ᠪᠣᠯ ᠲᠡᠦᠬᠡ ᠶ᠋ᠢᠨ ᠭᠦᠨ ᠵᠤᠵᠠᠭᠠᠨ ᠨᠥᠬᠥᠷᠯᠡᠯ ᠪᠠ ᠨᠡᠶᠢᠭᠡᠮ ‍ᠥᠨ ᠥᠷᠭᠡᠨ ᠳᠡᠯᠭᠡᠷ ᠰᠠᠭᠤᠷᠢ ᠲᠠᠢ ᠶᠤᠮ᠃ ᠨᠢᠳᠤᠨᠤᠨ ᠲᠡᠷᠢᠭᠦᠯᠡᠭᠴᠢ ᠰᠢ ᠵᠢᠨ ᠫᠢᠩ ᠰᠧᠷᠪᠢᠶ᠎ᠠ ᠳ᠋ᠥ ᠲᠥᠷᠥ ᠶ᠋ᠢᠨ ᠠᠶᠢᠯᠴᠢᠯᠠᠯ ᠬᠢᠵᠦ᠂ ᠬᠣᠶᠠᠷ ᠲᠠᠯ᠎ᠠ ᠶ᠋ᠢᠨ ᠬᠠᠷᠢᠯᠴᠠᠭ᠎ᠠ ᠶ᠋ᠢ ᠬᠥᠭᠵᠢᠭᠦᠯᠵᠦ ᠪᠦᠬᠦ ᠲᠠᠯ᠎ᠠ ᠶ᠋ᠢᠨ ᠪᠠᠶᠢᠯᠳᠤᠬᠤ ᠪᠣᠳᠣᠯᠭ᠎ᠠ ᠶ᠋ᠢᠨ ᠲᠦᠩᠰᠢ ᠶ᠋ᠢᠨ ᠬᠠᠷᠢᠯᠴᠠᠭ᠎ᠠ ᠪᠣᠯᠭᠠᠵᠤ᠂ ᠳᠤᠮᠳᠠᠳᠤ ᠰᠧᠷᠪᠢᠶ᠎ᠠ ᠶ᠋ᠢᠨ ᠬᠠᠷᠢᠯᠴᠠᠭᠠᠨ ᠤ ᠬᠥᠭᠵᠢᠯᠲᠡ ᠶ᠋ᠢᠨ ᠴᠢᠭᠯᠡᠯ ‍ᠢ ᠵᠢᠭᠠᠭᠰᠠᠨ ᠪᠠᠶᠢᠨ᠎ᠠ᠃ ᠳᠤᠮᠳᠠᠳᠤ ᠰᠧᠷᠪᠢᠶ᠎ᠠ ᠬᠣᠶᠠᠷ ᠤᠯᠤᠰ ᠤᠯᠤᠰ ᠲᠥᠷᠥ ᠶ᠋ᠢᠨ ᠲᠠᠯ᠎ᠠ ᠪᠠᠷ ᠳᠡᠮᠵᠢᠯᠴᠡᠵᠦ᠂ ᠡᠳ᠋ ᠤᠨ ᠵᠠᠰᠠᠭ ᠤᠨ ᠲᠠᠯ᠎ᠠ ᠪᠠᠷ ᠬᠠᠮᠲᠤᠷᠠᠨ ᠠᠵᠢᠯᠯᠠᠵᠤ᠂ ᠰᠣᠶᠣᠯ ᠢᠷᠭᠡᠨᠰᠢᠯ ‍ᠥᠨ ᠰᠣᠯᠢᠯᠴᠠᠭ᠎ᠠ ᠲᠠᠰᠤᠷᠠᠯᠲᠠ ᠦᠭᠡᠢ ᠴᠢᠩᠭᠠᠷᠠᠵᠤ᠂ ᠬᠣᠶᠠᠷ ᠤᠯᠤᠰ ᠤᠨ ᠠᠷᠠᠳ ᠲᠦᠮᠡᠨ ᠳ᠋ᠤ ᠦᠨᠡᠨ ᠪᠣᠳᠠᠲᠠᠢ ᠠᠰᠢᠭ ᠲᠤᠰᠠ ᠬᠦᠷᠲᠡᠭᠡᠵᠦ ᠪᠠᠶᠢᠨ᠎ᠠ᠃ ᠳᠤᠮᠳᠠᠳᠤ ᠶ᠋ᠢᠨ ᠲᠠᠯ᠎ᠠ ᠰᠧᠷᠪᠢᠶ᠎ᠠ ᠶ᠋ᠢᠨ ᠲᠠᠯ᠎ᠠ ᠲᠠᠢ ᠬᠠᠮᠲᠤ ᠪᠠᠷ ᠳᠤᠮᠳᠠᠳᠤ ᠰᠧᠷᠪᠢᠶ᠎ᠠ ᠶ᠋ᠢᠨ ᠪᠦᠬᠦ ᠲᠠᠯ᠎ᠠ ᠶ᠋ᠢᠨ ᠪᠠᠶᠢᠯᠳᠤᠬᠤ ᠪᠣᠳᠣᠯᠭ᠎ᠠ ᠶ᠋ᠢᠨ ᠲᠦᠩᠰᠢ ᠶ᠋ᠢᠨ ᠬᠠᠷᠢᠯᠴᠠᠭ᠎ᠠ ᠶ᠋ᠢ ᠴᠢᠨᠠᠭᠰᠢᠳᠠ ᠭᠦᠨᠵᠡᠭᠡᠶᠢᠷᠡᠭᠦᠯᠬᠦ ᠳ᠋ᠥ ᠬᠤᠪᠢ ᠨᠡᠮᠡᠭᠦᠷᠢ ᠦᠵᠡᠭᠦᠯᠬᠦ ᠳᠤᠷᠠᠲᠠᠢ ᠪᠠᠶᠢᠨ᠎ᠠ ᠭᠡᠵᠡᠢ᠃

    ᠢᠦᠢ ᠵᠧᠩ ᠱᠧᠩ ᠳᠤᠮᠳᠠᠳᠤ ᠤᠯᠤᠰ ᠤᠨ ᠡᠪ ᠬᠠᠮᠲᠤ ᠨᠠᠮ ᠤᠨ ᠤᠳᠤᠷᠢᠳᠤᠭᠰᠠᠨ ᠣᠯᠠᠨ ᠨᠠᠮ ᠬᠠᠮᠲᠤᠷᠠᠨ ᠠᠵᠢᠯᠯᠠᠬᠤ ᠪᠠ ᠤᠯᠤᠰ ᠲᠥᠷᠥ ᠶ᠋ᠢᠨ ᠵᠥᠪᠯᠡᠯᠭᠡᠨ ‍ᠥ ᠲᠣᠭᠲᠠᠴᠠ ᠶ᠋ᠢ ᠲᠠᠨᠢᠯᠴᠠᠭᠤᠯᠵᠤ᠂ ᠳᠤᠮᠳᠠᠳᠤ ᠤᠯᠤᠰ ᠤᠨ ᠤᠯᠤᠰ ᠲᠥᠷᠥ ᠶ᠋ᠢᠨ ᠵᠥᠪᠯᠡᠯᠭᠡᠨ ‍ᠥ ᠪᠦᠬᠦ ᠤᠯᠤᠰ ᠤᠨ ᠬᠣᠷᠢᠶ᠎ᠠ ᠰᠧᠷᠪᠢᠶ᠎ᠠ ᠶ᠋ᠢᠨ ᠢᠷᠭᠡᠨ ‍ᠥ ᠤᠯᠤᠰ ᠤᠨ ᠬᠤᠷᠠᠯ ᠲᠠᠢ ᠦᠷᠭᠦᠯᠵᠢᠯᠡᠨ ᠣᠯᠠᠨ ᠳᠠᠪᠬᠤᠷᠭ᠎ᠠ ᠂ ᠣᠯᠠᠨ ᠶᠠᠩᠵᠤ ᠬᠡᠯᠪᠡᠷᠢ ᠶ᠋ᠢᠨ ᠰᠣᠯᠢᠯᠴᠠᠭ᠎ᠠ ᠬᠠᠮᠲᠤ ᠶ᠋ᠢᠨ ᠠᠵᠢᠯᠯᠠᠭ᠎ᠠ ᠥᠷᠨᠢᠭᠦᠯᠵᠦ᠂ ᠬᠣᠶᠠᠷ ᠤᠯᠤᠰ ᠤᠨ ᠬᠠᠷᠢᠯᠴᠠᠭᠠᠨ ᠤ ᠦᠷᠭᠦᠯᠵᠢᠯᠡᠨ ᠲᠣᠭᠲᠠᠪᠤᠷᠢᠲᠠᠢ ᠬᠥᠭᠵᠢᠯᠲᠡ ᠶ᠋ᠢ ᠠᠬᠢᠭᠤᠯᠬᠤ ᠳᠤᠷᠠᠲᠠᠢ ᠪᠠᠶᠢᠨ᠎ᠠ ᠭᠡᠵᠡᠢ᠃

    ᠭᠣᠵᠢᠺᠣᠧᠶ᠋ᠴᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠠᠷᠪᠠ ᠶᠢᠰᠦᠳᠦᠬᠡᠷ ᠶᠡᠬᠡ ᠬᠤᠷᠠᠯ ᠤᠨ ᠠᠮᠵᠢᠯᠳᠠ ᠲᠠᠢ ᠬᠤᠷᠠᠯᠳᠤᠭᠰᠠᠨ ᠳ᠋ᠥ ᠪᠠᠶᠠᠷ ᠬᠦᠷᠭᠡᠵᠦ᠂ ᠳᠤᠮᠳᠠᠳᠤ ᠤᠯᠤᠰ ᠤᠨ ᠣᠯᠣᠭᠰᠠᠨ ᠬᠥᠭᠵᠢᠯᠲᠡ ᠶ᠋ᠢᠨ ᠦᠷ᠎ᠡ ᠪᠦᠲᠦᠭᠡᠯ ᠳ᠋ᠥ ᠴᠢᠩ ᠰᠡᠳᠬᠢᠯ ᠡᠴᠡ ᠪᠡᠨ ᠪᠠᠶᠠᠷᠯᠠᠵᠤ ᠪᠠᠶᠢᠬᠤ ᠪᠠᠨ ᠢᠯᠡᠷᠬᠡᠶᠢᠯᠡᠨ ᠰᠧᠷᠪᠢᠶ᠎ᠠ ᠶ᠋ᠢᠨ ᠢᠷᠭᠡᠨ ‍ᠥ ᠤᠯᠤᠰ ᠤᠨ ᠬᠤᠷᠠᠯ ᠰᠧᠷᠪᠢᠶ᠎ᠠ ᠳᠤᠮᠳᠠᠳᠤ ᠶ᠋ᠢᠨ ᠨᠥᠬᠥᠷᠯᠡᠯ ‍ᠢ ᠤᠯᠠᠮᠵᠢᠯᠠᠬᠤ ᠳ᠋ᠤ ᠨᠡᠩ ᠣᠯᠠᠨ ᠠᠵᠢᠯ ᠬᠢᠬᠦ ᠳᠤᠷᠠᠲᠠᠢ ᠪᠠᠶᠢᠨ᠎ᠠ ᠭᠡᠵᠡᠢ᠃

ᠢᠷᠡᠯᠳᠡ᠄ ᠰᠢᠨᠬᠤᠧᠠ ᠬᠤᠷᠢᠶ᠎ᠠ ᠪᠡᠯᠡᠳᠭᠡᠭ᠍ᠰᠡᠨ ᠨᠢ᠄ ᠪᠣᠯᠣᠷᠴᠡᠴᠡᠭ᠌

ᠨᠡᠶᠢᠬᠡᠮ ᠠᠬᠤᠢ

ᠰᠣᠶᠤᠯ ᠤᠷᠠᠯᠢᠭ

  • ᠶᠤᠸᠠᠨ ᠤ ᠲᠡᠭᠡᠲᠤ ᠨᠡᠶᠢᠰᠯᠡᠯ ᠳᠤ ᠪᠤᠯᠤᠭᠰᠠᠨ ᠴᠠᠭᠠᠨ ᠢᠳᠡᠭᠡᠨ ᠤ ᠰᠤᠶᠤᠯ ᠤᠨ ᠨᠠᠶᠢᠷ
  • 26 ᠳ᠋ᠤᠭᠠᠷ ᠬᠤᠭᠤᠴᠠᠭᠠᠨ ᠤ ᠠᠯᠳᠠᠨ ᠳᠠᠬᠢᠶ᠎ᠠ ᠴᠡᠴᠡᠬᠡᠰ ᠺᠢᠨᠣ᠋ ᠶᠢᠨ ᠨᠠᠶᠢᠷ ᠬᠦᠬᠡᠬᠤᠳᠠ ᠳᠤ ᠨᠡᠬᠡᠬᠡᠯᠳᠡ ᠪᠡᠨ ᠬᠢᠪᠡ
  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
关闭
010070230030000000000000011120701122025224