ᠰᠢ ᠶᠢᠨ ᠫᠢᠩ ᠠᠮᠧᠷᠢᠺᠠ ᠶᠢᠨ ᠤᠤᠯ ᠤᠨ ᠶᠡᠷᠦᠩᠬᠡᠶᠢᠯᠡᠭᠴᠢ ᠤᠪᠠᠮᠠ ᠲᠠᠢ ᠠᠭᠤᠯᠵᠠᠪᠠ 2017-12-01 15:56

    ᠰᠢᠨᠬᠤᠧᠠ ᠬᠤᠷᠢᠶ᠎ᠠ   ᠪᠡᠭᠡᠵᠢᠩ ᠤᠨ 11 ᠰᠠᠷ᠎ᠠ ᠶᠢᠨ 30 ᠤ ᠡᠳᠦᠷ ᠤᠨ ᠴᠠᠬᠢᠯᠭᠠᠨ ᠮᠡᠳᠡᠭᠡ (ᠰᠤᠷᠪᠤᠯᠵᠢᠯᠠᠭᠴᠢ ᠡᠾᠧᠤ ᠯᠢ ᠵᠢᠶᠦ᠋ᠨ) ᠤᠯᠤᠰ ᠤᠨ ᠲᠡᠷᠢᠭᠦᠯᠡᠭᠴᠢ ᠰᠢ ᠶᠢᠨ ᠫᠢᠩ 29 ᠤ ᠡᠳᠦᠷ ᠳ᠋ᠢᠶᠤᠤ ᠢᠤᠢ ᠲᠠᠢ ᠳᠠᠬᠢ ᠲᠦᠷᠦ ᠶᠢᠨ ᠵᠤᠴᠢᠳ ᠤᠨ ᠪᠠᠭᠤᠳᠠᠯ ᠳᠤ ᠠᠮᠧᠷᠢᠺᠠ ᠶᠢᠨ ᠤᠤᠯ ᠤᠨ ᠶᠡᠷᠦᠩᠬᠡᠶᠢᠯᠡᠭᠴᠢ ᠤᠪᠠᠮᠠ ᠲᠠᠢ ᠠᠭᠤᠯᠵᠠᠪᠠ᠃

    ᠰᠢ ᠶᠢᠨ ᠫᠢᠩ ᠤᠪᠠᠮᠠ ᠶᠢᠨ ᠠᠮᠧᠷᠢᠺᠠ ᠶᠢᠨ ᠶᠡᠷᠦᠩᠬᠡᠶᠢᠯᠡᠭᠴᠢ ᠪᠠᠶᠢᠬᠰᠠᠨ ᠬᠤᠭᠤᠴᠠᠭᠠᠨ ᠳᠠᠭᠠᠨ ᠳᠤᠮᠳᠠᠳᠤ ᠠᠮᠧᠷᠢᠺᠠ ᠶᠢᠨ ᠬᠠᠷᠢᠯᠴᠠᠭ᠎ᠠ ᠶᠢᠨ ᠬᠦᠭᠵᠢᠯᠲᠡ ᠶᠢ ᠠᠬᠢᠭᠤᠯᠬᠤ ᠳᠤ ᠭᠠᠷᠭᠠᠬᠰᠠᠨ ᠴᠢᠷᠮᠠᠶᠢᠯᠭ᠎ᠠ ᠶᠢ ᠢᠳᠡᠪᠬᠢᠲᠡᠢ ᠦᠨᠡᠯᠡᠪᠡ᠃

    ᠰᠢ ᠶᠢᠨ ᠫᠢᠩ᠂ ᠳᠤᠮᠳᠠᠳᠤ ᠠᠮᠧᠷᠢᠺᠠ ᠬᠤᠶᠠᠷ ᠤᠯᠤᠰ ᠳᠡᠯᠡᠬᠡᠢ ᠶᠢᠨ ᠡᠩᠬᠡ ᠲᠠᠶᠢᠪᠤᠩ ᠲᠤᠬᠲᠠᠭᠤᠨ ᠢ ᠬᠠᠮᠠᠭᠠᠯᠠᠬᠤ᠂ ᠪᠦᠬᠦ ᠪᠦᠮᠪᠦᠷᠴᠡᠭ ᠤᠨ ᠬᠦᠭᠵᠢᠯ ᠴᠡᠴᠡᠭᠯᠡᠯ ᠢ ᠠᠬᠢᠭᠤᠯᠬᠤ ᠲᠠᠯ᠎ᠠ ᠪᠠᠷ ᠦᠷᠭᠡᠨ ᠳᠡᠯᠭᠡᠷ ᠬᠠᠮᠲᠤ ᠶᠢᠨ ᠠᠰᠢᠬ ᠲᠤᠰᠠ ᠲᠠᠢ ᠪᠠᠶᠢᠭ᠎ᠠ ᠶᠤᠮ᠂ ᠡᠨᠡ ᠲᠠᠯ᠎ᠠ ᠪᠠᠷ ᠴᠢᠬᠤᠯᠠ ᠬᠠᠷᠢᠭᠤᠴᠠᠯᠭ᠎ᠠ ᠶᠢ ᠡᠭᠦᠷᠭᠡᠯᠡᠵᠦ ᠪᠠᠶᠢᠨ᠎ᠠ᠃ ᠳᠤᠮᠳᠠᠳᠤ ᠠᠮᠧᠷᠢᠺᠠ ᠶᠢᠨ ᠬᠠᠷᠢᠯᠴᠠᠭ᠎ᠠ ᠤᠷᠲᠤ ᠬᠤᠭᠤᠴᠠᠭ᠎ᠠ ᠡᠷᠡᠭᠦᠯ ᠳᠤᠬᠲᠠᠭᠤᠨ ᠢᠶᠠᠷ ᠬᠦᠭᠵᠢᠬᠦ ᠶᠢ ᠪᠠᠲᠤᠯᠠᠬᠤ ᠨᠢ ᠳᠤᠮᠳᠠᠳᠤ ᠠᠮᠧᠷᠢᠺᠠ ᠬᠤᠶᠠᠷ ᠤᠯᠤᠰ ᠪᠠ ᠳᠡᠯᠡᠬᠡᠢ ᠶᠢᠨ ᠡᠯ᠎ᠡ ᠤᠯᠤᠰ ᠤᠨ ᠠᠰᠢᠬ ᠲᠤᠰᠠ ᠲᠠᠢ ᠨᠡᠶᠢᠴᠡᠨ᠎ᠡ᠃ ᠳᠤᠮᠳᠠᠳᠤ ᠤᠯᠤᠰ ᠳᠤᠷᠠᠲᠠᠶ᠎ᠠ ᠠᠮᠧᠷᠢᠺᠠ ᠶᠢᠨ ᠬᠢᠨ ᠲᠠᠢ ᠬᠠᠮᠲᠤᠪᠡᠷ ᠴᠢᠷᠮᠠᠶᠢᠵᠤ᠂ ᠤᠯᠤᠯᠴᠠᠭ᠎ᠠ᠂ ᠰᠤᠯᠢᠯᠴᠠᠭ᠎ᠠ᠂ ᠬᠠᠮᠲᠤᠷᠠᠯᠴᠠᠭ᠎ᠠ ᠪᠠᠨ ᠴᠢᠩᠭᠠᠳᠬᠠᠵᠤ᠂ ᠬᠤᠶᠠᠷ ᠤᠯᠤᠰ ᠤᠨ ᠬᠠᠷᠢᠯᠴᠠᠭ᠎ᠠ ᠲᠠᠰᠤᠷᠠᠯᠲᠠ ᠦᠭᠡᠢ ᠰᠢᠨ᠎ᠡ ᠬᠦᠭᠵᠢᠯᠲᠡ ᠲᠠᠢ ᠪᠤᠯᠬᠤ ᠶᠢ ᠠᠬᠢᠭᠤᠯᠤᠨ᠎ᠠ ᠭᠡᠵᠦ ᠴᠢᠬᠤᠯᠠᠴᠢᠯᠠᠪᠠ᠃

    ᠰᠢ ᠶᠢᠨ ᠫᠢᠩ ᠤᠪᠠᠮᠠ ᠳᠤ ᠳᠤᠮᠳᠠᠳᠤ ᠤᠯᠤᠰ ᠤᠨ ᠡᠪ ᠬᠠᠮᠲᠤ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠭᠤᠤᠯ ᠦᠷ᠎ᠡ ᠪᠦᠲᠦᠭᠡᠯ ᠢ ᠲᠠᠨᠢᠯᠴᠠᠭᠤᠯᠪᠠ᠃ ᠤᠪᠠᠮᠠ ᠰᠢ ᠶᠢᠨ ᠫᠢᠩ ᠤᠨ ᠠᠭᠤᠯᠵᠠᠬᠰᠠᠨ ᠳᠤ ᠲᠠᠯᠠᠷᠬᠠᠵᠥ ᠪᠠᠶᠢᠬᠤ ᠪᠠᠨ ᠢᠯᠡᠳᠬᠡᠪᠡ᠃

    ᠤᠪᠠᠮᠠ᠂ ᠳᠤᠮᠳᠠᠳᠤ ᠤᠯᠤᠰ ᠤᠨ ᠬᠦᠭᠵᠢᠯᠲᠡ ᠶᠢᠨ ᠠᠮᠵᠢᠯᠲᠠ ᠮᠠᠬᠲᠠᠭᠤᠰᠢᠲᠠᠢ ᠶᠤᠮ᠃ ᠠᠮᠧᠷᠢᠺᠠ ᠳᠤᠮᠳᠠᠳᠤ ᠶᠢᠨ ᠪᠦᠲᠦᠭᠡᠯᠴᠢ ᠴᠢᠨᠠᠷᠲᠠᠢ ᠬᠠᠷᠢᠯᠴᠠᠭ᠎ᠠ ᠶᠢ ᠬᠦᠭᠵᠢᠭᠦᠯᠬᠦ ᠨᠢ ᠬᠤᠶᠠᠷ ᠤᠯᠤᠰ ᠤᠨ ᠠᠷᠠᠳ ᠲᠦᠮᠡᠨ ᠤ ᠠᠰᠢᠬ ᠲᠤᠰᠠ ᠲᠠᠢ ᠨᠡᠶᠢᠴᠡᠵᠥ ᠪᠠᠶᠢᠨ᠎ᠠ᠂ ᠪᠢ ᠳᠤᠷᠠᠲᠠᠶ᠎ᠠ ᠠᠮᠧᠷᠢᠺᠠ ᠳᠤᠮᠳᠠᠳᠤ ᠬᠠᠷᠢᠯᠴᠠᠨ ᠤᠢᠢᠯᠠᠭᠠᠯᠴᠠᠬᠤ ᠪᠠ ᠰᠤᠯᠢᠯᠴᠠᠨ ᠬᠠᠮᠲᠤᠷᠠᠯᠴᠠᠬᠤ ᠶᠢ ᠠᠬᠢᠭᠤᠯᠬᠤ ᠳᠤ ᠦᠷᠬᠦᠯᠵᠢᠯᠡᠨ ᠢᠳᠡᠪᠬᠢᠲᠠᠢ ᠦᠢᠯᠡᠳᠦᠯ ᠦᠵᠡᠬᠦᠯᠥᠨ᠎ᠡ ᠭᠡᠵᠦ ᠢᠯᠡᠳᠬᠡᠪᠡ᠃

    ᠨᠠᠮ ᠤᠨ ᠲᠦᠪ ᠬᠤᠷᠢᠶᠠᠨ ᠤ ᠤᠯᠤᠰ ᠲᠦᠷᠦ ᠶᠢᠨ ᠲᠤᠪᠴᠢᠶᠠᠨ ᠤ ᠭᠡᠰᠢᠭᠦᠨ᠂ ᠲᠦᠪ ᠤᠨ ᠱᠦᠵᠢ ᠨᠠᠷ ᠤᠨ ᠭᠠᠵᠠᠷ ᠤᠨ ᠱᠦᠵᠢ᠂ ᠲᠦᠪ ᠬᠤᠷᠢᠶᠠᠨ ᠤ ᠠᠯᠪᠠᠨ ᠲᠢᠩᠬᠢᠮ ᠤᠨ ᠡᠷᠬᠢᠯᠡᠭᠴᠢ ᠳ᠋ᠢᠩ ᠰᠢᠤᠸᠡᠢ ᠰᠢᠶᠠᠩ᠂ ᠨᠠᠮ ᠤᠨ ᠲᠦᠪ ᠬᠤᠷᠢᠶᠠᠨ ᠤ ᠤᠯᠤᠰ ᠲᠦᠷᠦ ᠶᠢᠨ ᠲᠤᠪᠴᠢᠶᠠᠨ ᠤ ᠭᠡᠰᠢᠭᠦᠨ᠂ ᠲᠦᠷᠦ ᠶᠢᠨ ᠶᠠᠪᠤᠳᠠᠯ ᠤᠨ ᠬᠤᠷᠢᠶᠠᠨ ᠤ ᠭᠡᠰᠢᠭᠦᠨ ᠶᠠᠩ ᠵᠢᠶᠧ ᡂᠢ ᠨᠠᠷ ᠤᠷᠤᠯᠴᠠᠪᠠ᠃

ᠢᠷᠡᠯᠳᠡ᠄ ᠦᠪᠦᠷ ᠮᠤᠩᠭᠤᠯ ᠤᠨ ᠡᠳᠦᠷ ᠤᠨ ᠰᠤᠨᠢᠨ ᠪᠡᠯᠡᠳᠭᠡᠭ᠍ᠰᠡᠨ ᠨᠢ᠄ ᠪᠣᠯᠣᠷᠴᠡᠴᠡᠭ᠌

ᠰᠣᠶᠤᠯ ᠤᠷᠠᠯᠢᠭ

  • ᠶᠤᠸᠠᠨ ᠤ ᠲᠡᠭᠡᠲᠤ ᠨᠡᠶᠢᠰᠯᠡᠯ ᠳᠤ ᠪᠤᠯᠤᠭᠰᠠᠨ ᠴᠠᠭᠠᠨ ᠢᠳᠡᠭᠡᠨ ᠤ ᠰᠤᠶᠤᠯ ᠤᠨ ᠨᠠᠶᠢᠷ
  • 26 ᠳ᠋ᠤᠭᠠᠷ ᠬᠤᠭᠤᠴᠠᠭᠠᠨ ᠤ ᠠᠯᠳᠠᠨ ᠳᠠᠬᠢᠶ᠎ᠠ ᠴᠡᠴᠡᠬᠡᠰ ᠺᠢᠨᠣ᠋ ᠶᠢᠨ ᠨᠠᠶᠢᠷ ᠬᠦᠬᠡᠬᠤᠳᠠ ᠳᠤ ᠨᠡᠬᠡᠬᠡᠯᠳᠡ ᠪᠡᠨ ᠬᠢᠪᠡ
  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
010070230030000000000000011120701122043838