蒙古文网站Logo
ᠰᠢᠨᠬᠤᠸᠠ ᠮᠤᠩᠭ᠋ᠤᠯ ᠨᠧᠲ

ᠵᠠᠩ ᠳ᠋ᠧ ᠵᠢᠶᠠᠩ ᠰᠧᠷᠪᠢᠶ᠎ᠠ ᠶ᠋ᠢᠨ ᠤᠯᠤᠰ ᠤᠨ ᠬᠤᠷᠠᠯ ᠤᠨ ᠳᠠᠷᠤᠭ᠎ᠠ ᠲᠠᠢ ᠬᠡᠯᠡᠯᠴᠡᠭᠡ ᠬᠢᠪᠡ

2017-11-28 17:40

    ᠰᠢᠨᠬᠤᠧᠠ ᠬᠤᠷᠢᠶ᠎ᠠ   ᠪᠡᠭᠡᠵᠢᠩ ᠤᠨ 11 ᠰᠠᠷ᠎ᠠ ᠶᠢᠨ 27 ᠤ ᠡᠳᠦᠷ ᠤᠨ ᠴᠠᠬᠢᠯᠭᠠᠨ ᠮᠡᠳᠡᠭᠡ (ᠰᠤᠷᠪᠤᠯᠵᠢᠯᠠᠭᠴᠢ ᠲᠠᠨ ᠵᠢᠩ ᠵᠢᠩ) ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠦᠨ ᠶᠡᠬᠡ ᠬᠤᠷᠠᠯ ᠤᠨ ᠪᠠᠶᠢᠩᠭᠤ ᠶᠢᠨ ᠬᠣᠷᠢᠶᠠᠨ ᠤ ᠳᠠᠷᠤᠭ᠎ᠠ ᠵᠠᠩ ᠳ᠋ᠧ ᠵᠢᠶᠠᠩ 27 ᠤ ᠦᠳᠡ ᠶᠢᠨ ᠬᠣᠶᠢᠨ᠎ᠠ ᠠᠷᠠᠳ ᠤᠨ ᠶᠡᠬᠡ ᠬᠤᠷᠠᠯ ᠤᠨ ᠲᠠᠩᠬᠢᠮ ᠳ᠋ᠤ ᠰᠧᠷᠪᠢᠶ᠎ᠠ ᠶᠢᠨ ᠤᠯᠤᠰ ᠤᠨ ᠬᠤᠷᠠᠯ ᠤᠨ ᠳᠠᠷᠤᠭ᠎ᠠ ᠭᠣᠵᠢᠺᠣᠧᠶ᠋ᠴᠢ ᠲᠠᠢ ᠬᠡᠯᠡᠯᠴᠡᠭᠡ ᠬᠢᠭᠰᠡᠨ ᠪᠠᠶᠢᠨ᠎ᠠ᠃

    ᠵᠠᠩ ᠳ᠋ᠧ ᠵᠢᠶᠠᠩ᠂ ᠳᠤᠮᠳᠠᠳᠤ ᠶᠢᠨ ᠲᠠᠯ᠎ᠠ ᠰᠧᠷᠪᠢᠶ᠎ᠠ ᠶᠢᠨ ᠲᠠᠯ᠎ᠠ ᠲᠠᠢ ᠬᠠᠮᠲᠤ ᠪᠠᠷ ᠭᠦᠨ ᠵᠤᠵᠠᠭᠠᠨ ᠤᠯᠠᠮᠵᠢᠯᠠᠯᠲᠤ ᠨᠥᠬᠥᠷᠯᠡᠯ ᠢᠶᠠᠨ ᠬᠠᠮᠲᠤ ᠶᠢᠨ ᠬᠥᠭᠵᠢᠯᠲᠡ ᠶᠢᠨ ᠬᠥᠳᠡᠯᠭᠡᠭᠴᠢ ᠬᠦᠴᠦᠨ ᠪᠣᠯᠭᠠᠨ ᠬᠤᠪᠢᠷᠠᠭᠤᠯᠵᠤ᠂ ᠬᠣᠶᠠᠷ ᠤᠯᠤᠰ ᠤᠨ ᠲᠡᠷᠢᠭᠦᠨ ᠤ ᠲᠣᠬᠢᠷᠠᠯᠴᠠᠭᠰᠠᠨ ᠴᠢᠬᠤᠯᠠ ᠬᠠᠮᠲᠤ ᠶᠢᠨ ᠲᠠᠨᠢᠯᠲᠠ ᠶᠢ ᠨᠠᠶᠢᠳᠠᠪᠤᠷᠢᠵᠢᠭᠤᠯᠤᠨ᠂ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢ ᠨᠢᠭᠲᠠ ᠠᠪᠴᠠᠯᠳᠤᠭᠤᠯᠵᠤ᠂ ᠡᠯ᠎ᠡ ᠴᠡᠷ᠎ᠠ ᠬᠦᠷᠢᠶᠡᠨ ᠳ᠋ᠡᠬᠢ ᠬᠠᠷᠢᠯᠴᠠᠨ ᠠᠰᠢᠭᠲᠠᠢ ᠬᠠᠮᠲᠤ ᠶᠢᠨ ᠠᠵᠢᠯᠯᠠᠭ᠎ᠠ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠦᠨ᠂ ᠳᠤᠮᠳᠠᠳᠤ ᠰᠧᠷᠪᠢᠶ᠎ᠠ ᠶᠢᠨ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠴᠢᠷᠮᠠᠶᠢᠨ ᠪᠣᠢ ᠪᠣᠯᠭᠠᠵᠤ᠂ ᠬᠣᠶᠠᠷ ᠤᠯᠤᠰ ᠪᠣᠯᠣᠨ ᠬᠣᠶᠠᠷ ᠤᠯᠤᠰ ᠤᠨ ᠠᠷᠠᠳ ᠲᠦᠮᠡᠨ ᠳ᠋ᠦ ᠨᠡᠩ ᠶᠡᠬᠡ ᠪᠤᠶᠠᠨ ᠵᠢᠷᠭᠠᠯ ᠡᠳ᠋ᠯᠡᠭᠦᠯᠬᠦ ᠳᠤᠷᠠᠲᠠᠢ ᠪᠠᠶᠢᠨ᠎ᠠ᠃ ᠳᠤᠮᠳᠠᠳᠤ ᠤᠯᠤᠰ ᠪᠣᠯᠣᠨ ᠳᠤᠮᠳᠠ ᠵᠡᠭᠦᠨ ᠡᠸᠦ᠋ᠷᠦᠫᠡ ᠶᠢᠨ ᠤᠯᠤᠰ ᠣᠷᠣᠨ ᠨᠣᠭᠣᠳ ᠤᠨ ᠬᠠᠮᠲᠤ ᠶᠢᠨ ᠠᠵᠢᠯᠯᠠᠭ᠎ᠠ ᠳ᠋ᠤ ᠢᠳᠡᠪᠬᠢᠲᠡᠢ ᠣᠷᠣᠯᠴᠠᠭᠰᠠᠨ ᠤ ᠬᠠᠮᠲᠤ ᠢᠮᠠᠭᠲᠠ ᠲ᠋ᠡᠮᠵᠢᠭᠰᠡᠭᠡᠷ ᠢᠷᠡᠭᠰᠡᠨ ᠰᠧᠷᠪᠢᠶ᠎ᠠ ᠶᠢ ᠳᠤᠮᠳᠠᠳᠤ ᠶᠢᠨ ᠲᠠᠯ᠎ᠠ ᠮᠠᠭᠲᠠᠨ ᠰᠠᠶᠢᠰᠢᠶᠠᠵᠤ ᠪᠠᠶᠢᠬᠤ ᠪᠥᠭᠡᠳ ᠰᠧᠷᠪᠢᠶ᠎ᠠ ᠶᠢᠨ ᠲᠠᠯ᠎ᠠ ᠵᠡᠷᠭᠡ ᠳᠤᠮᠳᠠ ᠵᠡᠭᠦᠨ ᠡᠸᠦ᠋ᠷᠦᠫᠡ ᠶᠢᠨ ᠤᠯᠤᠰ ᠣᠷᠣᠨ ᠲᠠᠢ ᠪᠠᠶᠢᠬᠤ ᠬᠠᠮᠲᠤ ᠶᠢᠨ ᠠᠵᠢᠯᠯᠠᠭ᠎ᠠ ᠪᠠᠨ ᠠᠬᠢᠭᠤᠯᠵᠤ᠂ ᠲᠠᠰᠤᠷᠠᠯᠲᠠ ᠦᠭᠡᠢ ᠦᠷ᠎ᠡ ᠪᠦᠲᠦᠮᠵᠢ ᠳ᠋ᠦ ᠬᠦᠷᠭᠡᠬᠦ ᠳᠤᠷᠠᠲᠠᠢ ᠪᠠᠶᠢᠨ᠎ᠠ ᠭᠡᠵᠡᠢ᠃

    ᠵᠠᠩ ᠳ᠋ᠧ ᠵᠢᠶᠠᠩ᠂ ᠥᠨᠥᠳᠥᠷ ᠪᠢᠳᠠ ᠬᠣᠶᠠᠷ ᠤᠯᠤᠰ ᠤᠨ ᠬᠠᠤᠯᠢ ᠲᠣᠭᠲᠠᠭᠠᠬᠤ ᠪᠠᠶᠢᠭᠤᠯᠤᠮᠵᠢ ᠶᠢᠨ ᠬᠠᠮᠲᠤᠷᠠᠨ ᠠᠵᠢᠯᠯᠠᠬᠤ ᠺᠣᠮᠢᠰ ᠤᠨ ᠵᠥᠪᠯᠡᠨ ᠲᠣᠭᠲᠠᠭᠰᠠᠨ ᠪᠢᠴᠢᠭ ᠲᠦ ᠭᠠᠷ ᠤᠨ ᠦᠰᠦᠭ ᠵᠢᠷᠤᠭᠰᠠᠨ ᠶᠤᠮ᠂ ᠡᠨᠡ ᠨᠢ ᠬᠣᠶᠠᠷ ᠤᠯᠤᠰ ᠤᠨ ᠰᠣᠯᠢᠯᠴᠠᠭ᠎ᠠ ᠪᠣᠯᠣᠨ ᠬᠠᠮᠲᠤ ᠶᠢᠨ ᠠᠵᠢᠯᠯᠠᠭ᠎ᠠ ᠰᠢᠨ᠎ᠡ ᠲᠦᠪᠰᠢᠨ ᠳ᠋ᠦ ᠬᠦᠷᠴᠦ᠂ ᠳᠤᠮᠳᠠᠳᠤ ᠰᠧᠷᠪᠢᠶ᠎ᠠ ᠶᠢᠨ ᠰᠢᠨ᠎ᠡ ᠴᠠᠭ ᠦᠶ᠎ᠡ ᠶᠢᠨ ᠬᠠᠤᠯᠢ ᠲᠣᠭᠲᠠᠭᠠᠬᠤ ᠪᠠᠶᠢᠭᠤᠯᠤᠮᠵᠢ ᠶᠢᠨ ᠰᠣᠯᠢᠯᠴᠠᠭ᠎ᠠ ᠶᠢ ᠴᠢᠩᠭᠠᠳᠬᠠᠬᠤ ᠳ᠋ᠤ ᠴᠢᠬᠤᠯᠠ ᠦᠢᠯᠡᠳᠦᠯ ᠦᠵᠡᠭᠦᠯᠬᠦ ᠨᠢ ᠳᠠᠮᠵᠢᠭ ᠦᠭᠡᠢ ᠶᠤᠮ ᠭᠡᠵᠡᠢ᠃

    ᠭᠣᠵᠢᠺᠣᠧᠶ᠋ᠴᠢ᠂ ᠰᠧᠷᠪᠢᠶ᠎ᠠ ᠶᠢᠨ ᠤᠯᠤᠰ ᠤᠨ ᠬᠤᠷᠠᠯ ᠤᠨ ᠬᠢᠨ ᠡᠨᠡ ᠤᠳᠠᠭᠠᠨ ᠤ ᠠᠶᠢᠯᠴᠢᠯᠠᠯ ᠢᠶᠡᠷ ᠠᠵᠠ ᠲᠣᠬᠢᠶᠠᠯ ᠪᠣᠯᠭᠠᠵᠤ᠂ ᠬᠣᠶᠠᠷ ᠤᠯᠤᠰ ᠤᠨ ᠬᠠᠤᠯᠢ ᠲᠣᠭᠲᠠᠭᠠᠬᠤ ᠪᠠᠶᠢᠭᠤᠯᠤᠮᠵᠢ ᠶᠢᠨ ᠬᠠᠮᠲᠤᠷᠠᠨ ᠠᠵᠢᠯᠯᠠᠬᠤ ᠺᠣᠮᠢᠰ ᠤᠨ ᠦᠢᠯᠡᠳᠦᠯ ᠢ ᠭᠦᠢᠴᠡᠳ ᠪᠠᠳᠠᠷᠠᠭᠤᠯᠵᠤ᠂ ᠶᠠᠪᠤᠯᠴᠠᠭ᠎ᠠ ᠪᠠᠨ ᠴᠢᠩᠭᠠᠳᠬᠠᠨ᠂ ᠰᠧᠷᠪᠢᠶ᠎ᠠ ᠳᠤᠮᠳᠠᠳᠤ ᠶᠢᠨ ᠨᠥᠬᠥᠷᠯᠡᠯ ᠤᠨ ᠲᠥᠯᠥᠭᠡ ᠰᠢᠨ᠎ᠡ ᠴᠠᠭ ᠦᠶ᠎ᠡ ᠶᠢᠨ ᠬᠥᠭᠵᠢᠯᠲᠡ ᠳ᠋ᠦ ᠬᠤᠪᠢ ᠨᠡᠮᠡᠷᠢ ᠪᠡᠨ ᠦᠵᠡᠭᠦᠯᠬᠦ ᠳᠤᠷᠠᠲᠠᠢ ᠪᠠᠶᠢᠨ᠎ᠠ ᠭᠡᠵᠡᠢ᠃

    ᠵᠠᠩ ᠳ᠋ᠧ ᠵᠢᠶᠠᠩ ᠪᠣᠯᠣᠨ ᠭᠣᠵᠢᠺᠣᠧᠶ᠋ᠴᠢ ᠳᠤᠮᠳᠠᠳᠤ ᠤᠯᠤᠰ ᠤᠨ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠦᠨ ᠶᠡᠬᠡ ᠬᠤᠷᠠᠯ ᠪᠣᠯᠣᠨ ᠰᠧᠷᠪᠢᠶ᠎ᠠ ᠶᠢᠨ ᠤᠯᠤᠰ ᠤᠨ ᠬᠤᠷᠠᠯ ᠤᠨ ᠬᠠᠮᠲᠤᠷᠠᠨ ᠠᠵᠢᠯᠯᠠᠬᠤ ᠺᠣᠮᠢᠰ ᠢ ᠪᠠᠶᠢᠭᠤᠯᠬᠤ ᠲᠤᠬᠠᠢ ᠵᠥᠪᠯᠡᠨ ᠲᠣᠭᠲᠠᠭᠰᠠᠨ ᠪᠢᠴᠢᠭ᠌ ᠲᠤ ᠭᠠᠷ ᠤᠨ ᠦᠰᠦᠭ ᠵᠢᠷᠤᠬᠤ ᠶᠣᠰᠣᠯᠠᠯ ᠳ᠋ᠤ ᠬᠠᠮᠲᠤ ᠪᠠᠷ ᠣᠷᠣᠯᠴᠠᠭᠰᠠᠨ ᠪᠠᠶᠢᠨ᠎ᠠ᠃

ᠢᠷᠡᠯᠳᠡ᠄ ᠰᠢᠨᠬᠤᠧᠠ ᠬᠤᠷᠢᠶ᠎ᠠ ᠪᠡᠯᠡᠳᠭᠡᠭ᠍ᠰᠡᠨ ᠨᠢ᠄ ᠪᠣᠯᠣᠷᠴᠡᠴᠡᠭ᠌

ᠨᠡᠶᠢᠬᠡᠮ ᠠᠬᠤᠢ

ᠰᠣᠶᠤᠯ ᠤᠷᠠᠯᠢᠭ

  • ᠶᠤᠸᠠᠨ ᠤ ᠲᠡᠭᠡᠲᠤ ᠨᠡᠶᠢᠰᠯᠡᠯ ᠳᠤ ᠪᠤᠯᠤᠭᠰᠠᠨ ᠴᠠᠭᠠᠨ ᠢᠳᠡᠭᠡᠨ ᠤ ᠰᠤᠶᠤᠯ ᠤᠨ ᠨᠠᠶᠢᠷ
  • 26 ᠳ᠋ᠤᠭᠠᠷ ᠬᠤᠭᠤᠴᠠᠭᠠᠨ ᠤ ᠠᠯᠳᠠᠨ ᠳᠠᠬᠢᠶ᠎ᠠ ᠴᠡᠴᠡᠬᠡᠰ ᠺᠢᠨᠣ᠋ ᠶᠢᠨ ᠨᠠᠶᠢᠷ ᠬᠦᠬᠡᠬᠤᠳᠠ ᠳᠤ ᠨᠡᠬᠡᠬᠡᠯᠳᠡ ᠪᠡᠨ ᠬᠢᠪᠡ
  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
关闭
010070230030000000000000011120701122025229