蒙古文网站Logo
ᠰᠢᠨᠬᠤᠸᠠ ᠮᠤᠩᠭ᠋ᠤᠯ ᠨᠧᠲ

ᠰᠢ ᠶᠢᠨ ᠫᠢᠩ《ᠫᠠᠯᠧᠰᠲ᠋ᠠᠶᠢᠨ ᠤ ᠠᠷᠠᠳ ᠲᠦᠮᠡᠨ ᠢ ᠲᠡᠮᠵᠢᠬᠦ ᠲᠡᠯᠡᠬᠡᠢ ᠶᠢᠨ ᠡᠳᠦᠷ》 ᠢ ᠲᠤᠷᠠᠰᠬᠠᠬᠤ ᠶᠡᠭᠡ ᠬᠤᠷᠠᠯ ᠳᠤ ᠪᠠᠶᠠᠷ ᠤᠨ ᠵᠠᠬᠢᠶ᠎ᠠ ᠢᠯᠡᠭᠡᠪᠡ

2017-11-30 15:18

    ᠰᠢᠨᠬᠤᠧᠠ ᠬᠤᠷᠢᠶ᠎ᠠ   ᠪᠡᠭᠡᠵᠢᠩ ᠤᠨ 11 ᠰᠠᠷ᠎ᠠ ᠶᠢᠨ 30 ᠤ ᠡᠳᠦᠷ ᠤᠨ ᠴᠠᠬᠢᠯᠭᠠᠨ ᠮᠡᠳᠡᠭᠡ   11 ᠰᠠᠷ᠎ᠠ ᠶᠢᠨ 29 ᠤ ᠡᠳᠦᠷ᠂ ᠨᠢᠬᠡᠳᠦᠭᠰᠡᠨ ᠦᠨᠳᠦᠰᠦᠨ ᠤ ᠪᠠᠶᠢᠭᠤᠯᠤᠯᠭ᠎ᠠ《ᠫᠠᠯᠧᠰᠲ᠋ᠠᠶᠢᠨ ᠤ ᠠᠷᠠᠳ ᠲᠦᠮᠡᠨ ᠢ ᠲᠡᠮᠵᠢᠬᠦ ᠲᠡᠯᠡᠬᠡᠢ ᠶᠢᠨ ᠡᠳᠦᠷ》 ᠢ ᠲᠤᠷᠠᠰᠬᠠᠬᠤ ᠶᠡᠭᠡ ᠬᠤᠷᠠᠯ ᠬᠤᠷᠠᠯᠳᠤᠭᠤᠯᠵᠦ᠂ ᠤᠯᠤᠰ ᠤᠨ ᠲᠡᠷᠢᠬᠦᠯᠡᠭᠴᠢ ᠰᠢ ᠶᠢᠨ ᠫᠢᠩ ᠶᠡᠭᠡ ᠬᠤᠷᠠᠯ ᠳᠤ ᠪᠠᠶᠠᠷ ᠤᠨ ᠵᠠᠬᠢᠶ᠎ᠠ ᠢᠯᠡᠭᠡᠪᠡ᠃

    ᠰᠢ ᠶᠢᠨ ᠫᠢᠩ ᠪᠠᠶᠠᠷ ᠤᠨ ᠵᠠᠬᠢᠶᠠᠨ ᠳᠤ ᠪᠡᠨ᠂ ᠫᠠᠯᠧᠰᠲ᠋ᠠᠶᠢᠨ ᠤ ᠠᠰᠠᠭᠤᠳᠠᠯ ᠪᠤᠯ ᠲᠤᠮᠳᠠᠳᠤ ᠲᠤᠷᠤᠨᠠᠳᠤ ᠶᠢᠨ ᠠᠰᠠᠭᠤᠳᠠᠯ ᠤᠨ ᠦᠨᠳᠦᠰᠦ ᠰᠤᠷᠪᠤᠯᠵᠢ ᠶᠢᠨ ᠠᠰᠠᠭᠤᠳᠠᠯ ᠮᠦᠨ ᠪᠦᠭᠡᠳ ᠫᠠᠯᠧᠰᠲ᠋ᠠᠶᠢᠨ ᠵᠡᠷᠭᠡ ᠲᠤᠮᠳᠠᠳᠤ ᠲᠤᠷᠤᠨᠠᠳᠤ ᠶᠢᠨ ᠡᠯ᠎ᠡ ᠤᠯᠤᠰ ᠢ ᠦᠨᠢ ᠤᠳᠠᠭᠠᠨ ᠠᠶᠤᠯᠬᠦᠢ ᠪᠠᠶᠢᠯᠭᠠᠬᠤ ᠪᠠ ᠴᠡᠴᠡᠭᠯᠡᠨ ᠬᠦᠭᠵᠢᠬᠦ ᠲᠠᠢ ᠬᠤᠯᠪᠤᠭᠳᠠᠬᠤ ᠠᠰᠠᠭᠤᠳᠠᠯ ᠪᠤᠯᠤᠨ᠎ᠠ᠃ ᠫᠠᠯᠧᠰᠲ᠋ᠠᠶᠢᠨ ᠤ ᠠᠰᠠᠭᠤᠳᠠᠯ ᠢ ᠪᠦᠬᠦ ᠲᠠᠯ᠎ᠠ ᠪᠠᠷ ᠲᠦᠪ ᠭᠤᠤᠯᠴᠢ ᠪᠠᠷ ᠰᠢᠢᠳᠪᠦᠷᠢᠯᠡᠬᠦ ᠶᠢ ᠡᠷᠳᠡ ᠨᠢᠭᠡᠨ ᠡᠳᠦᠷ ᠪᠡᠶᠡᠯᠡᠬᠦᠯᠬᠦ ᠪᠤᠯ᠂ ᠫᠠᠯᠧᠰᠲ᠋ᠠᠶᠢᠨ ᠵᠡᠷᠭᠡ ᠭᠠᠵᠠᠷ ᠤᠷᠤᠨ ᠤ ᠡᠯ᠎ᠡ ᠤᠯᠤᠰ ᠤᠨ ᠠᠷᠠᠳ ᠲᠦᠮᠡᠨ ᠤ ᠠᠰᠢᠭ ᠲᠤᠰᠠ ᠲᠠᠢ ᠨᠡᠶᠢᠴᠡᠵᠦ᠂ ᠲᠡᠯᠡᠬᠡᠢ ᠶᠢᠨ ᠡᠩᠬᠡ ᠲᠠᠶᠢᠪᠤᠩ ᠪᠤᠯᠤᠨ ᠲᠤᠭᠳᠠᠭᠤᠨ ᠢ ᠠᠬᠢᠭᠤᠯᠬᠤ ᠳᠤ ᠠᠰᠢᠬᠳᠠᠢ ᠬᠡᠵᠡᠢ᠃

    ᠰᠢ ᠶᠢᠨ ᠫᠢᠩ᠂ ᠲᠤᠮᠳᠠᠳᠤ ᠤᠯᠤᠰ ᠪᠤᠯ ᠫᠠᠯᠧᠰᠲ᠋ᠠᠶᠢᠨ ᠢᠰᠷᠧᠯ ᠤᠨ ᠡᠩᠭᠡ ᠲᠠᠶᠢᠪᠤᠩ ᠤᠨ ᠡᠷᠡᠰ ᠪᠠᠳᠤ ᠲᠡᠮᠵᠢᠭᠴᠢ ᠶᠤᠮ᠂ ᠡᠨᠡ ᠵᠢᠯ ᠤᠨ 7 ᠰᠠᠷ᠎ᠠ ᠳᠤ ᠲᠤᠮᠳᠠᠳᠤ ᠶᠢᠨ ᠲᠠᠯ᠎ᠠ ᠶᠢᠨ ᠬᠢᠨ ᠫᠠᠯᠧᠰᠲ᠋ᠠᠶᠢᠨ ᠢᠰᠷᠧᠯ ᠤᠨ ᠠᠰᠠᠭᠤᠳᠠᠯ ᠢ ᠰᠢᠢᠳᠪᠦᠷᠢᠯᠡᠬᠦ ᠶᠢ ᠲᠦᠯᠬᠢᠨ ᠠᠬᠢᠭᠤᠯᠬᠤ ᠲᠦᠷᠪᠡᠨ ᠵᠤᠷᠢᠯᠳᠠ ᠶᠢ ᠲᠤᠷᠠᠳᠤᠨ ᠭᠠᠷᠭᠠᠭᠰᠠᠨ ᠤ ᠵᠤᠷᠢᠯᠭ᠎ᠠ ᠨᠢ ᠫᠠᠯᠧᠰᠲ᠋ᠠᠶᠢᠨ ᠢᠰᠷᠧᠯ ᠤᠨ ᠬᠤᠶᠠᠷ ᠲᠠᠯ᠎ᠠ ᠪᠠᠷ ᠢᠶᠠᠨ ᠬᠠᠷᠢᠯᠴᠠᠨ ᠢᠳᠡᠭᠡᠯᠴᠡᠯ ᠢᠶᠠᠨ ᠲᠠᠬᠢᠨ ᠪᠠᠶᠢᠭᠤᠯᠵᠦ᠂ ᠡᠷᠳᠡ ᠨᠢᠭᠡᠨ ᠡᠳᠦᠷ ᠨᠠᠶᠢᠷᠠᠮᠳᠠᠯ ᠤᠨ ᠭᠡᠯᠡᠯᠴᠡᠭᠡᠷ ᠢ ᠲᠡᠮᠡᠴᠡᠨ ᠤᠯᠬᠤ ᠶᠢ ᠠᠬᠢᠭᠤᠯᠬᠤ ᠶᠢᠨ ᠲᠦᠯᠦᠭᠡ ᠶᠤᠮ᠃ ᠲᠤᠮᠳᠠᠳᠤ ᠤᠯᠤᠰ ᠤᠯᠠᠨ ᠤᠯᠤᠰ ᠤᠨ ᠬᠤᠯᠪᠤᠭᠠᠳᠤ ᠪᠠᠶᠢᠭᠤᠯᠤᠯᠭ᠎ᠠ ᠶᠢᠨ ᠠᠶᠤᠯ ᠦᠭᠡᠢ ᠶᠢᠨ ᠵᠦᠪᠯᠡᠯ ᠤᠨ ᠪᠠᠶᠢᠩᠭᠤ ᠶᠢᠨ ᠭᠡᠷᠡᠭ ᠡᠷᠬᠢᠯᠡᠬᠦ ᠤᠯᠤᠰ ᠪᠠ ᠬᠠᠷᠢᠭᠤᠴᠠᠯᠭ᠎ᠠ ᠲᠠᠢ ᠲᠤᠮᠤ ᠤᠯᠤᠰ ᠪᠤᠯᠤᠭᠰᠠᠨ ᠤ ᠬᠤᠪᠢ ᠳᠤ᠂ ᠲᠤᠷᠠᠳᠠᠶ᠎ᠠ ᠲᠡᠯᠡᠬᠡᠢ ᠨᠡᠶᠢᠭᠡᠮ ᠲᠠᠢ ᠬᠠᠮᠳᠤᠪᠠᠷ ᠡᠷᠳᠡ ᠨᠢᠭᠡᠨ ᠡᠳᠦᠷ ᠲᠤᠮᠳᠠᠳᠤ ᠲᠤᠷᠤᠨᠠᠳᠤ ᠶᠢᠨ ᠪᠦᠬᠦ ᠲᠠᠯ᠎ᠠ ᠪᠠᠷ᠂ ᠲᠦᠪ ᠭᠤᠤᠯᠴᠢ᠂ ᠦᠨᠢ ᠤᠳᠠᠭᠠᠨ ᠤ ᠡᠩᠭᠡ ᠲᠠᠶᠢᠪᠤᠩ ᠢ ᠪᠡᠶᠡᠯᠡᠬᠦᠯᠬᠦ ᠪᠠᠷ ᠦᠷᠬᠦᠯᠵᠢᠯᠡᠨ ᠴᠦᠬᠦᠷᠡᠰᠢ ᠦᠭᠡᠢ ᠴᠢᠷᠮᠠᠶᠢᠨ᠎ᠠ ᠭᠡᠵᠦ ᠵᠢᠭᠠᠵᠦ ᠭᠠᠷᠭᠠᠪᠠ᠃

ᠢᠷᠡᠯᠳᠡ᠄ ᠰᠢᠨᠬᠤᠧᠠ ᠬᠤᠷᠢᠶ᠎ᠠ ᠪᠡᠯᠡᠳᠭᠡᠭ᠍ᠰᠡᠨ ᠨᠢ᠄ ᠪᠣᠯᠣᠷᠴᠡᠴᠡᠭ᠌

ᠨᠡᠶᠢᠬᠡᠮ ᠠᠬᠤᠢ

ᠰᠣᠶᠤᠯ ᠤᠷᠠᠯᠢᠭ

  • ᠶᠤᠸᠠᠨ ᠤ ᠲᠡᠭᠡᠲᠤ ᠨᠡᠶᠢᠰᠯᠡᠯ ᠳᠤ ᠪᠤᠯᠤᠭᠰᠠᠨ ᠴᠠᠭᠠᠨ ᠢᠳᠡᠭᠡᠨ ᠤ ᠰᠤᠶᠤᠯ ᠤᠨ ᠨᠠᠶᠢᠷ
  • 26 ᠳ᠋ᠤᠭᠠᠷ ᠬᠤᠭᠤᠴᠠᠭᠠᠨ ᠤ ᠠᠯᠳᠠᠨ ᠳᠠᠬᠢᠶ᠎ᠠ ᠴᠡᠴᠡᠬᠡᠰ ᠺᠢᠨᠣ᠋ ᠶᠢᠨ ᠨᠠᠶᠢᠷ ᠬᠦᠬᠡᠬᠤᠳᠠ ᠳᠤ ᠨᠡᠬᠡᠬᠡᠯᠳᠡ ᠪᠡᠨ ᠬᠢᠪᠡ
  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
关闭
010070230030000000000000011120701122036913