蒙古文网站Logo
ᠰᠢᠨᠬᠤᠸᠠ ᠮᠤᠩᠭ᠋ᠤᠯ ᠨᠧᠲ

ᠯᠢ ᠺᠧ ᠴᠢᠶᠠᠩ 《16+1 ᠶᠢᠨ ᠬᠠᠮᠳᠤ ᠶᠢᠨ ᠠᠵᠢᠯᠯᠠᠭ᠎ᠠ》 ᠶᠢᠨ ᠳᠠᠪᠤᠨ ᠵᠢᠯ ᠤᠨ ᠤᠢ ᠶᠢᠨ ᠪᠠᠶᠠᠷ ᠲᠤ ᠤᠷᠤᠯᠴᠠᠵᠤ ᠦᠬᠡ ᠬᠡᠯᠡᠪᠡ

2017-11-29 15:31

    ᠰᠢᠨᠬᠤᠧᠠ ᠬᠤᠷᠢᠶ᠎ᠠ   ᠪᠡᠭᠡᠵᠢᠩ ᠤᠨ 11 ᠰᠠᠷ᠎ᠠ ᠶᠢᠨ 26 ᠤ ᠡᠳᠦᠷ ᠤᠨ ᠴᠠᠬᠢᠯᠭᠠᠨ ᠮᠡᠳᠡᠭᠡ (ᠰᠤᠷᠪᠤᠯᠵᠢᠯᠠᠭᠴᠢ ᠡᠦ ᠰᠢᠶᠠ᠂ ᠴᠧᠨ ᠡᠯ ᠡᠾᠧᠤ) ᠳᠤᠬᠠᠢ ᠶᠢᠨ ᠤᠷᠤᠨ ᠤ ᠴᠠᠭ ᠢᠶᠡᠷ 11 ᠰᠠᠷ᠎ᠠ ᠶᠢᠨ 27 ᠤ ᠤᠷᠤᠢ᠂ ᠳᠦᠷᠦ ᠶᠢᠨ ᠶᠠᠪᠤᠳᠠᠯ ᠤᠨ ᠬᠤᠷᠢᠶᠠᠨ ᠤ ᠶᠡᠷᠦᠩᠬᠡᠢ ᠰᠠᠶᠢᠳ ᠯᠢ ᠺᠧ ᠴᠢᠶᠠᠩ ᠳᠤᠮᠳᠠ ᠵᠡᠬᠦᠨ ᠡᠧᠦ᠋ᠷᠦᠫᠠ ᠶᠢᠨ 16 ᠤᠯᠤᠰ ᠤᠨ ᠤᠳᠤᠷᠢᠳᠬᠤ ᠬᠦᠮᠦᠰ ᠤᠨ ᠬᠠᠮᠳᠤ ᠪᠦᠳᠠᠫᠧᠰᠲ ᠲᠤ《16+1 ᠶᠢᠨ ᠬᠠᠮᠳᠤ ᠶᠢᠨ ᠠᠵᠢᠯᠯᠠᠭ᠎ᠠ》 ᠶᠢᠨ ᠳᠠᠪᠤᠨ ᠵᠢᠯ ᠤᠨ ᠤᠢ ᠶᠢᠨ ᠪᠠᠶᠠᠷ ᠲᠤ ᠤᠷᠤᠯᠴᠠᠵᠤ ᠦᠬᠡ ᠬᠡᠯᠡᠪᠡ᠃

    ᠯᠢ ᠺᠧ ᠴᠢᠶᠠᠩ᠂ ᠳᠠᠪᠤᠨ ᠵᠢᠯ ᠤᠨ ᠳᠤᠷᠰᠢ《16+1 ᠶᠢᠨ ᠬᠠᠮᠳᠤ ᠶᠢᠨ ᠠᠵᠢᠯᠯᠠᠭ᠎ᠠ》ᠴᠤᠪᠤᠷᠠᠯ ᠠᠮᠵᠢᠯᠳᠠ ᠳᠤ ᠬᠦᠷᠴᠤ᠂ ᠨᠡᠩ ᠬᠦᠴᠦᠷᠬᠡᠭ ᠠᠮᠢᠵᠢᠷᠠᠯ ᠤᠨ ᠬᠦᠴᠦᠨ ᠢ ᠪᠠᠳᠠᠷᠠᠭᠤᠯᠵᠤ ᠴᠢᠳᠠᠭᠰᠠᠨ᠃ ᠮᠠᠨ ᠤ ᠬᠠᠮᠳᠤ ᠶᠢᠨ ᠠᠵᠢᠯᠯᠠᠭ᠎ᠠ ᠬᠠᠷᠢᠯᠴᠠᠨ ᠬᠦᠨᠳᠦᠳᠬᠡᠵᠤ ᠡᠷᠬᠡ ᠳᠡᠭᠰᠢ ᠬᠠᠷᠢᠯᠴᠠᠭᠰᠠᠨ ᠰᠠᠭᠤᠷᠢᠨ ᠳᠤ ᠳᠤᠮᠳᠠᠳᠤ ᠤᠯᠤᠰ ᠬᠢᠬᠡᠳ ᠳᠤᠮᠳᠠ ᠵᠡᠬᠦᠨ ᠡᠧᠦ᠋ᠷᠦᠫᠠ ᠶᠢᠨ ᠤᠯᠤᠰ ᠤᠳ ᠤᠨ ᠬᠠᠮᠳᠤ ᠶᠢᠨ ᠬᠦᠭᠵᠢᠯᠳᠡ ᠶᠢ ᠡᠷᠢᠯᠬᠢᠯᠡᠭᠰᠡᠨ᠂ ᠮᠦᠨ ᠳᠤᠰ ᠤᠯᠤᠰ ᠤᠨ ᠪᠤᠯᠤᠨ ᠪᠦᠰᠡ ᠨᠤᠳᠤᠭ ᠤᠨ ᠢᠷᠬᠡᠳ ᠤᠨ ᠠᠵᠠ ᠵᠢᠷᠭᠠᠯ ᠳᠤ ᠦᠨᠳᠦᠰᠦᠯᠡᠭᠰᠡᠨ ᠶᠤᠮ᠃ ᠮᠠᠨ ᠤ ᠬᠠᠮᠳᠤᠪᠠᠷ ᠳᠦᠯᠦᠪᠯᠡᠵᠤ ᠪᠠᠶᠢᠭ᠎ᠠ ᠢᠷᠡᠬᠡᠳᠦᠢ ᠶᠢᠨ ᠰᠠᠶᠢᠨ ᠰᠠᠶᠢᠬᠠᠨ ᠪᠤᠯ ᠶᠠᠭ ᠤᠳᠤ ᠬᠡᠷᠡᠭᠵᠢᠬᠦᠯᠵᠤ ᠪᠤᠢ ᠤᠯᠠᠨ ᠰᠠᠯᠪᠤᠷᠢ ᠳ᠋ᠡᠬᠢ ᠬᠠᠮᠳᠤ ᠶᠢᠨ ᠠᠵᠢᠯᠯᠠᠭᠠᠨ ᠤ ᠤᠯᠪᠠᠰᠤ ᠵᠤᠬᠢᠬᠤ ᠠᠮᠵᠢᠯᠳᠠ ᠪᠦᠳᠦᠮᠵᠢ ᠪᠤᠯᠤᠨ᠎ᠠ᠃ ᠳᠤᠮᠳᠠᠳᠤ ᠤᠯᠤᠰ - ᠳᠤᠮᠳᠠ ᠵᠡᠬᠦᠨ ᠡᠧᠦ᠋ᠷᠦᠫᠠ ᠶᠢᠨ ᠤᠯᠤᠰ ᠤᠳ ᠤᠨ ᠬᠠᠮᠳᠤ ᠶᠢᠨ ᠠᠵᠢᠯᠯᠠᠭ᠎ᠠ ᠬᠢᠬᠡᠳ ᠨᠦᠬᠦᠷᠯᠡᠯ ᠮᠦᠩᠬᠡᠷᠡᠳᠦᠬᠡᠢ ᠬᠡᠮᠡᠨ ᠬᠦᠰᠡᠵᠤ ᠪᠠᠶᠢᠨ᠎ᠠ ᠬᠡᠵᠡᠢ᠃

ᠢᠷᠡᠯᠳᠡ᠄ ᠰᠢᠨᠬᠤᠧᠠ ᠬᠤᠷᠢᠶ᠎ᠠ ᠪᠡᠯᠡᠳᠭᠡᠭ᠍ᠰᠡᠨ ᠨᠢ᠄ ᠪᠣᠯᠣᠷᠴᠡᠴᠡᠭ᠌

ᠨᠡᠶᠢᠬᠡᠮ ᠠᠬᠤᠢ

ᠰᠣᠶᠤᠯ ᠤᠷᠠᠯᠢᠭ

  • ᠶᠤᠸᠠᠨ ᠤ ᠲᠡᠭᠡᠲᠤ ᠨᠡᠶᠢᠰᠯᠡᠯ ᠳᠤ ᠪᠤᠯᠤᠭᠰᠠᠨ ᠴᠠᠭᠠᠨ ᠢᠳᠡᠭᠡᠨ ᠤ ᠰᠤᠶᠤᠯ ᠤᠨ ᠨᠠᠶᠢᠷ
  • 26 ᠳ᠋ᠤᠭᠠᠷ ᠬᠤᠭᠤᠴᠠᠭᠠᠨ ᠤ ᠠᠯᠳᠠᠨ ᠳᠠᠬᠢᠶ᠎ᠠ ᠴᠡᠴᠡᠬᠡᠰ ᠺᠢᠨᠣ᠋ ᠶᠢᠨ ᠨᠠᠶᠢᠷ ᠬᠦᠬᠡᠬᠤᠳᠠ ᠳᠤ ᠨᠡᠬᠡᠬᠡᠯᠳᠡ ᠪᠡᠨ ᠬᠢᠪᠡ
  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
关闭
010070230030000000000000011120701122030590