ᠰᠢ ᠶᠢᠨ ᠫᠢᠩ《2017 ᠼᠦᠩᠳᠦ᠋ ᠶᠢᠨ ᠤᠯᠠᠨ ᠤᠯᠤᠰ ᠤᠨ ᠹᠤᠷᠦ᠋ᠮ》 ᠳᠤ ᠤᠷᠤᠯᠴᠠᠬᠰᠠᠠ ᠭᠠᠳᠠᠭᠠᠳᠤ ᠶᠢᠨ ᠵᠤᠴᠢᠳ ᠲᠠᠢ ᠠᠭᠤᠯᠵᠠᠪᠠ 2017-12-01 15:56

    ᠰᠢᠨᠬᠤᠧᠠ ᠬᠤᠷᠢᠶ᠎ᠠ   ᠪᠡᠭᠡᠵᠢᠩ ᠤᠨ 11 ᠰᠠᠷ᠎ᠠ ᠶᠢᠨ 30 ᠤ ᠡᠳᠦᠷ ᠤᠨ ᠴᠠᠬᠢᠯᠭᠠᠨ ᠮᠡᠳᠡᠭᠡ (ᠰᠤᠷᠪᠤᠯᠵᠢᠯᠠᠭᠴᠢ ᠸᠠᠩ ᠬᠤᠢ ᠬᠤᠢ) ᠤᠯᠤᠰ ᠤᠨ ᠲᠡᠷᠢᠬᠦᠯᠡᠭᠴᠢ ᠰᠢ ᠶᠢᠨ ᠫᠢᠩ 30 ᠤ ᠡᠳᠤᠷ ᠠᠷᠠᠳ ᠤᠨ ᠶᠡᠭᠡ ᠬᠤᠷᠡᠯ ᠤᠨ ᠲᠠᠩᠬᠢᠮ ᠳᠤ ᠲᠤᠮᠳᠠᠳᠤ ᠤᠯᠤᠰ ᠲᠤ ᠢᠷᠡᠵᠥ《2017 ᠼᠦᠩᠳᠦ᠋ ᠶᠢᠨ ᠤᠯᠠᠨ ᠤᠯᠤᠰ ᠤᠨ ᠹᠤᠷᠦ᠋ᠮ》 ᠳᠤ ᠤᠷᠤᠯᠴᠠᠬᠰᠠᠠ ᠲᠡᠯᠡᠬᠡᠢ ᠶᠢᠨ ᠤᠳᠤᠷᠢᠳᠤᠭᠴᠢ ᠶᠢᠨ ᠬᠤᠯᠪᠤᠭ᠎ᠠ ᠶᠢᠨ ᠪᠦᠷᠢᠯᠳᠦᠬᠦᠨ ᠲᠠᠢ ᠠᠭᠤᠯᠵᠠᠪᠠ᠃

    ᠰᠢ ᠶᠢᠨ ᠫᠢᠩ ᠲᠤᠮᠳᠠᠳᠤ ᠤᠯᠤᠰ ᠤᠨ ᠬᠦᠭᠵᠢᠯᠳᠡ ᠶᠢᠨ ᠵᠠᠮ ᠵᠢᠴᠢ ᠲᠤᠮᠳᠠᠳᠤ ᠤᠯᠤᠰ ᠤᠨ ᠲᠡᠯᠡᠬᠡᠢ ᠶᠢᠨ ᠵᠠᠰᠠᠯᠳᠠ ᠳᠤ ᠤᠷᠤᠯᠴᠠᠬᠤ ᠵᠠᠷᠴᠢᠮ ᠪᠤᠯᠤᠨ ᠵᠤᠷᠢᠯᠳᠡ ᠶᠢ ᠭᠤᠤᠯᠳᠠᠯᠭ᠎ᠠ ᠲᠠᠢ ᠲᠠᠨᠢᠯᠴᠠᠭᠤᠯᠤᠭᠰᠠᠠ ᠪᠦᠭᠡᠳ ᠭᠠᠳᠠᠭᠠᠳᠤ ᠶᠢᠨ ᠵᠤᠴᠢᠳ ᠤᠨ ᠲᠦᠯᠥᠬᠡᠯᠡᠭᠴᠢ ᠶᠢᠨ ᠶᠠᠷᠢᠶ᠎ᠠ ᠶᠢ ᠰᠤᠨᠤᠰᠪᠠ᠃

    ᠰᠢ ᠶᠢᠨ ᠫᠢᠩ᠂ ᠲᠤᠮᠳᠠᠳᠤ ᠤᠯᠤᠰ ᠤᠨ ᠬᠦᠭᠵᠢᠯᠳᠡ ᠶᠢᠨ ᠵᠠᠮ ᠪᠤᠯ ᠲᠠᠷᠤᠢ ᠲᠤᠮᠳᠠᠳᠤ ᠤᠯᠤᠰ ᠤᠨ ᠤᠨᠴᠠᠯᠢᠭ ᠲᠠᠢ ᠨᠡᠶᠢᠬᠡᠮ ᠵᠢᠷᠤᠮ ᠤᠨ ᠵᠠᠮ ᠪᠤᠯᠤᠨ᠎ᠠ᠃ ᠪᠢᠳᠡᠨ ᠤ ᠡᠨᠡᠬᠦ ᠵᠠᠮ ᠢᠶᠠᠷ ᠵᠠᠮᠨᠠᠵᠤ ᠪᠠᠶᠢᠭ᠎ᠠ ᠪᠤᠯ ᠲᠡᠤᠬᠡ ᠶᠢᠨ ᠰᠤᠩᠭᠤᠯᠳᠠ᠂ ᠠᠷᠠᠳ ᠲᠦᠮᠡᠨ ᠤ ᠰᠤᠩᠭᠤᠯᠳᠠ ᠮᠥᠨ᠃ ᠰᠢᠨ᠎ᠡ ᠲᠤᠮᠳᠠᠳᠤ ᠤᠯᠤᠰ ᠪᠠᠶᠢᠭᠤᠯᠤᠭᠳᠠᠭᠰᠠᠠ ᠤ ᠲᠠᠷᠠᠭ᠎ᠠ᠂ ᠢᠯᠠᠩᠭᠤᠶ᠎ᠠ ᠦᠭᠡᠷᠡᠴᠢᠯᠡᠯᠳᠡ ᠨᠡᠬᠡᠬᠡᠯᠳᠡ ᠬᠢᠭᠰᠡᠡ 40 ᠰᠢᠬᠠᠮ ᠵᠢᠯ ᠤᠨ ᠲᠤᠷᠰᠢ᠂ ᠲᠤᠮᠳᠠᠳᠤ ᠤᠯᠤᠰ ᠲᠤ ᠲᠡᠭᠷᠢ ᠭᠠᠵᠠᠷ ᠢ ᠲᠤᠩᠰᠤᠯᠭᠠᠮ᠎ᠠ ᠬᠤᠪᠢᠷᠠᠯᠳᠡ ᠭᠠᠷᠴᠦ᠂ ᠨᠢᠬᠡᠨᠳᠡ ᠲᠡᠯᠡᠬᠡᠢ ᠶᠢᠨ ᠬᠤᠶᠠᠳᠤᠭᠠᠷ ᠶᠡᠭᠡ ᠡᠳ᠋ ᠤᠨ ᠵᠠᠰᠠᠭ ᠤᠨ ᠴᠤᠭᠴᠠ ᠪᠤᠯᠵᠥ᠂ 13 ᠳ᠋ᠦᠩᠰᠢᠭᠤᠷ ᠠᠷᠠᠳ ᠲᠦᠮᠡᠨ ᠤ ᠠᠮᠢᠳᠤᠷᠠᠯ ᠲᠠᠰᠤᠷᠠᠯᠳᠡ ᠦᠭᠡᠢ ᠰᠠᠶᠢᠵᠢᠷᠠᠵᠥ᠂ 7 ᠳ᠋ᠦᠩᠰᠢᠭᠤᠷ ᠭᠠᠷᠤᠢ ᠬᠦᠮᠥᠨ ᠶᠠᠳᠠᠭᠤ ᠠᠴᠠ ᠠᠩᠬᠢᠵᠢᠷᠠᠭᠰᠠᠠ ᠪᠠᠶᠢᠨ᠎ᠠ᠃ ᠦᠢᠯᠡᠳᠦᠯᠬᠡ ᠪᠤᠯ ᠦᠨᠡᠨ ᠶᠤᠰᠤ ᠶᠢ ᠰᠢᠯᠭᠠᠬᠤ ᠴᠤᠷ ᠤᠨ ᠭᠠᠭᠴᠠ ᠪᠠᠷᠢᠮᠵᠢᠶ᠎ᠠ ᠮᠥᠨ᠃ ᠲᠤᠮᠳᠠᠳᠤ ᠤᠯᠤᠰ ᠤᠨ ᠤᠯᠤᠭᠰᠠᠠ ᠲᠡᠤᠬᠡᠳᠤ ᠴᠢᠨᠠᠷᠳᠠᠢ ᠠᠮᠵᠢᠯᠳᠡ ᠨᠢ ᠪᠢᠳᠡᠨ ᠤ ᠲᠤᠮᠳᠠᠳᠤ ᠤᠯᠤᠰ ᠤᠨ ᠤᠨᠴᠠᠯᠢᠭ ᠲᠠᠢ ᠨᠡᠶᠢᠬᠡᠮ ᠵᠢᠷᠤᠮ ᠤᠨ ᠵᠠᠮ᠂ ᠤᠨᠤᠯ᠂ ᠪᠠᠶᠢᠭᠤᠯᠤᠯ᠂ ᠰᠤᠶᠤᠯ ᠢ ᠪᠠᠷᠢᠮᠳᠠᠯᠠᠬᠤ ᠢᠳᠡᠭᠡᠯ ᠢ ᠪᠠᠳᠤᠳᠬᠠᠪᠠ᠃ ᠪᠢ ᠲᠤᠮᠳᠠᠳᠤ ᠤᠯᠤᠰ ᠤᠨ ᠡᠪ ᠬᠠᠮᠳᠤ ᠨᠠᠮ ᠤᠨ ᠠᠷᠪᠠ ᠶᠢᠰᠦᠳᠦᠭᠡᠷ ᠶᠡᠭᠡ ᠬᠤᠷᠡᠯ ᠤᠨ ᠢᠯᠡᠳᠬᠡᠯ ᠳᠡᠭᠡᠨ᠂ ᠬᠡᠳᠤᠨ ᠠᠷᠪᠠᠨ ᠵᠢᠯ ᠤᠨ ᠬᠦᠭᠵᠢᠯᠳᠡ ᠶᠢ ᠦᠩᠬᠡᠷᠡᠬᠡᠬᠡᠳ᠂ ᠲᠤᠮᠳᠠᠳᠤ ᠤᠯᠤᠰ ᠤᠨ ᠤᠨᠴᠠᠯᠢᠭ ᠲᠠᠢ ᠨᠡᠶᠢᠬᠡᠮ ᠵᠢᠷᠤᠮ ᠰᠢᠨ᠎ᠡ ᠴᠠᠭ ᠦᠶ᠎ᠡ ᠳᠤ ᠤᠷᠤᠪᠠ᠃ ᠲᠤᠮᠳᠠᠳᠤ ᠤᠯᠤᠰ ᠤᠨ ᠨᠡᠶᠢᠬᠡᠮ ᠤᠨ ᠭᠤᠤᠯ ᠵᠦᠷᠢᠴᠡᠯ ᠨᠢᠭᠡᠨᠳᠡ ᠠᠷᠠᠳ ᠲᠦᠮᠡᠨ ᠤ ᠡᠳᠤᠷ ᠢᠷᠡᠬᠦᠶ᠎ᠡ ᠨᠡᠮᠡᠭᠳᠡᠵᠥ ᠪᠠᠶᠢᠭ᠎ᠠ ᠰᠠᠶᠢᠨ ᠰᠠᠶᠢᠬᠠᠨ ᠠᠮᠢᠳᠤᠷᠠᠯ ᠤᠨ ᠬᠡᠷᠡᠭᠴᠡᠭᠡ ᠪᠤᠯᠤᠨ ᠲᠡᠩᠴᠡᠬᠦᠷᠢ ᠦᠭᠡᠢ ᠬᠦᠢᠴᠡᠳ ᠦᠭᠡᠢ ᠬᠦᠭᠵᠢᠯᠳᠡ ᠶᠢᠨ ᠬᠤᠭᠤᠷᠤᠨᠳᠤᠬᠢ ᠵᠦᠷᠢᠴᠡᠯ ᠪᠤᠯᠤᠨ ᠬᠤᠪᠢᠷᠠᠵᠡᠢ ᠬᠡᠵᠥ ᠵᠢᠭᠠᠵᠥ ᠭᠠᠷᠭᠠᠪᠠ᠃ ᠦᠩᠬᠡᠷᠡᠭᠰᠡᠡ ᠳᠤ ᠪᠢᠳᠡ《ᠪᠠᠶᠢᠬᠤ ᠡᠰᠡᠬᠦ》 ᠶᠢᠨ ᠠᠰᠠᠭᠤᠳᠠᠯ ᠢ ᠰᠢᠢᠳᠪᠤᠷᠢᠯᠡᠵᠥ ᠪᠠᠶᠢᠪᠠ᠂ ᠤᠳᠤ ᠬᠠᠷᠢᠨ 《ᠰᠠᠶᠢᠨ ᠡᠰᠡᠬᠦ》 ᠶᠢᠨ ᠠᠰᠠᠭᠤᠳᠠᠯ ᠢ ᠰᠢᠢᠳᠪᠤᠷᠢᠯᠡᠵᠥ ᠪᠠᠶᠢᠨ᠎ᠠ᠃ ᠪᠢᠳᠡ ᠬᠦᠭᠵᠢᠯᠳᠡ ᠶᠢᠨ ᠶᠠᠰᠤ ᠴᠢᠨᠠᠷ ᠪᠤᠯᠤᠨ ᠦᠷ᠎ᠡ ᠠᠰᠢᠬ ᠢ ᠬᠦᠴᠦᠯᠡᠨ ᠲᠡᠭᠡᠭᠰᠢᠯᠡᠬᠦᠯᠵᠥ᠂ ᠠᠷᠠᠳ ᠲᠦᠮᠡᠨ ᠤ ᠤᠯᠠᠨ ᠲᠠᠯ᠎ᠠ ᠶᠢᠨ ᠡᠳᠤᠷ ᠢᠷᠡᠬᠦᠶ᠎ᠡ ᠨᠡᠮᠡᠭᠳᠡᠵᠥ ᠪᠠᠶᠢᠭ᠎ᠠ ᠬᠡᠷᠡᠭᠴᠡᠭᠡ ᠶᠢ ᠰᠠᠶᠢᠳᠤᠷ ᠬᠠᠩᠭᠠᠵᠥ᠂ ᠬᠦᠮᠥᠨ ᠤ ᠪᠦᠬᠦ ᠲᠠᠯ᠎ᠠ ᠶᠢᠨ ᠬᠦᠭᠵᠢᠯᠳᠡ᠂ ᠪᠦᠬᠦ ᠠᠷᠠᠳ ᠲᠦᠮᠡᠨ ᠤ ᠬᠠᠮᠳᠤᠪᠡᠷ ᠪᠠᠶᠠᠵᠢᠨ ᠴᠢᠨᠡᠭᠡᠯᠢᠭᠵᠢᠬᠦ ᠶᠢ ᠨᠡᠩ ᠰᠠᠶᠢᠳᠤᠷ ᠠᠬᠢᠭᠤᠯᠤᠨ᠎ᠠ᠃ 2050 ᠤᠨ ᠪᠤᠯᠬᠤ ᠳᠤ᠂ ᠪᠢᠳᠡ ᠲᠤᠮᠳᠠᠳᠤ ᠤᠯᠤᠰ ᠢᠶᠠᠨ ᠪᠠᠶᠠᠨ ᠬᠦᠴᠦᠷᠬᠡᠭ ᠠᠷᠠᠳᠴᠢᠯᠠᠭᠰᠠᠠ ᠪᠤᠯᠪᠠᠰᠤᠨ ᠡᠶ᠎ᠡ ᠵᠤᠬᠢᠴᠠᠩᠭᠤᠢ ᠦᠵᠡᠰᠬᠦᠯᠡᠩᠳᠤ ᠰᠠᠶᠢᠬᠠᠨ ᠨᠡᠶᠢᠬᠡᠮ ᠵᠢᠷᠤᠮᠳᠤ ᠤᠳᠤᠬᠢᠴᠢᠯᠠᠭᠰᠠᠠ ᠬᠦᠴᠦᠷᠬᠡᠭ ᠤᠯᠤᠰ ᠪᠤᠯᠭᠠᠨ ᠪᠦᠳᠦᠭᠡᠨ ᠪᠠᠶᠢᠭᠤᠯᠤᠨ᠎ᠠ ᠬᠡᠵᠥ ᠵᠢᠭᠠᠵᠥ ᠭᠠᠷᠭᠠᠪᠠ᠃

    ᠰᠢ ᠶᠢᠨ ᠫᠢᠩ᠂ ᠳᠤᠮᠳᠠᠳᠤ ᠤᠯᠤᠰ ᠤᠨ ᠡᠪ ᠬᠠᠮᠲᠦ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠠᠴᠠ ᠳᠤᠮᠳᠠᠳᠤ ᠤᠯᠤᠰ ᠤᠨ ᠡᠳ᠋ ᠤᠨ ᠵᠠᠰᠠᠭ ᠤᠨ ᠪᠠᠶᠢᠭᠤᠯᠤᠯᠲᠠ᠂ ᠤᠯᠤᠰ ᠲᠦᠷᠦ ᠶᠢᠨ ᠪᠠᠶᠢᠭᠤᠯᠤᠯᠲᠠ᠂ ᠰᠤᠶᠤᠯ ᠤᠨ ᠪᠠᠶᠢᠭᠤᠯᠤᠯᠳᠠ᠂ ᠨᠡᠶᠢᠭᠡᠮ ᠤᠨ ᠪᠠᠶᠢᠭᠤᠯᠤᠯᠲᠠ᠂ ᠠᠮᠢ ᠠᠬᠤᠢ ᠶᠢᠨ ᠪᠤᠯᠪᠠᠰᠤᠨ ᠤ ᠪᠠᠶᠢᠭᠤᠯᠤᠯᠲᠠ ᠳᠤ ᠪᠦᠬᠦ ᠲᠠᠯ᠎ᠠ ᠶᠢᠨ ᠪᠠᠶᠢᠷᠢᠯᠠᠭᠤᠯᠤᠯᠲᠠ ᠬᠢᠪᠡ᠃ ᠪᠢᠳᠡ ᠠᠷᠠᠳ ᠲᠦᠮᠡᠨ ᠢᠶᠠᠷ ᠭᠤᠤᠯ ᠪᠤᠯᠭᠠᠬᠤ ᠬᠦᠭᠵᠢᠯᠲᠠ ᠶᠢᠨ ᠦᠵᠡᠯ ᠰᠠᠨᠠᠭ᠎ᠠ ᠶᠢ ᠳᠤᠷᠠᠳᠴᠤ᠂ ᠰᠢᠨ᠎ᠠ ᠶᠢ ᠡᠭᠦᠳᠬᠦ᠂ ᠵᠤᠬᠢᠴᠠᠩᠭᠤᠢ᠂ ᠪᠤᠬᠢᠷᠳᠤᠯ ᠦᠭᠡᠢ᠂ ᠨᠡᠬᠡᠬᠡᠯᠳᠡᠳᠦ᠂ ᠬᠠᠮᠲᠦᠪᠡᠷ ᠡᠳ᠋ᠯᠡᠬᠦ ᠰᠢᠨ᠎ᠠ ᠬᠦᠭᠵᠢᠯᠲᠠ ᠶᠢᠨ ᠤᠢᠢᠯᠠᠭᠠᠭᠳᠠᠬᠤᠨ ᠢ ᠬᠦᠨᠵᠡᠬᠡᠢ ᠲᠤᠤᠱᠯᠠᠭᠤᠯᠵᠥ ᠪᠠᠶᠢᠨ᠎ᠠ᠃ ᠪᠢᠳᠡ ᠦᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠪᠠᠷ ᠳᠠᠮᠵᠢᠵᠤ᠂ ᠨᠡᠶᠢᠭᠡᠮ ᠤᠨ ᠡᠭᠦᠳᠦᠨ ᠪᠦᠲᠦᠭᠡᠬᠦ ᠬᠦᠴᠦᠨ ᠢ ᠶᠡᠬᠡᠪᠡᠷ ᠬᠦᠭᠵᠢᠭᠡᠵᠤ᠂ ᠬᠦᠭᠵᠢᠯᠲᠠ ᠶᠢᠨ ᠠᠮᠢᠵᠢᠷᠠᠯ ᠤᠨ ᠬᠦᠴᠦᠨ ᠢ ᠦᠷᠭᠦᠯᠵᠢᠯᠡᠨ ᠪᠠᠳᠠᠷᠠᠭᠤᠯᠵᠥ ᠪᠠᠶᠢᠨ᠎ᠠ᠃ ᠪᠢᠳᠡ ᠨᠡᠩ ᠦᠨᠳᠦᠷ ᠳᠡᠰ ᠳᠠᠪᠬᠤᠷᠭ᠎ᠠ ᠶᠢᠨ ᠭᠠᠳᠠᠭᠠᠳᠦ ᠨᠡᠬᠡᠬᠡᠯᠳᠡ ᠬᠢᠵᠤ᠂ ᠪᠦᠬᠦ ᠲᠠᠯ᠎ᠠ ᠪᠠᠷ ᠨᠡᠬᠡᠬᠡᠯᠳᠡ ᠬᠢᠬᠦ ᠰᠢᠨ᠎ᠠ ᠪᠠᠶᠢᠷᠢᠰᠢᠯ ᠢ ᠪᠦᠷᠢᠯᠳᠦᠭᠦᠯᠦᠨ᠎ᠠ᠃ ᠳᠤᠮᠳᠠᠳᠤ ᠤᠯᠤᠰ ᠡᠭᠦᠳᠡ ᠪᠠᠨ ᠬᠠᠭᠠᠬᠤ ᠦᠭᠡᠢ ᠶᠤᠮ᠂ ᠬᠠᠷᠢᠨ ᠨᠡᠩ ᠶᠡᠭᠡ ᠪᠠᠷ ᠨᠡᠬᠡᠬᠡᠨ᠎ᠠ᠃ ᠪᠢᠳᠡᠨ ᠤ ᠬᠠᠷᠠᠯᠲᠠ ᠲᠦᠢᠯ ᠤᠨ ᠠᠤᠭ᠎ᠠ ᠶᠡᠭᠡ᠂ ᠭᠡᠪᠡᠴᠤ ᠪᠠᠰᠠ ᠮᠠᠰᠢ ᠪᠤᠷᠤᠭᠵᠢᠭᠤᠨ᠂ ᠡᠴᠦᠰ ᠤᠨ ᠡᠴᠦᠰ ᠲᠡᠭᠡᠨ ᠪᠦᠬᠦ ᠳᠤᠮᠳᠠᠳᠤ ᠤᠯᠤᠰ ᠤᠨ ᠠᠷᠠᠳ ᠲᠦᠮᠡᠨ ᠳᠤ ᠨᠡᠩ ᠰᠠᠶᠢᠨ ᠰᠠᠶᠢᠬᠠᠨ ᠠᠮᠢᠳᠤᠷᠠᠯ ᠢ ᠡᠳ᠋ᠯᠡᠭᠦᠯᠬᠦ ᠶᠢᠨ ᠲᠦᠯᠦᠭᠡ ᠶᠤᠮ᠃ ᠪᠢᠳᠡ ᠬᠠᠷᠠᠯᠳᠠ ᠪᠠᠨ ᠪᠡᠶᠡᠯᠡᠭᠦᠯᠬᠦ ᠳᠤ ᠢᠳᠡᠭᠡᠯ ᠲᠡᠭᠦᠯᠳᠡᠷ ᠪᠠᠶᠢᠨ᠎ᠠ ᠭᠡᠵᠤ ᠵᠢᠭᠠᠵᠤ ᠭᠠᠷᠭᠠᠵᠠᠢ᠃

    ᠰᠢ ᠶᠢᠨ ᠫᠢᠩ᠂ ᠡᠯ᠎ᠠ ᠤᠯᠤᠰ ᠤᠨ ᠠᠷᠠᠳ ᠲᠦᠮᠡᠨ ᠦᠪᠡᠷ ᠤᠨ ᠬᠦᠭᠵᠢᠯᠲᠠ ᠶᠢᠨ ᠵᠠᠮ ᠢᠶᠠᠨ ᠰᠤᠩᠭᠤᠬᠤ ᠡᠷᠬᠡ ᠲᠠᠢ ᠪᠠᠶᠢᠬᠤ ᠶᠢ ᠳᠤᠮᠳᠠᠳᠤ ᠤᠯᠤᠰ ᠢᠮᠠᠬᠳᠠ ᠰᠠᠨᠠᠭᠠᠴᠢᠯᠠᠬᠰᠠᠭᠠᠷ ᠢᠷᠡᠵᠠᠢ᠃ ᠳᠡᠯᠡᠬᠡᠢ ᠳᠡᠭᠡᠷ᠎ᠠ ᠬᠠᠮᠢᠭ᠎ᠠ ᠲᠠᠯᠪᠢᠭᠰᠠᠨ ᠴᠤ ᠵᠦᠪ ᠪᠠᠶᠢᠳᠠᠭ ᠬᠦᠭᠵᠢᠯᠲᠠ ᠶᠢᠨ ᠵᠠᠮ ᠬᠡᠮᠡᠨ ᠪᠠᠶᠢᠬᠤ ᠦᠭᠡᠢ ᠶᠤᠮ᠃ ᠬᠡᠷᠪᠡ ᠲᠦᠮᠡᠨ ᠪᠤᠳᠠᠰ ᠲᠦᠮᠡᠨ ᠬᠡᠷᠡᠭ ᠴᠦᠮ ᠡᠭᠡᠭᠡ ᠠᠳᠠᠯᠢᠬᠠᠨ ᠪᠤᠯᠴᠢᠬᠠᠪᠠᠯ ᠬᠡᠷᠡᠭ ᠪᠤᠳᠠᠰ ᠤᠨ ᠬᠦᠭᠵᠢᠯᠲᠠ᠂ ᠳᠡᠯᠡᠬᠡᠢ ᠶᠢᠨ ᠳᠠᠪᠰᠢᠯᠲᠠ ᠵᠤᠭᠰᠤᠩᠭᠢᠷᠠᠴᠢᠬᠠᠨ᠎ᠠ᠃ ᠨᠢᠭᠡ ᠤᠯᠤᠰ ᠤᠨ ᠬᠦᠭᠵᠢᠯᠲᠠ ᠶᠢᠨ ᠵᠠᠮ ᠵᠤᠬᠢᠰᠲᠠᠢ ᠪᠠᠶᠢᠬᠤ ᠡᠰᠡᠬᠦ ᠳᠤ ᠭᠠᠭᠴᠠᠬᠦ ᠡᠨᠡ ᠤᠯᠤᠰ ᠤᠨ ᠠᠷᠠᠳ ᠲᠦᠮᠡᠨ ᠬᠠᠮᠤᠭ ᠠᠴᠠ ᠢᠯᠡᠭᠦᠦ ᠦᠭᠡ ᠬᠡᠯᠡᠬᠦ ᠡᠷᠬᠡ ᠲᠠᠢ ᠶᠤᠮ᠃ ᠳᠤᠮᠳᠠᠳᠤ ᠤᠯᠤᠰ ᠪᠤᠯᠪᠠᠰᠤᠨ ᠤ ᠤᠯᠠᠨ ᠶᠠᠩᠵᠤᠳᠤ ᠴᠢᠨᠠᠷ ᠢ ᠬᠦᠨᠳᠦᠳᠭᠡᠵᠤ᠂ ᠰᠠᠨᠠᠯ ᠢᠶᠠᠨ ᠰᠤᠯᠢᠯᠴᠠᠵᠤ ᠬᠠᠷᠢᠯᠴᠠᠨ ᠲᠤᠯᠢᠯᠠᠬᠤ ᠶᠢ ᠰᠠᠨᠠᠭᠠᠴᠢᠯᠠᠨ᠎ᠠ᠃ ᠳᠤᠮᠳᠠᠳᠤ ᠤᠯᠤᠰ ᠳᠤᠷᠠᠳᠠᠶ᠎ᠠ ᠡᠯ᠎ᠠ ᠤᠯᠤᠰ ᠯᠤᠭ᠎ᠠ ᠲᠦᠷᠦ ᠶᠢ ᠵᠠᠰᠠᠵᠤ ᠵᠠᠰᠠᠭ ᠢ ᠡᠷᠬᠢᠯᠡᠬᠦ ᠲᠤᠷᠰᠢᠯᠭ᠎ᠠ ᠪᠠᠨ ᠰᠤᠯᠢᠯᠴᠠᠵᠤ᠂ ᠰᠤᠯᠢᠯᠴᠠᠬᠤ ᠳᠤᠮᠳᠠ ᠰᠠᠶᠢᠨ ᠢ ᠨᠢ ᠰᠤᠷᠤᠯᠴᠠᠵᠤ ᠳᠤᠳᠠᠭᠳᠠᠯ ᠢᠶᠠᠨ ᠨᠦᠬᠦᠪᠦᠷᠢᠯᠡᠵᠤ᠂ ᠬᠠᠮᠲᠦᠪᠡᠷ ᠳᠠᠪᠰᠢᠨ᠎ᠠ ᠭᠡᠵᠤ ᠴᠢᠬᠤᠯᠠᠴᠢᠯᠠᠵᠠᠢ᠃

    ᠰᠢ ᠶᠢᠨ ᠫᠢᠩ᠂ ᠳᠡᠯᠡᠬᠡᠢ ᠶᠢᠷᠳᠢᠨᠴᠤ ᠪᠤᠯᠪᠠᠰᠤ ᠨᠢᠭᠡ ᠪᠦᠮᠪᠦᠷᠴᠡᠭ ᠲᠤᠰᠬᠤᠨ ᠪᠤᠯᠤᠨ᠎ᠠ᠂ ᠡᠯ᠎ᠠ ᠤᠯᠤᠰ ᠬᠠᠷᠢᠯᠴᠠᠨ ᠲᠦᠰᠢᠯᠴᠡᠨ ᠤᠷᠤᠰᠢᠵᠤ᠂ ᠵᠢᠷᠭᠠᠯ ᠵᠤᠪᠠᠯᠠᠩ ᠢᠶᠠᠨ ᠬᠠᠮᠳᠤᠳᠬᠠᠵᠥ ᠪᠠᠶᠢᠭ᠎ᠠ ᠶᠤᠮ᠃ ᠳᠤᠮᠳᠠᠳᠤ ᠤᠯᠤᠰ ᠰᠢᠨ᠎ᠠ ᠮᠠᠶ᠊ᠢᠭ ᠤᠨ ᠤᠯᠠᠨ ᠤᠯᠤᠰ ᠤᠨ ᠬᠠᠷᠢᠯᠴᠠᠭ᠎ᠠ ᠶᠢ ᠪᠠᠶᠢᠭᠤᠯᠬᠤ ᠶᠢ ᠠᠬᠢᠭᠤᠯᠵᠤ᠂ ᠬᠦᠮᠦᠨ ᠲᠦᠷᠦᠯᠬᠢᠳᠡᠨ ᠤ ᠬᠤᠪᠢ ᠵᠠᠶᠠᠭᠠᠨ ᠤ ᠬᠠᠮᠲᠦ ᠶᠢᠨ ᠴᠤᠭᠴᠠ ᠶᠢ ᠪᠠᠶᠢᠭᠤᠯᠬᠤ ᠶᠢ ᠠᠬᠢᠭᠤᠯᠤᠨ᠎ᠠ᠃ ᠡᠨᠡ ᠪᠤᠯ ᠰᠢᠨ᠎ᠠ ᠴᠠᠭ ᠦᠶ᠎ᠠ ᠶᠢᠨ ᠳᠤᠮᠳᠠᠳᠤ ᠤᠯᠤᠰ ᠤᠨ ᠭᠠᠳᠠᠭᠠᠳᠦ ᠬᠠᠷᠢᠯᠴᠠᠭᠠᠨ ᠤ ᠬᠦᠭᠡᠭᠡᠴᠡᠯᠳᠦᠬᠦ ᠬᠠᠷᠠᠯᠲᠠ ᠪᠤᠯᠤᠨ᠎ᠠ᠂ ᠪᠠᠰᠠᠴᠤ ᠳᠡᠯᠡᠬᠡᠢ ᠶᠢᠨ ᠡᠯ᠎ᠠ ᠤᠯᠤᠰ ᠤᠨ ᠬᠠᠮᠲᠦᠪᠡᠷ ᠴᠢᠷᠮᠠᠶᠢᠬᠤ ᠴᠢᠭᠯᠡᠯ ᠪᠤᠯᠤᠨ᠎ᠠ᠃ ᠰᠢᠨ᠎ᠠ ᠮᠠᠶ᠊ᠢᠭ ᠤᠨ ᠤᠯᠠᠨ ᠤᠯᠤᠰ ᠤᠨ ᠬᠠᠷᠢᠯᠴᠠᠬ᠎ᠠ ᠶᠢ ᠪᠠᠶᠢᠭᠤᠯᠬᠤ ᠳᠤ ᠬᠠᠷᠢᠯᠴᠠᠨ ᠬᠦᠨᠳᠦᠳᠭᠡᠬᠦ᠂ ᠡᠷᠬᠡ ᠲᠡᠭᠰᠢ ᠲᠦᠪ ᠭᠤᠤᠯᠴᠢ ᠪᠠᠶᠢᠬᠤ᠂ ᠬᠠᠮᠲᠤᠷᠠᠯᠴᠠᠭ᠎ᠠ ᠬᠢᠵᠤ ᠬᠠᠮᠲᠦᠪᠡᠷ ᠠᠰᠢᠭ ᠬᠦᠷᠳᠡᠬᠦ ᠶᠢ ᠪᠠᠷᠢᠮᠳᠠᠯᠠᠨ᠂ ᠦᠩᠭᠡᠷᠡᠭᠰᠡᠨ ᠤ ᠬᠦᠴᠦᠷᠬᠡᠭ ᠨᠢ ᠪᠠᠭᠤᠷᠠᠢ ᠪᠠᠨ ᠳᠠᠷᠤᠯᠠᠬᠤ ᠳᠦᠷᠢᠮ ᠢ ᠲᠡᠪᠴᠢᠵᠤ᠂ ᠶᠠᠷᠢᠯᠴᠠᠭ᠎ᠠ ᠬᠢᠬᠦ ᠠᠴᠠ ᠪᠢᠰᠢ ᠦᠯᠦ ᠡᠰᠡᠷᠭᠦᠴᠡᠯᠳᠦᠬᠦ᠂ ᠨᠦᠬᠦᠷᠯᠡᠬᠦ ᠠᠴᠠ ᠪᠢᠰᠢ ᠬᠤᠯᠪᠤᠭ᠎ᠠ ᠦᠯᠦ ᠪᠠᠶᠢᠭᠤᠯᠬᠤ ᠤᠯᠤᠰ ᠬᠢᠭᠡᠳ ᠤᠯᠤᠰ ᠤᠨ ᠶᠠᠪᠤᠯᠴᠠᠭᠠᠨ ᠤ ᠰᠢᠨ᠎ᠠ ᠵᠠᠮ ᠢᠶᠠᠷ ᠵᠠᠮᠨᠠᠬᠤ ᠬᠡᠷᠡᠭᠲᠠᠢ᠃ ᠬᠦᠮᠦᠨ ᠲᠦᠷᠦᠯᠬᠢᠳᠡᠨ ᠤ ᠬᠤᠪᠢ ᠵᠠᠶᠠᠭᠠᠨ ᠤ ᠬᠠᠮᠲᠦ ᠶᠢᠨ ᠴᠤᠭᠴᠠ ᠶᠢ ᠪᠠᠶᠢᠭᠤᠯᠬᠤ ᠳᠤ᠂ ᠦᠨᠢ ᠡᠭᠦᠷᠢᠳᠡ ᠡᠩᠬᠡ ᠲᠠᠶᠢᠪᠤᠩ᠂ ᠨᠡᠶᠢᠳᠡᠮ ᠠᠮᠤᠷ ᠲᠦᠪᠰᠢᠨ᠂ ᠬᠠᠮᠲᠦᠪᠡᠷ ᠴᠡᠴᠡᠭᠯᠡᠨ ᠬᠦᠭᠵᠢᠭᠰᠡᠨ᠂ ᠨᠡᠬᠡᠬᠡᠯᠳᠡᠳᠠᠢ ᠪᠠᠭᠳᠠᠭᠠᠮᠵᠢᠲᠠᠢ᠂ ᠠᠷᠢᠭᠤᠨ ᠴᠡᠪᠡᠷ ᠦᠵᠡᠰᠭᠦᠯᠡᠩᠳᠤ ᠰᠠᠶᠢᠬᠠᠨ ᠳᠡᠯᠡᠬᠡᠢ ᠶᠢᠷᠳᠢᠨᠴᠤ ᠶᠢ ᠪᠦᠲᠦᠭᠡᠨ ᠪᠠᠶᠢᠭᠤᠯᠬᠤ ᠬᠡᠷᠡᠭᠲᠠᠢ᠃ ᠳᠤᠮᠳᠠᠳᠤ ᠶᠢᠨ ᠵᠡᠭᠦᠳᠦ ᠨᠢ ᠳᠤᠮᠳᠠᠳᠤ ᠤᠯᠤᠰ ᠤᠨ ᠠᠷᠠᠳ ᠲᠦᠮᠡᠨ ᠤ ᠰᠠᠶᠢᠨ ᠰᠠᠶᠢᠬᠠᠨ ᠠᠮᠢᠳᠤᠷᠠᠯ ᠤᠨ ᠬᠦᠰᠡᠯ ᠡᠷᠡᠮᠡᠯᠵᠡᠯ ᠤᠨ ᠬᠠᠮᠤᠭ ᠤᠨ ᠶᠡᠭᠡ ᠬᠤᠷᠢᠶᠠᠭᠴᠢ ᠲᠤᠭ᠎ᠠ ᠶᠢ ᠨᠢᠭᠳᠠᠷᠠᠭᠤᠯᠵᠤ᠂ ᠬᠦᠮᠦᠨ ᠲᠦᠷᠦᠯᠬᠢᠳᠡᠨ ᠤ ᠬᠤᠪᠢ ᠵᠠᠶᠠᠭᠠᠨ ᠤ ᠬᠠᠮᠲᠦ ᠶᠢᠨ ᠴᠤᠭᠴᠠ ᠨᠢ ᠳᠡᠯᠡᠬᠡᠢ ᠶᠢᠨ ᠡᠯ᠎ᠠ ᠤᠯᠤᠰ ᠤᠨ ᠠᠷᠠᠳ ᠲᠦᠮᠡᠨ ᠤ ᠡᠩᠬᠡ ᠲᠠᠶᠢᠪᠤᠩ᠂ ᠬᠦᠭᠵᠢᠯ᠂ ᠴᠡᠴᠡᠭᠯᠡᠯ ᠤᠨ ᠬᠦᠰᠡᠯ ᠡᠷᠡᠮᠡᠯᠵᠡᠯ ᠤᠨ ᠬᠠᠮᠤᠭ ᠤᠨ ᠶᠡᠭᠡ ᠬᠤᠷᠢᠶᠠᠭᠴᠢ ᠲᠤᠭ᠎ᠠ ᠶᠢ ᠨᠢᠭᠳᠠᠷᠠᠭᠤᠯᠵᠤ ᠪᠠᠶᠢᠨ᠎ᠠ ᠭᠡᠵᠤ ᠵᠢᠭᠠᠵᠤ ᠭᠠᠷᠭᠠᠪᠠ᠃

    ᠰᠢ ᠶᠢᠨ ᠫᠢᠩ᠂ 13 ᠳ᠋ᠦᠩᠰᠢᠭᠤᠷ ᠭᠠᠷᠤᠢ ᠬᠦᠮᠦᠨ ᠠᠮᠠ ᠲᠠᠢ ᠤᠯᠤᠰ ᠪᠤᠯᠤᠬᠰᠠᠨ ᠤ ᠬᠤᠪᠢ ᠳᠤ᠂ ᠳᠤᠮᠳᠠᠳᠤ ᠤᠯᠤᠰ ᠤᠷᠲᠤ ᠬᠤᠭᠤᠴᠠᠭ᠎ᠠ ᠪᠠᠷ ᠲᠤᠬᠲᠠᠭᠤᠨ ᠬᠦᠭᠵᠢᠯᠲᠡ ᠪᠠᠨ ᠪᠠᠲᠤᠯᠠᠬᠰᠠᠨ ᠨᠢ ᠳᠠᠷᠤᠢ ᠬᠦᠮᠦᠨ ᠲᠦᠷᠦᠯᠬᠢᠲᠡᠨ ᠤ ᠬᠤᠪᠢ ᠵᠠᠶᠠᠭᠠᠨ ᠤ ᠬᠠᠮᠲᠤ ᠶᠢᠨ ᠴᠤᠬᠴᠠ ᠶᠢ ᠪᠠᠶᠢᠭᠤᠯᠬᠤ ᠳᠤ ᠦᠵᠡᠭᠦᠯᠦᠭᠰᠡᠨ ᠬᠤᠪᠢ ᠨᠡᠮᠡᠷᠢ ᠪᠤᠯᠤᠨ᠎ᠠ᠃ ᠳᠤᠮᠳᠠᠳᠤ ᠤᠯᠤᠰ ᠢᠮᠠᠬᠲᠠ ᠬᠤᠪᠢᠷᠠᠰᠢ ᠦᠭᠡᠢ ᠡᠩᠬᠡ ᠲᠠᠶᠢᠪᠤᠩ ᠢᠶᠠᠷ ᠬᠦᠭᠵᠢᠭᠦᠯᠬᠦ ᠵᠠᠮ ᠢᠶᠠᠷ ᠵᠠᠮᠨᠠᠵᠤ᠂ ᠤᠯᠤᠰ ᠬᠦᠴᠦᠷᠬᠡᠭᠵᠢᠪᠡᠯ ᠯᠠᠪᠲᠠᠢ ᠡᠵᠡᠷᠬᠡᠭᠴᠢ ᠪᠤᠯᠬᠤ ᠵᠠᠮ ᠢᠶᠠᠷ ᠵᠠᠮᠨᠠᠬᠤ ᠦᠭᠡᠢ᠃ ᠪᠢᠳᠠ ᠪᠡᠶ᠎ᠡ ᠪᠠᠨ ᠲᠠᠭᠠᠭᠠᠵᠤ ᠡᠵᠡᠨ ᠮᠡᠳᠡᠭᠰᠡᠨ ᠡᠩᠬᠡ ᠲᠠᠶᠢᠪᠤᠩ ᠭᠠᠳᠠᠭᠠᠳᠤ ᠬᠠᠷᠢᠯᠴᠠᠭ᠎ᠠ ᠶᠢᠨ ᠲᠦᠷᠦ ᠶᠢᠨ ᠪᠤᠳᠤᠯᠭ᠎ᠠ ᠶᠢ ᠡᠷᠡᠰ ᠬᠡᠷᠡᠭᠵᠢᠭᠦᠯᠵᠦ᠂ ᠤᠯᠠᠨ ᠤᠯᠤᠰ ᠤᠨ ᠲᠦᠪ ᠭᠤᠤᠯᠴᠢ ᠰᠢᠳᠤᠷᠭᠤ ᠶᠤᠰᠤ ᠶᠢ ᠬᠠᠮᠠᠭᠠᠯᠠᠵᠤ᠂ ᠦᠪᠡᠷ ᠤᠨ ᠵᠤᠷᠢᠯᠲᠠ ᠪᠠᠨ ᠪᠤᠰᠤᠳ ᠲᠤ ᠠᠯᠪᠠᠳᠠᠨ ᠲᠤᠯᠭᠠᠬᠤ ᠶᠢ ᠡᠰᠡᠷᠭᠦᠴᠡᠵᠦ᠂ ᠪᠤᠰᠤᠳ ᠤᠯᠤᠰ ᠤᠨ ᠲᠤᠳᠤᠭᠠᠳᠤ ᠶᠠᠪᠤᠳᠠᠯ ᠳᠤ ᠭᠠᠷ ᠳᠦᠷᠦᠬᠦ ᠶᠢ ᠡᠰᠡᠷᠭᠦᠴᠡᠵᠦ᠂ ᠬᠦᠴᠦᠷᠬᠡᠭ ᠨᠢ ᠪᠠᠭᠤᠷᠠᠢ ᠪᠠᠨ ᠲᠠᠷᠤᠯᠠᠬᠤ ᠶᠢ ᠡᠰᠡᠷᠭᠦᠴᠡᠨ᠎ᠡ᠃ ᠳᠤᠮᠳᠠᠳᠤ ᠤᠯᠤᠰ ᠤᠯᠠᠨ ᠤᠯᠤᠰ ᠤᠨ ᠬᠠᠮᠲᠤᠷᠠᠯᠴᠠᠭ᠎ᠠ ᠶᠢ ᠦᠷᠨᠢᠭᠦᠯᠵᠦ᠂ 《ᠨᠢᠭᠡ ᠪᠦᠰᠡ ᠨᠢᠭᠡ ᠵᠠᠮ》 ᠢ ᠬᠠᠮᠲᠤᠪᠡᠷ ᠪᠠᠶᠢᠭᠤᠯᠬᠤ ᠶᠢ ᠠᠬᠢᠭᠤᠯᠬᠤ ᠳᠠᠭᠠᠨ ᠶᠡᠷᠦ ᠠᠴᠠ ᠪᠤᠰᠤᠳ ᠤᠯᠤᠰ ᠤᠨ ᠲᠤᠳᠤᠭᠠᠳᠤ ᠶᠠᠪᠤᠳᠠᠯ ᠳᠤ ᠭᠠᠷ ᠳᠦᠷᠦᠬᠦ ᠨᠦᠬᠦᠴᠡᠯ ᠢ ᠳᠠᠭᠠᠯᠳᠤᠭᠤᠯᠳᠠᠬ ᠦᠭᠡᠢ᠃ ᠳᠤᠮᠳᠠᠳᠤ ᠤᠯᠤᠰ ᠪᠦᠬᠦ ᠪᠦᠮᠪᠦᠷᠴᠡᠭ ᠤᠨ ᠳᠦᠩᠰᠢᠯᠡᠯ ᠤᠨ ᠬᠠᠷᠢᠯᠴᠠᠭ᠎ᠠ ᠶᠢ ᠢᠳᠡᠪᠬᠢᠲᠡᠢ ᠪᠠᠷ ᠬᠦᠭᠵᠢᠭᠦᠯᠵᠦ᠂ ᠡᠯ᠎ᠡ ᠤᠯᠤᠰ ᠤᠨ ᠠᠰᠢᠬ ᠲᠤᠰᠠ ᠯᠤᠭ᠎ᠠ ᠶᠢᠨ ᠵᠤᠯᠭᠠᠯᠴᠠᠯ ᠢᠶᠠᠨ ᠦᠷᠭᠡᠳᠬᠡᠵᠦ᠂ ᠶᠡᠭᠡ ᠤᠯᠤᠰ ᠤᠨ ᠵᠤᠬᠢᠴᠠᠭᠤᠯᠭ᠎ᠠ ᠬᠠᠮᠲᠤᠷᠠᠯᠴᠠᠭ᠎ᠠ ᠶᠢ ᠦᠷᠬᠦᠯᠵᠢᠯᠡᠨ ᠠᠬᠢᠭᠤᠯᠵᠤ᠂ ᠬᠦᠷᠰᠢ ᠤᠯᠤᠰ ᠯᠤᠭ᠎ᠠ ᠶᠢᠨ ᠬᠠᠷᠢᠯᠴᠠᠭ᠎ᠠ ᠪᠠᠨ ᠭᠦᠨᠵᠡᠭᠡᠶᠢᠷᠡᠭᠦᠯᠵᠦ᠂ ᠬᠦᠭᠵᠢᠵᠦ ᠪᠠᠶᠢᠭ᠎ᠠ ᠤᠯᠤᠰ ᠤᠳ ᠯᠤᠭ᠎ᠠ ᠶᠢᠨ ᠪᠦᠯᠬᠦᠮᠳᠡᠯ ᠬᠠᠮᠲᠤᠷᠠᠯᠴᠠᠭ᠎ᠠ ᠪᠠᠨ ᠴᠢᠩᠭᠠᠳᠬᠠᠨ᠎ᠠ᠃ ᠳᠤᠮᠳᠠᠳᠤ ᠤᠯᠤᠰ ᠭᠠᠳᠠᠭᠠᠳᠤ ᠨᠡᠭᠡᠭᠡᠯᠲᠡ ᠶᠢᠨ ᠦᠨᠳᠦᠰᠦᠨ ᠤᠯᠤᠰ ᠤᠨ ᠪᠤᠳᠤᠯᠭ᠎ᠠ ᠪᠠᠨ ᠪᠠᠷᠢᠮᠲᠠᠯᠠᠨ᠎ᠠ ᠭᠡᠵᠦ ᠴᠢᠬᠤᠯᠠᠴᠢᠯᠠᠪᠠ᠃

    ᠰᠢ ᠶᠢᠨ ᠫᠢᠩ᠂ ᠳᠤᠮᠳᠠᠳᠤ ᠤᠯᠤᠰ ᠨᠡᠩ ᠢᠳᠡᠪᠬᠢᠲᠡᠢ ᠤᠪᠤᠷ ᠢᠶᠠᠷ ᠪᠦᠬᠦ ᠪᠦᠮᠪᠦᠷᠴᠡᠭ ᠤᠨ ᠵᠠᠰᠠᠯᠲᠠ ᠳᠤ ᠤᠷᠤᠯᠴᠠᠵᠤ᠂ ᠡᠷᠬᠡ ᠮᠡᠳᠡᠯ ᠡᠷᠬᠡ ᠲᠡᠭᠰᠢ᠂ ᠲᠦᠪ ᠭᠤᠤᠯᠴᠢ ᠰᠢᠳᠤᠷᠭᠤ ᠶᠤᠰᠤ ᠶᠢ ᠪᠠᠷᠢᠮᠲᠠᠯᠠᠵᠤ᠂ ᠬᠠᠮᠲᠤᠪᠡᠷ ᠵᠦᠪᠳᠡᠬᠦ ᠬᠠᠮᠲᠤᠪᠡᠷ ᠪᠠᠶᠢᠭᠤᠯᠬᠤ ᠬᠠᠮᠲᠤᠪᠡᠷ ᠡᠳ᠋ᠯᠡᠬᠦ᠂ ᠬᠠᠮᠲᠤᠷᠠᠨ ᠠᠵᠢᠯᠯᠠᠵᠤ ᠬᠠᠮᠲᠤᠪᠡᠷ ᠠᠰᠢᠬ ᠬᠦᠷᠲᠡᠬᠦ ᠶᠢ ᠪᠠᠷᠢᠮᠲᠠᠯᠠᠵᠤ᠂ ᠤᠯᠠᠨ ᠲᠠᠯᠠᠲᠤ ᠦᠵᠡᠯ ᠢ ᠪᠠᠷᠢᠮᠲᠠᠯᠠᠵᠤ᠂ ᠲᠤᠬᠲᠠᠭᠤᠨ ᠪᠠᠶᠢᠳᠠᠯ ᠢ ᠬᠠᠮᠠᠭᠠᠯᠠᠵᠤ᠂ ᠠᠯᠬᠤᠮ ᠳᠠᠷᠠᠭ᠎ᠠ ᠲᠠᠢ ᠪᠠᠷ ᠤᠷᠤᠬᠰᠢᠯᠠᠬᠤ ᠶᠢ ᠪᠠᠷᠢᠮᠲᠠᠯᠠᠵᠤ᠂ ᠦᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠶᠢ ᠪᠠᠷᠢᠮᠲᠠᠯᠠᠨ᠎ᠠ᠃ ᠳᠤᠮᠳᠠᠳᠤ ᠤᠯᠤᠰ 《ᠨᠢᠭᠡ ᠪᠦᠰᠡ ᠨᠢᠭᠡ ᠵᠠᠮ》 ᠤᠨ ᠰᠠᠨᠠᠭᠠᠴᠢᠯᠠᠭ᠎ᠠ ᠶᠢ ᠭᠦᠨᠵᠡᠭᠡᠢ ᠠᠬᠢᠭᠤᠯᠬᠤ ᠪᠤᠯ ᠳᠠᠷᠤᠢ ᠬᠠᠮᠲᠤᠪᠡᠷ ᠵᠦᠪᠳᠡᠬᠦ ᠬᠠᠮᠲᠤᠪᠡᠷ ᠪᠠᠶᠢᠭᠤᠯᠬᠤ ᠬᠠᠮᠲᠤᠪᠡᠷ ᠡᠳ᠋ᠯᠡᠬᠦ ᠵᠠᠷᠴᠢᠮ ᠢ ᠪᠠᠷᠢᠮᠲᠠᠯᠠᠵᠤ᠂ ᠡᠯ᠎ᠡ ᠤᠯᠤᠰ ᠤᠨ ᠬᠠᠮᠲᠤᠷᠠᠯᠴᠠᠭ᠎ᠠ ᠳᠤ ᠰᠢᠨ᠎ᠡ ᠲᠠᠪᠴᠠᠩ ᠪᠠᠶᠢᠭᠤᠯᠵᠤ᠂ ᠳᠠᠪᠠᠭᠤᠯᠢᠬ ᠢᠶᠠᠨ ᠬᠠᠷᠢᠯᠴᠠᠨ ᠨᠦᠬᠦᠪᠦᠷᠢᠯᠡᠬᠦ ᠶᠢ ᠪᠡᠶᠡᠯᠡᠭᠦᠯᠵᠦ᠂ ᠬᠠᠮᠲᠤᠷᠠᠯᠴᠠᠭ᠎ᠠ ᠬᠢᠵᠦ ᠬᠠᠮᠲᠤᠪᠡᠷ ᠠᠰᠢᠬ ᠬᠦᠷᠲᠡᠬᠦ ᠶᠢ ᠠᠬᠢᠭᠤᠯᠵᠤ ᠪᠠᠶᠢᠭ᠎ᠠ ᠶᠠᠪᠤᠳᠠᠯ ᠪᠤᠯᠤᠨ᠎ᠠ ᠃ ᠳᠤᠮᠳᠠᠳᠤ ᠤᠯᠤᠰ ᠴᠢᠷᠮᠠᠶᠢᠨ ᠢᠳᠬᠠᠨ ᠡᠪᠰᠡᠭᠦᠯᠵᠦ ᠬᠡᠯᠡᠯᠴᠡᠭᠡ ᠶᠢ ᠠᠬᠢᠭᠤᠯᠵᠤ᠂ ᠤᠯᠠᠨ ᠤᠯᠤᠰ ᠤᠨ ᠬᠠᠯᠠᠮᠰᠢᠯ ᠠᠰᠠᠭᠤᠳᠠᠯ ᠪᠡᠷᠬᠡ ᠠᠰᠠᠭᠤᠳᠠᠯ ᠢ ᠤᠯᠤᠰ ᠲᠦᠷᠦ ᠶᠢᠨ ᠠᠷᠭ᠎ᠠ ᠪᠠᠷ ᠰᠢᠢᠳᠪᠣᠷᠢᠯᠡᠬᠦ ᠠᠬᠢᠴᠠ ᠶᠢ ᠠᠬᠢᠭᠤᠯᠵᠤ᠂ ᠨᠢᠬᠡᠳᠦᠭᠰᠡᠨ ᠦᠨᠳᠦᠰᠦᠨ ᠤ ᠪᠠᠶᠢᠭᠤᠯᠤᠯᠭ᠎ᠠ ᠶᠢᠨ ᠡᠩᠬᠡ ᠲᠠᠶᠢᠪᠤᠩ ᠢ ᠬᠠᠮᠠᠭᠠᠯᠠᠬᠤ ᠠᠵᠢᠯᠯᠠᠭ᠎ᠠ ᠳᠤ ᠢᠳᠡᠪᠬᠢᠲᠡᠢ ᠤᠷᠤᠯᠴᠠᠵᠤ᠂ ᠠᠭᠤᠷ ᠠᠮᠢᠰᠬᠤᠯ ᠤᠨ ᠬᠤᠪᠢᠷᠠᠯᠲᠠ ᠶᠢᠨ《ᠫᠠᠷᠢᠰ ᠤᠨ ᠬᠡᠯᠡᠯᠴᠡᠭᠡᠷ》ᠪᠠ ᠤᠯᠠᠨ ᠤᠯᠤᠰ ᠤᠨ ᠬᠤᠯᠪᠤᠭᠠᠲᠤ ᠪᠠᠶᠢᠭᠤᠯᠤᠯᠭ᠎ᠠ ᠶᠢᠨ 2030 ᠤᠨ ᠤ ᠦᠷᠬᠦᠯᠵᠢᠯᠡᠬᠦ ᠬᠦᠭᠵᠢᠯᠲᠡ ᠶᠢᠨ ᠵᠦᠪᠯᠡᠬᠦ ᠵᠦᠢᠯ ᠢ ᠨᠠᠶᠢᠳᠠᠪᠤᠷᠢᠵᠢᠭᠤᠯᠬᠤ ᠪᠠᠷ ᠬᠦᠴᠦᠯᠡᠨ ᠴᠢᠷᠮᠠᠶᠢᠨ᠎ᠠ᠃ ᠳᠤᠮᠳᠠᠳᠤ ᠤᠯᠤᠰ ᠳᠡᠯᠡᠬᠡᠢ ᠶᠢᠨ ᠡᠩᠬᠡ ᠲᠠᠶᠢᠪᠤᠩ ᠲᠤᠬᠲᠠᠭᠤᠨ ᠪᠠᠶᠢᠳᠠᠯ ᠢ ᠬᠠᠮᠠᠭᠠᠯᠠᠬᠤ᠂ ᠪᠦᠬᠦ ᠪᠦᠮᠪᠦᠷᠴᠡᠭ ᠤᠨ ᠬᠦᠭᠵᠢᠯ ᠴᠡᠴᠡᠭᠯᠡᠯ ᠢ ᠠᠬᠢᠭᠤᠯᠬᠤ ᠳᠤ ᠨᠡᠩ ᠶᠡᠭᠡ ᠬᠤᠪᠢ ᠨᠡᠮᠡᠷᠢ ᠦᠵᠡᠭᠦᠯᠦᠨ᠎ᠡ ᠭᠡᠵᠦ ᠴᠢᠬᠤᠯᠠᠴᠢᠯᠠᠪᠠ᠃

    ᠰᠢ ᠶᠢᠨ ᠫᠢᠩ᠂ ᠳᠡᠯᠡᠬᠡᠢ ᠶᠢᠨ ᠤᠳᠤᠷᠢᠳᠤᠬᠴᠢ ᠶᠢᠨ ᠬᠤᠯᠪᠤᠭ᠎ᠠ ᠶᠢᠨ ᠰᠢᠨ᠎ᠡ ᠬᠠᠭᠤᠴᠢᠨ ᠨᠠᠶᠢᠵᠢ ᠨᠠᠷ ᠲᠠᠪᠤᠨ ᠶᠡᠭᠡ ᠲᠢᠪ ᠠᠴᠠ ᠢᠷᠡᠵᠦ᠂ ᠪᠦᠭᠦᠳᠡᠭᠡᠷ ᠢᠶᠠᠨ ᠡᠯ᠎ᠡ ᠤᠯᠤᠰ ᠤᠨ ᠳᠤᠮᠳᠠᠳᠤ ᠤᠯᠤᠰ ᠯᠤᠭ᠎ᠠ ᠶᠢᠨ ᠰᠤᠯᠢᠯᠴᠠᠭ᠎ᠠ ᠬᠠᠮᠲᠤᠷᠠᠯᠴᠠᠭ᠎ᠠ ᠶᠢ ᠠᠬᠢᠭᠤᠯᠬᠤ ᠲᠤᠬᠠᠢ ᠦᠯᠡᠮᠵᠢᠬᠡᠨ ᠠᠵᠢᠯ ᠬᠢᠵᠠᠢ᠂ ᠪᠢ ᠡᠭᠦᠨ ᠢ ᠳᠡᠭᠡᠳᠦ ᠬᠡᠮᠵᠢᠶ᠎ᠡ ᠪᠠᠷ ᠪᠠᠭ᠋ᠠᠷᠬᠠᠵᠤ ᠪᠠᠶᠢᠨ᠎ᠠ᠂ ᠲᠠ ᠨᠠᠷ ᠤᠨ ᠦᠪᠡᠷ ᠦᠪᠡᠷ ᠤᠨ ᠳᠠᠪᠠᠭᠤᠯᠢᠬ ᠢᠶᠠᠨ ᠪᠠᠳᠠᠷᠠᠭᠤᠯᠵᠤ᠂ ᠳᠤᠮᠳᠠᠳᠤ ᠤᠯᠤᠰ ᠤᠨ ᠬᠦᠭᠵᠢᠯᠲᠡ ᠳᠤ ᠢᠯᠡᠭᠦᠬᠡᠨ ᠠᠷᠭ᠎ᠠ ᠪᠤᠳᠤᠯᠭ᠎ᠠ ᠳᠤᠷᠠᠳᠴᠤ᠂ ᠳᠤᠮᠳᠠᠳᠤ ᠤᠯᠤᠰ ᠤᠨ ᠠᠷᠠᠳ ᠲᠦᠮᠡᠨ ᠪᠠ ᠡᠯ᠎ᠡ ᠤᠯᠤᠰ ᠤᠨ ᠠᠷᠠᠳ ᠲᠦᠮᠡᠨ ᠤ ᠬᠤᠭᠤᠷᠤᠨᠳᠤᠬᠢ ᠤᠢᠢᠯᠠᠭᠠᠯᠴᠠᠭ᠎ᠠ ᠪᠠ ᠨᠦᠬᠦᠷᠯᠡᠯ ᠢ ᠨᠡᠮᠡᠭᠳᠡᠬᠦᠯᠬᠦ ᠶᠢ ᠬᠦᠰᠡᠵᠦ ᠪᠠᠶᠢᠨ᠎ᠠ ᠭᠡᠵᠦ ᠵᠢᠭᠠᠵᠤ ᠭᠠᠷᠭᠠᠪᠠ᠃

    ᠯᠠᠲᠸᠢᠶ᠎ᠠ ᠶᠢᠨ ᠤᠤᠯ ᠤᠨ ᠶᠠᠷᠤᠩᠭᠡᠶᠢᠯᠡᠭᠴᠢ᠂ ᠲᠡᠯᠡᠬᠡᠢ ᠶᠢᠨ ᠤᠳᠤᠷᠢᠳᠤᠭᠴᠢ ᠶᠢᠨ ᠬᠤᠯᠪᠤᠭ᠎ᠠ ᠶᠢᠨ ᠲᠡᠷᠢᠬᠦᠯᠡᠭᠴᠢ ᠹᠦᠯᠠᠶᠢᠪᠸᠢᠢᠵᠢᠶᠠ᠂ ᠢᠲ᠋ᠠᠯᠢ ᠶᠢᠨ ᠤᠤᠯ ᠤᠨ ᠶᠠᠷᠤᠩᠬᠡᠶᠢᠯᠡᠭᠴᠢ᠂ ᠡᠸᠦ᠋ᠷᠤᠫᠠ ᠲᠢᠪ ᠤᠨ ᠤᠯᠤᠰ ᠤᠳ ᠤᠨ ᠬᠤᠯᠪᠤᠭ᠎ᠠ ᠶᠢᠨ ᠤᠤᠯ ᠤᠨ ᠲᠡᠷᠢᠬᠦᠯᠡᠭᠴᠢ ᠫᠤᠯᠤᠳᠢ᠂ ᠴᠢᠯᠢ ᠶᠢᠨ ᠤᠤᠯ ᠤᠨ ᠶᠠᠷᠤᠩᠬᠡᠶᠢᠯᠡᠭᠴᠢ ᠯᠡᠭᠧᠰ᠂ ᠨᠧᠭᠧᠷᠢᠶ᠎ᠠ  ᠶᠢᠨ ᠤᠤᠯ ᠤᠨ ᠶᠠᠷᠤᠩᠬᠡᠶᠢᠯᠡᠭᠴᠢ ᠤᠤᠪᠠᠰᠠᠩᠴᠢᠶᠤᠤ᠂ ᠨᠢᠬᠡᠳᠦᠭᠰᠡᠨ ᠦᠨᠳᠦᠰᠦᠨ ᠤ ᠪᠠᠶᠢᠭᠤᠯᠤᠯᠭ᠎ᠠ ᠶᠢᠨ ᠤᠤᠯ ᠤᠨ ᠨᠠᠷᠢᠨ ᠪᠢᠴᠢᠭ᠌ ᠤᠨ ᠲᠠᠷᠤᠭ᠎ᠠ ᠫᠠᠨ ᠵᠢᠢ ᠸᠧᠨ᠂ ᠶᠠᠫᠤᠨ ᠤ ᠤᠤᠯ ᠤᠨ ᠲᠡᠷᠢᠬᠦᠨ ᠰᠠᠶᠢᠳ ᠡᡁᠨᠲ᠋ᠤᠶᠠᠮᠠ ᠶᠦᠺᠢᠸᠣ᠋᠂ ᠠᠦ᠋ᠰᠲ᠋ᠷᠠᠯᠢᠶ᠎ᠠ ᠳᠤᠮᠳᠠᠳᠤ ᠶᠢᠨ ᠨᠦᠬᠦᠷᠰᠡᠭ ᠰᠤᠯᠢᠯᠴᠠᠭᠠᠨ ᠤ ᠨᠡᠶᠢᠭᠡᠮᠯᠢᠭ ᠤᠨ ᠲᠠᠷᠤᠭ᠎ᠠ ᠵᠸᠤ ᠽᠧ ᠷᠦᠩ ᠤᠷᠢᠳ ᠬᠤᠵᠢᠳ ᠶᠠᠷᠢᠶ᠎ᠠ ᠲᠠᠯᠪᠢᠪᠠ᠃ ᠲᠡᠳᠡ ᠳᠤᠮᠳᠠᠳᠤ ᠤᠯᠤᠰ ᠤᠨ ᠡᠪ ᠬᠠᠮᠳᠤ ᠨᠠᠮ ᠤᠨ ᠠᠷᠪᠠ ᠶᠢᠰᠤᠳᠤᠭᠡᠷ ᠶᠡᠭᠡ ᠬᠤᠷᠠᠯ ᠤᠨ ᠠᠮᠵᠢᠯᠳᠠ ᠲᠠᠢ ᠬᠤᠷᠠᠯᠳᠤᠬᠰᠠᠨ ᠳᠤ ᠪᠠᠶᠠᠷ ᠬᠦᠷᠬᠡᠪᠠ᠃ ᠲᠡᠳᠡ᠂ ᠰᠢᠨ᠎ᠠ ᠴᠠᠬ ᠦᠶ᠎ᠠ ᠳᠤ ᠤᠷᠤᠬᠰᠠᠨ ᠳᠤᠮᠳᠠᠳᠤ ᠤᠯᠤᠰ ᠨᠢ ᠲᠡᠯᠡᠬᠡᠢ ᠳ᠋ᠠᠬᠢᠨ ᠳᠤ ᠨᠡᠩ ᠶᠡᠭᠡ ᠪᠤᠶᠠᠨ ᠤᠢᠢᠯᠡᠳᠬᠦ ᠪᠤᠯᠤᠨ᠎ᠠ᠃ ᠳᠤᠮᠳᠠᠳᠤ ᠤᠯᠤᠰ ᠤᠨ ᠬᠦᠭᠵᠢᠯᠳᠠ ᠶᠢᠨ ᠦᠷ᠎ᠠ ᠪᠦᠳᠤᠬᠡᠯ ᠲᠡᠯᠡᠬᠡᠢ ᠳ᠋ᠡᠬᠢᠨ ᠤ ᠠᠩᠬᠠᠷᠤᠯ ᠢ ᠲᠡᠳᠠᠵᠤ᠂ ᠳᠤᠮᠳᠠᠳᠤ ᠤᠯᠤᠰ ᠨᠢ ᠪᠦᠬᠦ ᠪᠦᠮᠪᠦᠷᠴᠡᠭ ᠤᠨ ᠡᠳ᠋ ᠤᠨ ᠵᠠᠰᠠᠭ ᠤᠨ ᠤᠳᠤᠷᠢᠳᠬᠤ ᠬᠦᠴᠤᠨ ᠪᠤᠯᠤᠨ ᠲᠡᠯᠡᠬᠡᠢ ᠶᠢᠨ ᠤᠯᠠᠨ ᠡᠰᠢᠵᠢᠯ ᠢ ᠠᠬᠢᠭᠤᠯᠬᠤ ᠴᠢᠬᠤᠯᠠ ᠬᠦᠴᠤᠨ ᠪᠤᠯᠤᠬᠰᠠᠨ ᠪᠠᠶᠢᠨ᠎ᠠ᠂ ᠲᠡᠯᠡᠬᠡᠢ ᠶᠢᠨ ᠭᠡᠷᠡᠭ ᠶᠠᠪᠤᠳᠠᠯ ᠳᠠᠬᠢ ᠨᠦᠯᠤᠬᠡ ᠡᠳᠤᠷ ᠢᠷᠡᠬᠦᠶ᠎ᠠ ᠦᠷᠬᠡᠵᠢᠵᠤ ᠪᠤᠢ᠃ ᠳᠤᠮᠳᠠᠳᠤ ᠤᠯᠤᠰ ᠤᠨ ᠬᠢᠨ ᠲᠡᠯᠡᠬᠡᠶᠢᠵᠢᠯ ᠢ ᠨᠡᠩ ᠡᠷᠬᠡ ᠲᠡᠭᠰᠢ᠂ ᠪᠠᠭᠳᠠᠭᠠᠮᠵᠢᠳᠠᠢ ᠴᠢᠭᠯᠡᠯ ᠲᠡᠰᠢ ᠬᠦᠭᠵᠢᠬᠦ ᠶᠢ ᠴᠢᠷᠮᠠᠶᠢᠨ ᠠᠬᠢᠭᠤᠯᠵᠤ᠂ ᠲᠡᠯᠡᠬᠡᠢ ᠶᠢᠨ ᠴᠡᠴᠡᠭᠯᠡᠯ ᠬᠦᠭᠵᠢᠯ ᠢ ᠠᠬᠢᠭᠤᠯᠵᠤ᠂ ᠠᠭᠤᠷ ᠠᠮᠢᠰᠬᠤᠯ ᠤᠨ ᠬᠤᠪᠢᠷᠠᠯᠳᠠ ᠶᠢ ᠠᠷᠭᠠᠴᠠᠬᠤ ᠤᠯᠠᠨ ᠤᠯᠤᠰ ᠤᠨ ᠬᠠᠮᠳᠤᠷᠠᠯᠴᠠᠭ᠎ᠠ ᠶᠢᠨ ᠲᠦᠯᠤᠬᠡ ᠴᠢᠷᠮᠠᠶᠢᠵᠤ᠂ ᠬᠦᠭᠵᠢᠵᠤ ᠪᠠᠶᠢᠭ᠎ᠠ ᠤᠯᠤᠰ ᠤᠳ ᠲᠤ ᠢᠳᠡᠪᠬᠢᠳᠠᠢ ᠬᠠᠪᠰᠤᠷᠤᠯᠭ᠎ᠠ ᠬᠠᠩᠭᠠᠵᠤ ᠪᠠᠶᠢᠨ᠎ᠠ᠃ ᠳᠤᠮᠳᠠᠳᠤ ᠤᠯᠤᠰ ᠤᠨ ᠬᠦᠭᠵᠢᠯᠳᠠ ᠶᠢᠨ ᠲᠤᠷᠰᠢᠯᠭ᠎ᠠ ᠬᠦᠭᠵᠢᠵᠤ ᠪᠠᠶᠢᠭ᠎ᠠ ᠤᠯᠤᠰ ᠲᠤ ᠲᠦᠢᠯ ᠤᠨ ᠠᠰᠢᠬᠳᠠᠢ ᠶᠤᠮ᠃ ᠳᠤᠮᠳᠠᠳᠤ ᠤᠯᠤᠰ ᠤᠨ ᠰᠠᠨᠠᠭᠠᠴᠢᠯᠠᠬᠰᠠᠨ《ᠨᠢᠬᠡ ᠪᠦᠰᠠ ᠨᠢᠬᠡ ᠵᠠᠮ》 ᠤᠨ ᠰᠠᠨᠠᠭᠠᠴᠢᠯᠠᠭ᠎ᠠ ᠪᠤᠯᠤᠨ ᠠᠽᠢᠶ᠎ᠠ ᠲᠢᠪ ᠤᠨ ᠳᠡᠳ᠋ ᠪᠦᠳᠦᠴᠡ ᠶᠢᠨ ᠬᠦᠷᠦᠩᠬᠡ ᠤᠷᠤᠭᠤᠯᠤᠯᠳᠠ ᠶᠢᠨ ᠪᠠᠩᠬᠢ ᠨᠢ ᠡᠯ᠎ᠠ ᠲᠠᠯ᠎ᠠ ᠶᠢᠨ ᠳᠤᠮᠳᠠᠳᠤ ᠤᠯᠤᠰ ᠯᠤᠭ᠎ᠠ ᠶᠢᠨ ᠬᠠᠮᠳᠤᠷᠠᠯᠴᠠᠭ᠎ᠠ ᠳᠤ ᠬᠦᠬᠦᠷᠬᠡ ᠲᠠᠯᠪᠢᠵᠤ᠂ ᠨᠡᠩ ᠤᠯᠠᠨ ᠠᠵᠠ ᠲᠤᠬᠢᠶᠠᠯ ᠬᠠᠩᠭᠠᠪᠠ᠃ ᠤᠳᠤᠬᠠᠨ ᠤ ᠪᠠᠶᠢᠳᠠᠯ ᠳᠤ᠂ ᠲᠡᠯᠡᠬᠡᠢ ᠨᠡᠶᠢᠬᠡᠮ ᠤᠨ ᠬᠢᠨ ᠳᠤᠮᠳᠠᠳᠤ ᠤᠯᠤᠰ ᠤᠨ ᠵᠤᠷᠢᠯᠳᠠ ᠪᠤᠯᠤᠨ ᠲᠦᠰᠤᠯ ᠢ ᠨᠡᠩ ᠢᠯᠡᠬᠦᠤ ᠤᠯᠵᠤ ᠰᠤᠨᠤᠰᠬᠤ ᠶᠢ ᠬᠦᠰᠡᠵᠤ᠂ ᠳᠤᠮᠳᠠᠳᠤ ᠤᠯᠤᠰ ᠯᠤᠭ᠎ᠠ ᠠᠷᠠᠯᠵᠢᠶ᠎ᠠ᠂ ᠰᠤᠶᠤᠯ ᠢᠷᠬᠡᠨᠰᠢᠯ ᠵᠡᠷᠬᠡ ᠬᠦᠷᠢᠶᠠᠨ ᠤ ᠰᠤᠯᠢᠯᠴᠠᠭ᠎ᠠ ᠬᠠᠮᠳᠤᠷᠠᠯᠴᠠᠭ᠎ᠠ ᠪᠠᠨ ᠴᠢᠩᠭᠠᠳᠬᠠᠵᠤ᠂ ᠬᠠᠮᠳᠤᠪᠠᠷ ᠠᠰᠢᠬ ᠬᠦᠷᠳᠡᠬᠦ ᠶᠢ ᠬᠦᠰᠡᠨ ᠬᠦᠯᠢᠶᠠᠵᠤ ᠪᠠᠶᠢᠨ᠎ᠠ ᠬᠡᠵᠤ ᠢᠯᠡᠳᠬᠡᠵᠡᠬᠡᠪᠡ᠃

    ᠠᠭᠤᠯᠵᠠᠯᠳᠠ ᠠᠴᠠ ᠡᠮᠤᠨ᠎ᠠ᠂ ᠰᠢ ᠶᠢᠨ ᠫᠢᠩ ᠭᠠᠳᠠᠭᠠᠳᠤ ᠶᠢᠨ ᠬᠦᠨᠳᠤᠳᠤ ᠵᠤᠴᠢᠳ ᠲᠠᠢ ᠭᠠᠷ ᠠᠳᠬᠤᠯᠴᠠᠵᠤ᠂ ᠬᠠᠮᠳᠤ ᠶᠢᠨ ᠭᠡᠷᠡᠯ ᠵᠢᠷᠤᠬ ᠲᠠᠳᠠᠭᠤᠯᠪᠠ᠃ ᠨᠠᠮ ᠤᠨ ᠲᠦᠪ ᠬᠤᠷᠢᠶᠠᠨ ᠤ ᠤᠯᠤᠰ ᠲᠦᠷᠤ ᠶᠢᠨ ᠲᠤᠪᠴᠢᠶᠠᠨ ᠤ ᠬᠡᠰᠢᠬᠦᠨ᠂ ᠲᠦᠪ ᠤᠨ ᠱᠦᠵᠢ ᠨᠠᠷ ᠤᠨ ᠭᠠᠵᠠᠷ ᠤᠨ ᠱᠦᠵᠢ᠂ ᠲᠦᠪ ᠤᠨ ᠠᠯᠪᠠᠨ ᠲᠢᠩᠬᠢᠮ ᠤᠨ ᠡᠷᠬᠢᠯᠡᠭᠴᠢ ᠳ᠋ᠢᠩ ᠰᠢᠤᠸᠠᠢ ᠰᠢᠶᠠᠩ᠂ ᠨᠠᠮ ᠤᠨ ᠲᠦᠪ ᠬᠤᠷᠢᠶᠠᠨ ᠤ ᠤᠯᠤᠰ ᠲᠦᠷᠤ ᠶᠢᠨ ᠲᠤᠪᠴᠢᠶᠠᠨ ᠤ ᠬᠡᠰᠢᠬᠦᠨ᠂ ᠪᠦᠬᠦ ᠤᠯᠤᠰ ᠤᠨ ᠠᠷᠠᠳ ᠤᠨ ᠲᠦᠯᠤᠬᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠲᠡᠳ᠋ ᠲᠠᠷᠤᠭ᠎ᠠ ᠸᠠᠩ ᠴᠧᠨ᠂ ᠨᠠᠮ ᠤᠨ ᠲᠦᠪ ᠬᠤᠷᠢᠶᠠᠨ ᠤ ᠤᠯᠤᠰ ᠲᠦᠷᠤ ᠶᠢᠨ ᠲᠤᠪᠴᠢᠶᠠᠨ ᠤ ᠬᠡᠰᠢᠬᠦᠨ᠂ ᠲᠦᠪ ᠤᠨ ᠡᠳ᠋ ᠤᠨ ᠵᠠᠰᠠᠬ ᠠᠵᠦ ᠠᠬᠤᠢ ᠶᠢᠨ ᠤᠳᠤᠷᠢᠳᠬᠤ ᠲᠤᠭᠤᠢᠢᠯᠠᠩ ᠤᠨ ᠠᠯᠪᠠᠨ ᠭᠡᠷ ᠤᠨ ᠡᠷᠬᠢᠯᠡᠭᠴᠢ ᠯᠢᠦ ᠡᡁᠧ᠂ ᠨᠠᠮ ᠤᠨ ᠲᠦᠪ ᠬᠤᠷᠢᠶᠠᠨ ᠤ ᠤᠯᠤᠰ ᠲᠦᠷᠤ ᠶᠢᠨ ᠲᠤᠪᠴᠢᠶᠠᠨ ᠤ ᠬᠡᠰᠢᠬᠦᠨ᠂ ᠲᠦᠷᠤ ᠶᠢᠨ ᠶᠠᠪᠤᠳᠠᠯ ᠤᠨ ᠬᠡᠰᠢᠬᠦᠨ ᠶᠠᠩ ᠵᠢᠶᠧ ᡂᠢ ᠨᠠᠷ ᠠᠭᠤᠯᠵᠠᠯᠳᠠ ᠳᠤ ᠤᠷᠤᠯᠴᠠᠪᠠ᠃

    《ᠼᠦᠩᠳᠦ᠋ ᠶᠢᠨ ᠤᠯᠠᠨ ᠤᠯᠤᠰ ᠤᠨ ᠹᠤᠷᠦ᠋ᠮ》  ᠢ ᠳᠤᠮᠳᠠᠳᠤ ᠤᠯᠤᠰ ᠤᠨ ᠠᠷᠠᠳ ᠲᠦᠮᠡᠨ ᠤ ᠭᠠᠳᠠᠭᠠᠳᠤ ᠲᠠᠢ ᠨᠦᠬᠦᠷᠰᠡᠭ ᠢᠶᠠᠷ ᠶᠠᠪᠤᠯᠴᠠᠬᠤ ᠨᠡᠶᠢᠭᠡᠮᠯᠢᠭ ᠪᠤᠯᠤᠨ ᠠᠦ᠋ᠰᠲ᠋ᠷᠠᠯᠢᠶ᠎ᠠ ᠳᠤᠮᠳᠠᠳᠤ ᠶᠢᠨ ᠨᠦᠬᠦᠷᠰᠡᠭ ᠰᠤᠯᠢᠯᠴᠠᠭᠠᠨ ᠤ ᠨᠡᠶᠢᠭᠡᠮᠯᠢᠭ ᠤᠨ ᠬᠢᠨ 2014 ᠤᠨ ᠳᠤ ᠬᠠᠮᠳᠤᠪᠡᠷ ᠡᠬᠦᠰᠭᠡᠨ ᠪᠠᠶᠢᠭᠤᠯᠵᠤ᠂ ᠤᠯᠠᠨ ᠤᠯᠤᠰ ᠤᠨ ᠤᠤᠯ ᠤᠨ ᠤᠯᠤᠰ ᠲᠦᠷᠤ ᠶᠢᠨ ᠴᠢᠬᠤᠯᠠ ᠬᠦᠮᠤᠰ᠂ ᠨᠡᠷᠡᠳᠤ ᠲᠤᠰᠬᠠᠢ ᠮᠡᠷᠬᠡᠵᠢᠯᠳᠠᠨ᠂ ᠬᠤᠳᠠᠯᠳᠤᠭᠠᠨ ᠤ ᠡᠳᠡᠬᠡᠳ ᠤᠨ ᠤᠳᠤᠷᠢᠳᠬᠤ ᠬᠦᠮᠤᠰ ᠵᠡᠷᠬᠡ ᠡᠯ᠎ᠠ ᠡᠳᠡᠬᠡᠳ ᠤᠨ ᠬᠦᠮᠤᠰ ᠢ ᠤᠷᠢᠵᠤ ᠤᠷᠤᠯᠴᠠᠭᠤᠯᠳᠠᠬ᠃《2017 ᠼᠦᠩᠳᠦ᠋ ᠶᠢᠨ ᠤᠯᠠᠨ ᠤᠯᠤᠰ ᠤᠨ ᠹᠤᠷᠦ᠋ᠮ》11 ᠰᠠᠷ᠎ᠠ ᠶᠢᠨ 28 ᠤ ᠡᠳᠤᠷ ᠠᠴᠠ 30 ᠤ ᠡᠳᠤᠷ ᠪᠤᠯᠳᠠᠯ᠎ᠠ ᠭᠤᠸᠠᠩᠵᠸᠤ ᠳᠤ ᠶᠠᠪᠤᠬᠳᠠᠵᠤ᠂ ᠹᠤᠷᠦ᠋ᠮ ᠤᠨ ᠭᠤᠤᠯ ᠰᠡᠳᠤᠪ ᠨᠢ《ᠪᠦᠬᠦ ᠪᠦᠮᠪᠦᠷᠴᠡᠭ ᠤᠨ ᠵᠠᠰᠠᠯᠳᠠ ᠪᠤᠯᠤᠨ ᠳᠤᠮᠳᠠᠳᠤ ᠤᠯᠤᠰ ᠤᠨ ᠵᠤᠷᠢᠯᠳᠠ》ᠪᠤᠯᠤᠨ᠎ᠠ᠃

ᠢᠷᠡᠯᠳᠡ᠄ ᠦᠪᠦᠷ ᠮᠤᠩᠭᠤᠯ ᠤᠨ ᠡᠳᠦᠷ ᠤᠨ ᠰᠤᠨᠢᠨ ᠪᠡᠯᠡᠳᠭᠡᠭ᠍ᠰᠡᠨ ᠨᠢ᠄ ᠪᠣᠯᠣᠷᠴᠡᠴᠡᠭ᠌

ᠰᠣᠶᠤᠯ ᠤᠷᠠᠯᠢᠭ

  • ᠶᠤᠸᠠᠨ ᠤ ᠲᠡᠭᠡᠲᠤ ᠨᠡᠶᠢᠰᠯᠡᠯ ᠳᠤ ᠪᠤᠯᠤᠭᠰᠠᠨ ᠴᠠᠭᠠᠨ ᠢᠳᠡᠭᠡᠨ ᠤ ᠰᠤᠶᠤᠯ ᠤᠨ ᠨᠠᠶᠢᠷ
  • 26 ᠳ᠋ᠤᠭᠠᠷ ᠬᠤᠭᠤᠴᠠᠭᠠᠨ ᠤ ᠠᠯᠳᠠᠨ ᠳᠠᠬᠢᠶ᠎ᠠ ᠴᠡᠴᠡᠬᠡᠰ ᠺᠢᠨᠣ᠋ ᠶᠢᠨ ᠨᠠᠶᠢᠷ ᠬᠦᠬᠡᠬᠤᠳᠠ ᠳᠤ ᠨᠡᠬᠡᠬᠡᠯᠳᠡ ᠪᠡᠨ ᠬᠢᠪᠡ
  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
010070230030000000000000011120701122043864