蒙古文网站Logo
ᠰᠢᠨᠬᠤᠸᠠ ᠮᠤᠩᠭ᠋ᠤᠯ ᠨᠧᠲ

ᠨᠠᠮ ᠤᠨ ᠲᠦᠪ ᠬᠤᠷᠢᠶᠠᠨ ᠤ ᠤᠯᠤᠰ ᠲᠦᠷᠦ ᠶᠢᠨ ᠲᠤᠪᠴᠢᠶ᠎ᠠ ᠬᠤᠷᠡᠯ ᠬᠤᠷᠡᠯᠳᠤᠭᠤᠯᠵᠤ《ᠲᠤᠮᠳᠠᠳᠤ ᠤᠯᠤᠰ ᠤᠨ ᠡᠪ ᠬᠠᠮᠳᠤ ᠨᠠᠮ ᠤᠨ ᠨᠠᠮ ᠤᠨ ᠠᠵᠢᠯ ᠢ ᠢᠯᠡ ᠪᠤᠯᠭᠠᠬᠤ ᠲᠦᠷᠢᠮ (ᠲᠤᠷᠰᠢᠨ ᠬᠡᠷᠡᠭᠵᠢᠭᠦᠯᠬᠦ)》 ᠢ ᠬᠢᠨᠠᠨ ᠵᠦᠪᠯᠡᠪᠡ

2017-12-01 15:56

    ᠰᠢᠨᠬᠤᠧᠠ ᠬᠤᠷᠢᠶ᠎ᠠ   ᠪᠡᠭᠡᠵᠢᠩ ᠤᠨ 11 ᠰᠠᠷ᠎ᠠ ᠶᠢᠨ 30 ᠤ ᠡᠳᠦᠷ ᠤᠨ ᠴᠠᠬᠢᠯᠭᠠᠨ ᠮᠡᠳᠡᠭᠡ   ᠨᠠᠮ ᠤᠨ ᠲᠦᠪ ᠬᠤᠷᠢᠶᠠᠨ ᠤ ᠤᠯᠤᠰ ᠲᠦᠷᠦ ᠶᠢᠨ ᠲᠤᠪᠴᠢᠶ᠎ᠠ 11 ᠰᠠᠷ᠎ᠠ ᠶᠢᠨ 30 ᠤ ᠡᠳᠤᠷ ᠬᠤᠷᠡᠯ ᠬᠤᠷᠡᠯᠳᠤᠭᠤᠯᠵᠥ᠂《ᠲᠤᠮᠳᠠᠳᠤ ᠤᠯᠤᠰ ᠤᠨ ᠡᠪ ᠬᠠᠮᠳᠤ ᠨᠠᠮ ᠤᠨ ᠨᠠᠮ ᠤᠨ ᠠᠵᠢᠯ ᠢ ᠢᠯᠡ ᠪᠤᠯᠭᠠᠬᠤ ᠲᠦᠷᠢᠮ(ᠲᠤᠷᠰᠢᠨ ᠬᠡᠷᠡᠭᠵᠢᠭᠦᠯᠬᠦ)》 ᠢ ᠬᠢᠨᠠᠨ ᠵᠦᠪᠯᠡᠵᠥ ᠪᠠᠳᠤᠯᠠᠪᠠ᠃

    ᠨᠠᠮ ᠤᠨ ᠲᠦᠪ ᠬᠤᠷᠢᠶᠠᠨ ᠤ ᠶᠡᠷᠤᠩᠬᠡᠢ ᠱᠦᠵᠢ ᠰᠢ ᠶᠢᠨ ᠫᠢᠩ ᠬᠤᠷᠡᠯ ᠢ ᠡᠷᠬᠢᠯᠡᠵᠡᠢ᠃

    ᠬᠤᠷᠡᠯ ᠠᠴᠠ᠂ ᠨᠠᠮ ᠤᠨ ᠠᠵᠢᠯ ᠢ ᠢᠯᠡ ᠪᠤᠯᠭᠠᠬᠤ ᠶᠢ ᠠᠬᠢᠭᠤᠯᠬᠤ ᠪᠤᠯ ᠨᠠᠮ ᠤᠨ ᠠᠷᠪᠠ ᠶᠢᠰᠦᠳᠦᠭᠡᠷ ᠶᠡᠭᠡ ᠬᠤᠷᠡᠯ ᠤᠨ ᠵᠤᠷᠢᠭ ᠰᠠᠨᠠᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠴᠢᠬᠤᠯᠠ ᠠᠷᠭ᠎ᠠ ᠬᠡᠮᠵᠢᠶ᠎ᠡ ᠮᠥᠨ᠂ ᠨᠠᠮ ᠤᠨ ᠲᠤᠳᠤᠭᠠᠳᠤ ᠶᠢᠨ ᠠᠷᠠᠳᠴᠢᠯᠠᠯ ᠢ ᠪᠠᠳᠠᠷᠠᠭᠤᠯᠬᠤ᠂ ᠨᠡᠶᠢᠬᠡᠮ ᠵᠢᠷᠤᠮ ᠤᠨ ᠠᠷᠠᠳᠴᠢᠯᠠᠭᠰᠠᠠ ᠤᠯᠤᠰ ᠲᠦᠷᠦ ᠶᠢ ᠬᠦᠭᠵᠢᠬᠦᠯᠬᠦ ᠶᠢᠨ ᠵᠠᠶᠢᠯᠠᠰᠢ ᠦᠭᠡᠢ ᠱᠠᠭᠠᠷᠳᠠᠯᠭ᠎ᠠ ᠮᠥᠨ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠠᠬᠢᠭᠤᠯᠬᠤ᠂ ᠨᠠᠮ ᠤᠨ ᠲᠤᠳᠤᠭᠠᠳᠤ ᠶᠢᠨ ᠬᠢᠨᠠᠯᠳᠠ ᠶᠢ ᠴᠢᠩᠭᠠᠳᠬᠠᠬᠤ᠂ ᠪᠦᠬᠦ ᠨᠠᠮ ᠤᠨ ᠢᠳᠡᠪᠬᠢᠵᠢᠯ᠂ ᠰᠠᠨᠠᠭᠠᠴᠢᠯᠠᠭᠠᠳᠤ ᠴᠢᠨᠠᠷ᠂ ᠪᠦᠳᠦᠭᠡᠯᠴᠢ ᠴᠢᠨᠠᠷ ᠢ ᠬᠦᠢᠴᠡᠳ ᠲᠠᠶᠢᠴᠢᠯᠠᠬᠤ ᠳᠤ ᠴᠢᠬᠤᠯᠠ ᠠᠴᠢ ᠬᠤᠯᠪᠤᠭᠳᠠᠯ ᠲᠠᠢ ᠶᠤᠮ᠃ 《ᠲᠦᠷᠢᠮ》 ᠢ ᠲᠤᠭᠳᠠᠭᠠᠨ ᠨᠡᠶᠢᠳᠡᠯᠡᠭᠰᠡᠡ ᠨᠢ ᠨᠠᠮ ᠤᠨ ᠠᠵᠢᠯ ᠢ ᠢᠯᠡ ᠪᠤᠯᠭᠠᠬᠤ ᠠᠵᠢᠯ ᠢ ᠰᠠᠶᠢᠳᠤᠷ ᠬᠢᠬᠦ ᠳᠤ ᠦᠨᠳᠦᠰᠦᠨ ᠵᠢᠷᠤᠮᠯᠠᠯ ᠬᠠᠩᠭᠠᠵᠥ᠂ ᠨᠠᠮ ᠤᠨ ᠠᠵᠢᠯ ᠢ ᠢᠯᠡ ᠪᠤᠯᠭᠠᠬᠤ ᠠᠵᠢᠯ ᠤᠨ ᠲᠦᠷᠢᠮᠵᠢᠯᠳᠡ᠂ ᠵᠢᠷᠤᠮᠵᠢᠯᠳᠡ᠂ ᠲᠡᠰ ᠲᠠᠷᠠᠭᠠᠵᠢᠯᠳᠠ ᠶᠢ ᠠᠬᠢᠭᠤᠯᠬᠤ ᠳᠤ ᠠᠰᠢᠬᠳᠠᠢ ᠶᠤᠮ ᠬᠡᠵᠥ ᠵᠢᠭᠠᠵᠥ ᠭᠠᠷᠭᠠᠪᠠ᠃

    ᠬᠤᠷᠡᠯ ᠠᠴᠠ᠂ ᠨᠠᠮ ᠤᠨ ᠠᠵᠢᠯ ᠢ ᠢᠯᠡ ᠪᠤᠯᠭᠠᠬᠤ ᠠᠵᠢᠯ ᠤᠯᠤᠰ ᠲᠦᠷᠦ ᠶᠢᠨ ᠴᠢᠨᠠᠷ᠂ ᠲᠦᠷᠦ ᠶᠢᠨ ᠪᠤᠳᠤᠯᠭ᠎ᠠ ᠶᠢᠨ ᠴᠢᠨᠠᠷ ᠢᠶᠠᠷ ᠴᠢᠩᠭ᠎ᠠ ᠪᠠᠶᠢᠭ᠎ᠠ ᠶᠤᠮ᠃ ᠵᠦᠪ ᠴᠢᠭᠯᠡᠯ ᠢ ᠪᠠᠷᠢᠮᠳᠠᠯᠠᠵᠥ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠲᠤᠮᠳᠠᠳᠤ ᠤᠯᠤᠰ ᠤᠨ ᠤᠨᠴᠠᠯᠢᠭ ᠲᠠᠢ ᠨᠡᠶᠢᠬᠡᠮ ᠵᠢᠷᠤᠮ ᠤᠨ ᠦᠵᠡᠯ ᠰᠠᠨᠠᠭ᠎ᠠ ᠶᠢ ᠨᠠᠷᠢᠨ ᠬᠢᠨᠠᠮᠠᠭᠠᠢ ᠲᠤᠤᠱᠯᠠᠭᠤᠯᠤᠨ ᠨᠠᠶᠢᠳᠠᠪᠤᠷᠢᠵᠢᠭᠤᠯᠵᠥ᠂ ᠨᠠᠮ ᠤᠨ ᠠᠵᠢᠯ ᠢ ᠢᠯᠡ ᠪᠤᠯᠭᠠᠬᠤ ᠶᠢ ᠰᠢᠨ᠎ᠡ ᠴᠠᠭ ᠦᠶ᠎ᠡ ᠳᠤ ᠲᠤᠮᠳᠠᠳᠤ ᠤᠯᠤᠰ ᠤᠨ ᠤᠨᠴᠠᠯᠢᠭ ᠲᠠᠢ ᠨᠡᠶᠢᠬᠡᠮ ᠵᠢᠷᠤᠮ ᠢ ᠪᠠᠷᠢᠮᠳᠠᠯᠠᠨ ᠬᠦᠭᠵᠢᠬᠦᠯᠬᠦ᠂ ᠨᠠᠮ ᠤᠨ ᠪᠠᠶᠢᠭᠤᠯᠤᠯᠳᠠ ᠶᠢᠨ ᠰᠢᠨ᠎ᠡ ᠠᠭᠤᠤ ᠶᠡᠭᠡ ᠢᠨᠵᠧᠨᠧᠷᠢᠩ ᠢ ᠠᠬᠢᠭᠤᠯᠬᠤ ᠦᠢᠯᠡᠳᠦᠯᠬᠡ ᠶᠢᠨ ᠲᠤᠮᠳᠠ ᠲᠠᠯᠪᠢᠵᠥ ᠪᠠᠶᠢᠭᠠᠳ ᠲᠦᠯᠥᠪᠵᠢᠬᠦᠯᠥᠨ ᠠᠬᠢᠭᠤᠯᠵᠥ᠂ ᠨᠠᠮ ᠤᠨ ᠤᠳᠤᠷᠢᠳᠤᠯᠭ᠎ᠠ ᠶᠢ ᠪᠠᠷᠢᠮᠳᠠᠯᠠᠵᠤ ᠪᠦᠷᠢᠨᠰᠢᠬᠦᠯᠬᠦ ᠱᠠᠭᠠᠷᠳᠠᠯᠭ᠎ᠠ ᠶᠢ ᠨᠠᠮ ᠤᠨ ᠠᠵᠢᠯ ᠢ ᠢᠯᠡ ᠪᠤᠯᠭᠠᠬᠤ ᠪᠦᠬᠦ ᠶᠠᠪᠤᠴᠠ ᠪᠤᠯᠤᠨ ᠡᠯ᠎ᠡ ᠲᠠᠯ᠎ᠠ ᠳᠤ ᠲᠤᠤᠱᠯᠠᠭᠤᠯᠬᠤ ᠬᠡᠷᠡᠭᠳᠡᠢ᠃ ᠠᠷᠠᠳᠴᠢᠯᠠᠯ ᠢ ᠪᠠᠳᠠᠷᠠᠭᠤᠯᠬᠤ ᠶᠢ ᠪᠠᠷᠢᠮᠳᠠᠯᠠᠵᠥ᠂ ᠨᠠᠮ ᠤᠨ ᠬᠡᠰᠢᠬᠦᠨ ᠤ ᠪᠠᠶᠢᠳᠠᠯ ᠢ ᠮᠡᠳᠡᠬᠦ ᠡᠷᠬᠡ᠂ ᠤᠷᠤᠯᠴᠠᠬᠤ ᠡᠷᠬᠡ᠂ ᠰᠤᠩᠭᠤᠭᠤᠯᠢ ᠶᠢᠨ ᠡᠷᠬᠡ᠂ ᠬᠢᠨᠠᠯᠳᠠ ᠲᠠᠯᠪᠢᠬᠤ ᠡᠷᠬᠡ ᠶᠢ ᠨᠠᠶᠢᠳᠠᠪᠤᠷᠢᠵᠢᠭᠤᠯᠵᠥ᠂ ᠪᠦᠬᠦ ᠨᠠᠮ ᠤᠨ ᠢᠳᠡᠪᠬᠢᠵᠢᠯ᠂ ᠰᠠᠨᠠᠭᠠᠴᠢᠯᠠᠭᠠᠳᠤ ᠴᠢᠨᠠᠷ᠂ ᠪᠦᠳᠦᠭᠡᠯᠴᠢ ᠴᠢᠨᠠᠷ ᠢ ᠨᠡᠩ ᠰᠠᠶᠢᠳᠤᠷ ᠲᠠᠶᠢᠴᠢᠯᠠᠵᠥ᠂ ᠨᠠᠮ ᠤᠨ ᠬᠡᠰᠢᠬᠦᠨ ᠪᠤᠯᠤᠨ ᠤᠯᠠᠨ ᠲᠦᠮᠡᠨ ᠤ ᠠᠩᠬᠠᠷᠴᠦ ᠪᠠᠶᠢᠭ᠎ᠠ ᠵᠦᠢᠯ ᠳᠤ ᠴᠠᠭ ᠲᠤᠬᠠᠢ ᠳᠤᠨᠢ ᠬᠠᠷᠢᠭᠤᠯᠳᠡ ᠦᠭᠴᠦ᠂ ᠢᠯᠠ ᠪᠤᠯᠭᠠᠬᠤ ᠪᠠᠷ ᠨᠠᠶᠢᠳᠠᠪᠤᠷᠢᠵᠢᠭᠤᠯᠬᠤ ᠶᠢ ᠠᠬᠢᠭᠤᠯᠵᠥ᠂ ᠬᠢᠨᠠᠯᠳᠠ ᠲᠠᠯᠪᠢᠬᠤ ᠶᠢ ᠠᠬᠢᠭᠤᠯᠵᠥ᠂ ᠦᠭᠡᠷᠡᠴᠢᠯᠡᠨ ᠰᠠᠶᠢᠵᠢᠷᠠᠭᠤᠯᠬᠤ ᠶᠢ ᠠᠬᠢᠭᠤᠯᠬᠤ ᠬᠡᠷᠡᠭᠳᠡᠢ᠃ ᠢᠳᠡᠪᠬᠢᠳᠡᠢ ᠯᠠᠪᠳᠠᠭᠤᠨ᠂ ᠡᠮᠬᠢ ᠲᠢᠭ᠍ᠯᠢᠮ ᠲᠠᠢ ᠪᠠᠷ ᠠᠬᠢᠭᠤᠯᠵᠥ᠂ ᠡᠯ᠎ᠡ ᠱᠠᠳᠤ ᠲᠠᠪᠬᠤᠷᠭ᠎ᠠ ᠡᠯ᠎ᠡ ᠬᠦᠷᠢᠶᠡᠨ ᠤ ᠨᠠᠮ ᠤᠨ ᠠᠵᠢᠯ ᠢ ᠢᠯᠡ ᠪᠤᠯᠭᠠᠬᠤ ᠠᠵᠢᠯ ᠢ ᠨᠢᠬᠡᠳᠤᠯᠳᠡᠢ ᠲᠦᠯᠥᠪᠵᠢᠬᠦᠯᠬᠦ ᠬᠡᠷᠡᠭᠳᠡᠢ ᠬᠡᠵᠥ ᠴᠢᠬᠤᠯᠠᠴᠢᠯᠠᠪᠠ᠃

    ᠬᠤᠷᠡᠯ ᠠᠴᠠ᠂ ᠡᠯ᠎ᠡ ᠱᠠᠳᠤᠨ ᠤ ᠨᠠᠮ ᠤᠨ ᠬᠤᠷᠢᠶ᠎ᠠ《ᠲᠦᠷᠢᠮ》 ᠢ ᠰᠤᠷᠤᠯᠴᠠᠵᠥ ᠪᠤᠯᠪᠠᠰᠤᠷᠠᠭᠤᠯᠬᠤ ᠪᠠ ᠤᠬᠠᠭᠤᠯᠤᠨ ᠲᠠᠶᠢᠯᠪᠤᠷᠢᠯᠠᠬᠤ ᠠᠵᠢᠯ ᠢ ᠨᠠᠷᠢᠨ ᠬᠢᠨᠠᠮᠠᠭᠠᠢ ᠰᠠᠶᠢᠳᠤᠷ ᠠᠳᠬᠤᠵᠥ᠂ 《ᠲᠦᠷᠢᠮ》 ᠤᠨ ᠭᠤᠤᠯ ᠠᠭᠤᠯᠭ᠎ᠠ ᠪᠤᠯᠤᠨ ᠠᠵᠢᠯ ᠤᠨ ᠱᠠᠭᠠᠷᠳᠠᠯᠭ᠎ᠠ ᠶᠢ ᠪᠦᠬᠦ ᠲᠠᠯ᠎ᠠ ᠪᠠᠷ ᠵᠦᠪ ᠤᠨᠤᠪᠴᠢᠳᠠᠢ ᠡᠵᠡᠮᠰᠢᠬᠦ ᠬᠡᠷᠡᠭᠳᠡᠢ᠃ ᠨᠠᠮ ᠤᠨ ᠠᠵᠢᠯ ᠢ ᠢᠯᠡ ᠪᠤᠯᠭᠠᠬᠤ ᠠᠵᠢᠯ ᠢ ᠵᠤᠬᠢᠶᠠᠨ ᠪᠠᠶᠢᠭᠤᠯᠵᠥ ᠤᠳᠤᠷᠢᠳᠬᠤ ᠪᠠᠨ ᠴᠢᠩᠭᠠᠳᠬᠠᠵᠥ᠂ ᠪᠤᠳᠠᠳᠤ ᠪᠠᠶᠢᠳᠠᠯ ᠲᠠᠢ ᠪᠠᠨ ᠨᠢᠬᠳᠠ ᠤᠶᠠᠯᠳᠤᠭᠤᠯᠵᠥ ᠪᠠᠶᠢᠭᠠᠳ ᠰᠠᠶᠢᠳᠤᠷ ᠲᠤᠤᠱᠯᠠᠭᠤᠯᠤᠨ ᠨᠠᠶᠢᠳᠠᠪᠤᠷᠢᠵᠢᠭᠤᠯᠬᠤ ᠬᠡᠷᠡᠭᠳᠡᠢ ᠬᠡᠵᠥ ᠱᠠᠭᠠᠷᠳᠠᠪᠠ᠃

    ᠬᠤᠷᠡᠯ ᠠᠴᠠ ᠪᠠᠰᠠ ᠪᠤᠰᠤᠳ ᠵᠦᠢᠯ ᠢ ᠰᠤᠳᠤᠯᠵᠠᠢ᠃

ᠢᠷᠡᠯᠳᠡ᠄ ᠦᠪᠦᠷ ᠮᠤᠩᠭᠤᠯ ᠤᠨ ᠡᠳᠦᠷ ᠤᠨ ᠰᠤᠨᠢᠨ ᠪᠡᠯᠡᠳᠭᠡᠭ᠍ᠰᠡᠨ ᠨᠢ᠄ ᠪᠣᠯᠣᠷᠴᠡᠴᠡᠭ᠌

ᠰᠣᠶᠤᠯ ᠤᠷᠠᠯᠢᠭ

  • ᠶᠤᠸᠠᠨ ᠤ ᠲᠡᠭᠡᠲᠤ ᠨᠡᠶᠢᠰᠯᠡᠯ ᠳᠤ ᠪᠤᠯᠤᠭᠰᠠᠨ ᠴᠠᠭᠠᠨ ᠢᠳᠡᠭᠡᠨ ᠤ ᠰᠤᠶᠤᠯ ᠤᠨ ᠨᠠᠶᠢᠷ
  • 26 ᠳ᠋ᠤᠭᠠᠷ ᠬᠤᠭᠤᠴᠠᠭᠠᠨ ᠤ ᠠᠯᠳᠠᠨ ᠳᠠᠬᠢᠶ᠎ᠠ ᠴᠡᠴᠡᠬᠡᠰ ᠺᠢᠨᠣ᠋ ᠶᠢᠨ ᠨᠠᠶᠢᠷ ᠬᠦᠬᠡᠬᠤᠳᠠ ᠳᠤ ᠨᠡᠬᠡᠬᠡᠯᠳᠡ ᠪᠡᠨ ᠬᠢᠪᠡ
  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
关闭
010070230030000000000000011120701122043848