ᠰᠢ ᠶᠢᠨ ᠫᠢᠩ 2013 - 2022 ᠤᠨ ᠤ ᠠᠽᠢᠶ᠎ᠠ ᠨᠤᠮᠤᠬᠠᠨ ᠲᠠᠯᠠᠢ ᠶᠢᠨ ᠤᠷᠤᠨ ᠤ ᠵᠡᠮᠳᠡᠭᠴᠤᠳ ᠤᠨ ᠠᠷᠪᠠᠨ ᠵᠢᠯ ᠤᠨ ᠲᠤᠮᠳᠠ ᠬᠤᠭᠤᠴᠠᠭᠠᠨ ᠤ ᠬᠢᠨᠠᠨ ᠪᠠᠶᠢᠴᠠᠭᠠᠯᠳᠠ ᠶᠢᠨ ᠲᠡᠬᠡᠳᠤ ᠲᠡᠰ ᠤᠨ ᠵᠠᠰᠠᠬ ᠤᠨ ᠤᠷᠳᠤᠨ ᠤ ᠬᠤᠭᠤᠷᠤᠨᠳᠤᠬᠢ ᠬᠤᠷᠠᠯ ᠳᠤ ᠪᠠᠶᠠᠷ ᠤᠨ ᠵᠠᠬᠢᠳᠠᠯ ᠢᠯᠡᠬᠡᠪᠡ 2017-12-01 15:56

    ᠰᠢᠨᠬᠤᠧᠠ ᠬᠤᠷᠢᠶ᠎ᠠ   ᠪᠡᠭᠡᠵᠢᠩ ᠤᠨ 11 ᠰᠠᠷ᠎ᠠ ᠶᠢᠨ 30 ᠤ ᠡᠳᠦᠷ ᠤᠨ ᠴᠠᠬᠢᠯᠭᠠᠨ ᠮᠡᠳᠡᠭᠡ   11 ᠰᠠᠷ᠎ᠠ ᠶᠢᠨ 27 ᠤ ᠡᠳᠤᠷ ᠠᠴᠠ 12 ᠰᠠᠷ᠎ᠠ ᠶᠢᠨ 1 ᠤ ᠡᠳᠤᠷ ᠪᠤᠯᠳᠠᠯ᠎ᠠ᠂ 2013 - 2020 ᠤᠨ ᠤ ᠠᠽᠢᠶ᠎ᠠ ᠨᠤᠮᠤᠬᠠᠨ ᠲᠠᠯᠠᠢ ᠶᠢᠨ ᠤᠷᠤᠨ ᠤ ᠵᠡᠮᠳᠡᠭᠴᠤᠳ ᠤᠨ ᠠᠷᠪᠠᠨ ᠵᠢᠯ ᠤᠨ ᠲᠤᠮᠳᠠ ᠬᠤᠭᠤᠴᠠᠭᠠᠨ ᠤ ᠬᠢᠨᠠᠨ ᠪᠠᠶᠢᠴᠠᠭᠠᠯᠳᠠ ᠶᠢᠨ ᠲᠡᠬᠡᠳᠤ ᠲᠡᠰ ᠤᠨ ᠵᠠᠰᠠᠬ ᠤᠨ ᠤᠷᠳᠤᠨ ᠤ ᠬᠤᠭᠤᠷᠤᠨᠳᠤᠬᠢ ᠬᠤᠷᠠᠯ ᠪᠡᠬᠡᠵᠢᠩ ᠳᠤ ᠬᠤᠷᠠᠯᠳᠤᠪᠠ᠃ ᠤᠯᠤᠰ ᠤᠨ ᠲᠡᠷᠢᠬᠦᠯᠡᠭᠴᠢ ᠰᠢ ᠶᠢᠨ ᠫᠢᠩ ᠪᠠᠶᠠᠷ ᠤᠨ ᠵᠠᠬᠢᠳᠠᠯ ᠢᠯᠡᠬᠡᠵᠤ᠂ ᠬᠤᠷᠠᠯ ᠳᠤ ᠬᠠᠯᠠᠭᠤᠨ ᠪᠠᠶᠠᠷ ᠬᠦᠷᠬᠡᠵᠠᠢ᠃

    ᠰᠢ ᠶᠢᠨ ᠫᠢᠩ ᠪᠠᠶᠠᠷ ᠤᠨ ᠵᠠᠬᠢᠳᠠᠯ ᠳᠠᠭᠠᠨ᠂ ᠵᠡᠮᠳᠡᠭᠴᠤᠳ ᠪᠤᠯ ᠬᠦᠮᠤᠨ ᠲᠦᠷᠤᠯᠬᠢᠳᠠᠨ ᠤ ᠶᠡᠭᠡ ᠬᠡᠷ ᠪᠦᠯᠢ ᠶᠢᠨ ᠡᠷᠬᠡ ᠲᠡᠭᠰᠢ ᠪᠦᠷᠢᠯᠳᠤᠬᠦᠨ ᠪᠤᠯᠤᠨ᠎ᠠ᠃ ᠪᠦᠬᠦ ᠪᠦᠮᠪᠦᠷᠴᠡᠭ ᠤᠨ ᠬᠡᠪᠴᠢᠶᠠᠨ ᠳᠤ ᠦᠷᠬᠦᠯᠵᠢᠯᠡᠬᠦ ᠬᠦᠭᠵᠢᠯᠳᠠ ᠶᠢ ᠠᠬᠢᠭᠤᠯᠵᠤ᠂ 《ᠨᠢᠬᠡ ᠶᠢ ᠴᠤ ᠬᠤᠴᠤᠷᠭᠠᠵᠤ ᠪᠤᠯᠬᠤ ᠦᠬᠡᠢ》ᠬᠠᠷᠠᠯᠳᠠ ᠶᠢ ᠪᠡᠶᠡᠯᠡᠬᠦᠯᠬᠦ ᠳᠤ᠂ ᠵᠠᠮᠳᠡᠭᠴᠤᠳ ᠢ ᠨᠡᠩ ᠢᠯᠡᠬᠦᠤ ᠬᠠᠷᠠᠭᠠᠯᠵᠠᠵᠤ᠂ ᠨᠡᠩ ᠢᠯᠡᠬᠦᠤ ᠠᠩᠬᠠᠷᠬᠤ ᠭᠡᠷᠡᠭᠳᠠᠢ᠃ ᠨᠢᠬᠡᠳᠦᠭᠰᠡᠨ ᠦᠨᠳᠦᠰᠦᠨ ᠤ ᠪᠠᠶᠢᠭᠤᠯᠤᠯᠭ᠎ᠠ ᠶᠢᠨ 《ᠵᠡᠮᠳᠡᠭᠴᠤᠳ ᠤᠨ ᠡᠷᠬᠡ ᠠᠰᠢᠬ ᠤᠨ ᠨᠡᠶᠢᠳᠠ ᠶᠢᠨ ᠬᠡᠷ᠎ᠠ》 ᠪᠤᠯᠤᠨ《2030 ᠤᠨ ᠤ ᠦᠷᠬᠦᠯᠵᠢᠯᠡᠬᠦ ᠬᠦᠭᠵᠢᠯᠳᠠ ᠶᠢᠨ ᠵᠦᠪᠯᠡᠬᠦ ᠵᠦᠢᠯ》 ᠢ ᠭᠡᠷᠡᠭᠵᠢᠬᠦᠯᠬᠦ ᠶᠢᠨ ᠤᠯᠠᠮ ᠢᠶᠠᠷ᠂ ᠵᠠᠮᠳᠡᠭᠴᠤᠳ ᠤᠨ ᠡᠷᠬᠡ ᠲᠡᠭᠰᠢ ᠠᠰᠢᠬ ᠲᠤᠰᠠ ᠶᠢ ᠪᠠᠳᠤᠯᠠᠬᠤ᠂ ᠵᠡᠮᠳᠡᠭᠴᠤᠳ ᠤᠨ ᠬᠦᠭᠵᠢᠯᠳᠠ ᠳᠤ ᠠᠭᠤᠰᠤᠯᠴᠠᠬᠤ ᠶᠢ ᠠᠬᠢᠭᠤᠯᠬᠤ ᠨᠢ ᠤᠯᠠᠮ ᠠᠴᠠ ᠲᠡᠯᠡᠬᠡᠢ ᠨᠡᠶᠢᠬᠡᠮ ᠪᠤᠯᠤᠨ ᠡᠯ᠎ᠠ ᠤᠯᠤᠰ ᠤᠨ ᠨᠡᠶᠢᠳᠡᠮ ᠤᠨ ᠬᠠᠮᠳᠤ ᠶᠢᠨ ᠲᠠᠨᠢᠯᠳᠠ ᠪᠤᠯᠵᠤ ᠪᠠᠶᠢᠨ᠎ᠠ᠃《ᠠᠽᠢᠶ᠎ᠠ ᠨᠤᠮᠤᠬᠠᠨ ᠲᠠᠯᠠᠢ ᠶᠢᠨ ᠤᠷᠤᠨ ᠤ ᠵᠡᠮᠳᠡᠭᠴᠤᠳ ᠤᠨ ᠠᠷᠪᠠᠨ ᠵᠢᠯ》 ᠢ ᠳᠤᠮᠳᠠᠳᠤ ᠤᠯᠤᠰ ᠠᠴᠠ ᠠᠩᠬ᠎ᠠ ᠤᠳᠠᠭ᠎ᠠ ᠰᠠᠨᠠᠭᠠᠴᠢᠯᠠᠵᠤ᠂ ᠪᠡᠬᠡᠵᠢᠩ ᠳᠤ ᠡᠬᠢᠯᠡᠬᠦᠯᠵᠤ᠂ ᠠᠽᠢᠶ᠎ᠠ ᠨᠤᠮᠤᠬᠠᠨ ᠲᠠᠯᠠᠢ ᠶᠢᠨ ᠤᠷᠤᠨ ᠤ ᠤᠯᠤᠰ ᠪᠤᠯᠤᠨ ᠤᠷᠤᠨ ᠪᠦᠰᠠ ᠶᠢᠨ ᠵᠡᠮᠳᠡᠭᠴᠤᠳ ᠤᠨ ᠤᠢᠢᠯᠡᠰ ᠢ ᠬᠦᠭᠵᠢᠬᠦᠯᠬᠦ ᠲᠠᠯ᠎ᠠ ᠪᠠᠷ ᠬᠠᠷᠢᠯᠴᠠᠨ ᠰᠤᠷᠤᠯᠴᠠᠵᠤ ᠬᠠᠷᠢᠯᠴᠠᠨ ᠲᠤᠯᠢᠯᠠᠬᠤ ᠳᠤ ᠴᠢᠬᠤᠯᠠ ᠤᠢᠢᠯᠡᠳᠤᠯ ᠦᠵᠡᠬᠦᠯᠵᠤ᠂ ᠵᠡᠮᠳᠡᠭᠴᠤᠳ ᠤᠨ ᠤᠢᠢᠯᠡᠰ ᠤᠨ ᠬᠦᠷᠢᠶᠠᠨ ᠤ ᠬᠠᠮᠳᠤᠷᠠᠯᠴᠠᠭ᠎ᠠ ᠶᠢᠨ ᠨᠡᠶᠢᠳᠡᠯᠢᠭ ᠵᠢᠱᠢᠶ᠎ᠠ ᠪᠤᠯᠤᠬᠰᠠᠨ ᠪᠠᠶᠢᠨ᠎ᠠ ᠬᠡᠵᠤ ᠵᠢᠭᠠᠵᠤ ᠭᠠᠷᠭᠠᠪᠠ᠃

    ᠰᠢ ᠶᠢᠨ ᠫᠢᠩ᠂ ᠦᠬᠡᠷᠡᠴᠢᠯᠠᠯᠳᠠ ᠨᠡᠬᠡᠬᠡᠯᠳᠠ ᠬᠢᠭᠰᠡᠨ ᠠᠴᠠ ᠨᠠᠰᠢ᠂ ᠳᠤᠮᠳᠠᠳᠤ ᠤᠯᠤᠰ ᠤᠨ ᠵᠡᠮᠳᠡᠭᠴᠤᠳ ᠤᠨ ᠤᠢᠢᠯᠡᠰ ᠲᠡᠯᠡᠬᠡᠢ ᠳ᠋ᠡᠬᠢᠨ ᠤ ᠠᠩᠬᠠᠷᠤᠯ ᠢ ᠲᠠᠳᠠᠮ᠎ᠠ ᠠᠮᠵᠢᠯᠳᠠ ᠪᠦᠳᠤᠮᠵᠢ ᠤᠯᠪᠠ᠃ ᠳᠤᠮᠳᠠᠳᠤ ᠤᠯᠤᠰ ᠤᠨ ᠡᠪ ᠬᠠᠮᠳᠤ ᠨᠠᠮ ᠤᠨ ᠠᠷᠪᠠ ᠶᠢᠰᠤᠳᠤᠭᠡᠷ ᠶᠡᠭᠡ ᠬᠤᠷᠠᠯ ᠠᠴᠠ᠂ ᠳᠤᠮᠳᠠᠳᠤ ᠤᠯᠤᠰ ᠠᠷᠠᠳ ᠲᠦᠮᠡᠨ ᠢᠶᠠᠷ ᠭᠤᠤᠯ ᠪᠤᠯᠭᠠᠬᠤ ᠶᠢ ᠪᠠᠷᠢᠮᠳᠠᠯᠠᠵᠤ᠂ ᠬᠦᠭᠵᠢᠭᠦᠯᠬᠦ ᠶᠠᠪᠤᠴᠠ ᠳᠤ ᠠᠷᠠᠳ ᠤᠨ ᠠᠮᠢᠳᠤᠷᠠᠯ ᠢ ᠪᠠᠳᠤᠯᠠᠵᠤ ᠰᠠᠶᠢᠵᠢᠷᠠᠭᠤᠯᠬᠤ ᠶᠢ ᠪᠠᠷᠢᠮᠳᠠᠯᠠᠨ᠎ᠠ ᠬᠡᠵᠤ ᠲᠤᠷᠠᠳᠴᠠᠢ᠃ ᠳᠤᠮᠳᠠᠳᠤ ᠤᠯᠤᠰ ᠵᠡᠮᠳᠡᠭᠴᠤᠳ ᠤᠨ ᠤᠢᠢᠯᠡᠰ ᠢ ᠴᠢᠨᠠᠬᠰᠢᠳᠠ ᠠᠬᠢᠭᠤᠯᠵᠤ᠂ ᠵᠡᠮᠳᠡᠭᠴᠤᠳ ᠤᠨ ᠪᠦᠬᠦ ᠲᠠᠯ᠎ᠠ ᠶᠢᠨ ᠬᠦᠭᠵᠢᠯᠳᠠ ᠪᠤᠯᠤᠨ ᠬᠠᠮᠳᠤᠪᠠᠷ ᠪᠠᠶᠠᠵᠢᠨ ᠴᠢᠨᠡᠭᠡᠯᠢᠭᠵᠢᠬᠦ ᠶᠢ ᠠᠬᠢᠭᠤᠯᠤᠨ᠎ᠠ᠃ ᠳᠤᠮᠳᠠᠳᠤ ᠤᠯᠤᠰ ᠦᠩᠭᠡᠷᠡᠭᠰᠡᠨ ᠲᠠᠢ ᠪᠠᠨ ᠠᠳᠠᠯᠢ ᠪᠠᠷ ᠠᠽᠢᠶ᠎ᠠ ᠨᠤᠮᠤᠬᠠᠨ ᠲᠠᠯᠠᠢ ᠶᠢᠨ ᠤᠷᠤᠨ ᠢ ᠪᠠᠭᠳᠠᠭᠠᠬᠰᠠᠨ ᠲᠡᠯᠡᠬᠡᠢ ᠶᠢᠨ ᠵᠡᠮᠳᠡᠭᠴᠤᠳ ᠤᠨ ᠤᠢᠢᠯᠡᠰ ᠤᠨ ᠬᠠᠮᠳᠤ ᠶᠢᠨ ᠬᠦᠭᠵᠢᠯᠳᠠ ᠶᠢ ᠠᠬᠢᠭᠤᠯᠤᠨ᠎ᠠ᠃ ᠲᠤᠰ ᠤᠳᠠᠭ᠎ᠠ ᠶᠢᠨ ᠬᠤᠷᠠᠯ ᠨᠢ ᠲᠤᠰ ᠭᠠᠵᠠᠷ ᠤᠷᠤᠨ ᠤ ᠵᠡᠮᠳᠡᠭᠴᠤᠳ ᠤᠨ ᠠᠵᠠ ᠵᠢᠷᠭᠠᠯ ᠳᠤ ᠰᠢᠨ᠎ᠠ ᠬᠤᠪᠢ ᠨᠡᠮᠡᠷᠢ ᠦᠵᠡᠬᠦᠯᠬᠦ ᠶᠢ ᠬᠦᠰᠡᠵᠤ ᠪᠠᠶᠢᠨ᠎ᠠ ᠬᠡᠵᠤ ᠴᠢᠬᠤᠯᠠᠴᠢᠯᠠᠪᠠ᠃

ᠢᠷᠡᠯᠳᠡ᠄ ᠦᠪᠦᠷ ᠮᠤᠩᠭᠤᠯ ᠤᠨ ᠡᠳᠦᠷ ᠤᠨ ᠰᠤᠨᠢᠨ ᠪᠡᠯᠡᠳᠭᠡᠭ᠍ᠰᠡᠨ ᠨᠢ᠄ ᠪᠣᠯᠣᠷᠴᠡᠴᠡᠭ᠌

ᠰᠣᠶᠤᠯ ᠤᠷᠠᠯᠢᠭ

  • ᠶᠤᠸᠠᠨ ᠤ ᠲᠡᠭᠡᠲᠤ ᠨᠡᠶᠢᠰᠯᠡᠯ ᠳᠤ ᠪᠤᠯᠤᠭᠰᠠᠨ ᠴᠠᠭᠠᠨ ᠢᠳᠡᠭᠡᠨ ᠤ ᠰᠤᠶᠤᠯ ᠤᠨ ᠨᠠᠶᠢᠷ
  • 26 ᠳ᠋ᠤᠭᠠᠷ ᠬᠤᠭᠤᠴᠠᠭᠠᠨ ᠤ ᠠᠯᠳᠠᠨ ᠳᠠᠬᠢᠶ᠎ᠠ ᠴᠡᠴᠡᠬᠡᠰ ᠺᠢᠨᠣ᠋ ᠶᠢᠨ ᠨᠠᠶᠢᠷ ᠬᠦᠬᠡᠬᠤᠳᠠ ᠳᠤ ᠨᠡᠬᠡᠬᠡᠯᠳᠡ ᠪᠡᠨ ᠬᠢᠪᠡ
  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
010070230030000000000000011120701122043905