蒙古文网站Logo
ᠰᠢᠨᠬᠤᠸᠠ ᠮᠤᠩᠭ᠋ᠤᠯ ᠨᠧᠲ

ᠰᠢ ᠵᠢᠨ ᠫᠢᠩ ᠤᠨ ᠵᠤᠬᠢᠶᠠᠯ ᠪᠦᠲᠦᠭᠡᠯ ᠤᠨ ᠲᠤᠰᠬᠠᠢ ᠰᠡᠳᠦᠪᠲᠦ ᠳᠡᠯᠭᠡᠨ ᠪᠤᠷᠤᠯᠠᠭᠤᠯᠬᠤ ᠠᠵᠢᠯᠯᠠᠭ᠎ᠠ ᠲᠠᠢᠢᠪᠧᠢ ᠳᠤ ᠡᠬᠢᠯᠡᠪᠡ

2017-12-04 15:00

    ᠰᠢᠨᠬᠤᠸᠠ ᠬᠤᠷᠢᠶ᠎ᠠ   ᠲᠠᠢᠢᠪᠧᠢ ᠵᠢᠨ 12 ᠰᠠᠷ᠎ᠠ ᠵᠢᠨ 1 ᠤ ᠡᠳᠤᠷ ᠤᠨ ᠴᠠᠬᠢᠯᠭᠠᠨ ᠮᠡᠳᠡᠭᠡ (ᠰᠤᠷᠪᠤᠯᠵᠢᠯᠠᠭᠴᠢ ᠵᠤᠤ ᠳ᠋ᠠᠨ ᠫᠢᠩ ᠯᠢᠦ ᠭᠠᠩ) ᠵᠧᠵᠢᠶᠠᠩ ᠤᠨ ᠬᠡᠪᠯᠡᠯ ᠤᠨ ᠬᠠᠮᠳᠤᠷᠠᠭᠰᠠᠠ ᠪᠦᠯᠥᠭᠯᠡᠯ᠂ ᠲᠠᠢᠢᠸᠠᠨ ᠤ ᠲᠢᠶᠠᠨ ᠯᠦᠩ ᠰᠤᠶᠤᠯ ᠤᠨ ᠡᠭᠦᠲᠦᠨ ᠪᠦᠲᠦᠭᠡᠯᠲᠡ ᠬᠡᠪᠯᠡᠯ ᠤᠨ ᠦᠢᠯᠡᠰ ᠤᠨ ᠬᠢᠵᠠᠭᠠᠷᠲᠦ ᠺᠤᠮᠫᠠᠨᠢ ᠵᠢᠨ ᠬᠠᠮᠲᠤᠷᠠᠨ ᠡᠷᠬᠢᠯᠡᠭᠰᠡᠨ《ᠰᠢ ᠵᠢᠨ ᠫᠢᠩ ᠤᠨ ᠵᠤᠬᠢᠶᠠᠯ ᠪᠦᠲᠦᠭᠡᠯ ᠤᠨ ᠲᠠᠢᠢᠪᠧᠢ ᠳ᠋ᠡᠬᠢ ᠲᠤᠰᠬᠠᠢ ᠰᠡᠳᠦᠪᠲᠦ ᠳᠡᠯᠭᠡᠨ ᠪᠤᠷᠤᠯᠠᠭᠤᠯᠬᠤ》ᠠᠵᠢᠯᠯᠠᠭ᠎ᠠ 12 ᠰᠠᠷ᠎ᠠ ᠵᠢᠨ 1 ᠤ ᠡᠳᠦᠷ ᠡᠴᠡ ᠪᠦᠧᠧ ᠺᠦ᠋ ᠨᠤᠮ ᠤᠨ ᠬᠤᠲᠠ ᠶᠢᠨ ᠲᠠᠢᠢᠪᠧᠢ ᠳ᠋ᠡᠬᠢ ᠳᠡᠯᠭᠡᠭᠦᠷ ᠲᠦ ᠡᠬᠢᠯᠡᠵᠤ᠂ ᠶᠡᠷᠦᠩᠬᠡᠢ ᠱᠦᠵᠢ ᠰᠢ ᠵᠢᠨ ᠫᠢᠩ ᠤᠨ ᠬᠠᠮᠤᠭ ᠤᠨ ᠰᠢᠨ᠎ᠠ ᠵᠤᠬᠢᠶᠠᠯ ᠪᠦᠲᠦᠭᠡᠯ《ᠰᠢ ᠵᠢᠨ ᠫᠢᠩ ᠲᠦᠷᠦ ᠵᠢ ᠵᠠᠰᠠᠵᠤ ᠵᠠᠰᠠᠭ ᠢ ᠡᠷᠬᠢᠯᠡᠬᠦ ᠲᠤᠬᠠᠢ ᠶᠠᠷᠢᠭᠰᠠᠨ ᠨᠢ》ᠭᠡᠬᠦ ᠨᠤᠮ ᠤᠨ ᠬᠤᠶᠠᠳᠤᠭᠠᠷ ᠪᠤᠳᠢ ᠲᠠᠢᠢᠸᠠᠨ ᠤ ᠵᠠᠬ᠎ᠠ ᠳᠡᠯᠭᠡᠭᠦᠷ ᠲᠦ ᠤᠷᠤᠵᠠᠢ᠃

    ᠬᠠᠮᠳᠤ ᠳᠤᠨᠢ ᠳᠡᠯᠭᠡᠨ ᠪᠤᠷᠤᠯᠠᠭᠤᠯᠤᠭᠰᠠᠠ ᠵᠤᠬᠢᠶᠠᠯ ᠪᠦᠲᠦᠭᠡᠯ ᠳᠦ ᠪᠠᠰᠠ ᠰᠢ ᠵᠢᠨ ᠫᠢᠩ ᠤᠨ ᠵᠤᠬᠢᠶᠠᠭᠰᠠᠨ《ᡁᠢ ᠵᠢᠶᠠᠩ ᠮᠦᠷᠡᠨ ᠳ᠋ᠡᠬᠢ ᠰᠢᠨ᠎ᠠ ᠦᠭᠦᠯᠡᠯᠲᠡ》ᠵᠢᠴᠢ《ᠳᠤᠮᠳᠠᠳᠤ ᠤᠯᠤᠰ ᠤᠨ ᠡᠪ ᠬᠠᠮᠲᠦ ᠨᠠᠮ ᠤᠨ ᠠᠷᠪᠠ ᠶᠢᠰᠦᠳᠦᠭᠡᠷ ᠤᠳᠠᠭ᠎ᠠ ᠵᠢᠨ ᠪᠦᠬᠦ ᠤᠯᠤᠰ ᠤᠨ ᠲᠦᠯᠦᠭᠡᠯᠡᠭᠴᠢᠳ ᠤᠨ ᠶᠡᠬᠡ ᠬᠤᠷᠠᠯ ᠤᠨ ᠪᠢᠴᠢᠭ᠌ ᠮᠠᠲ᠋ᠧᠷᠢᠶᠠᠯ ᠤᠨ ᠡᠮᠬᠢᠳᠭᠡᠯ》᠂《ᠨᠠᠮ ᠤᠨ ᠠᠷᠪᠠ ᠶᠢᠰᠦᠳᠦᠭᠡᠷ ᠶᠡᠬᠡ ᠬᠤᠷᠠᠯ ᠤᠨ ᠢᠯᠡᠳᠭᠡᠯ ᠤᠨ ᠬᠠᠪᠰᠤᠷᠤᠨ ᠵᠢᠯᠤᠭᠤᠳᠬᠤ ᠤᠩᠰᠢᠬᠤ ᠨᠤᠮ》᠂《ᠳᠤᠮᠳᠠᠳᠤ ᠶᠢᠨ ᠵᠡᠭᠦᠳᠦ ᠪᠠ ᠵᠧᠵᠢᠶᠠᠩ ᠤᠨ ᠦᠢᠯᠡᠳᠦᠯᠭᠡ》ᠵᠡᠷᠭᠡ ᠨᠤᠮ ᠪᠠᠢᠢᠵᠤ᠂ ᠲᠠᠢᠢᠸᠠᠨ ᠤ ᠤᠯᠠᠨ ᠲᠦᠮᠡᠨ ᠤ ᠠᠩᠬᠠᠷᠤᠯ ᠢ ᠶᠡᠬᠡᠪᠡᠷ ᠲᠠᠳᠠᠵᠠᠢ᠃

    《3 ᠵᠢᠯ ᠤᠨ ᠡᠮᠦᠨ᠎ᠠ᠂〈ᠰᠢ ᠵᠢᠨ ᠫᠢᠩ ᠲᠦᠷᠦ ᠶᠢ ᠵᠠᠰᠠᠵᠤ ᠵᠠᠰᠠᠭ ᠢ ᠡᠷᠬᠢᠯᠡᠬᠦ ᠲᠤᠬᠠᠢ ᠶᠠᠷᠢᠭᠰᠠᠨ ᠨᠢ〉ᠭᠡᠬᠦ ᠨᠤᠮ ᠤᠨ ᠨᠢᠭᠡᠳᠦᠭᠡᠷ ᠪᠤᠳᠢ ᠲᠠᠶᠢᠸᠠᠨ ᠤ ᠨᠤᠮ ᠤᠨ ᠳᠡᠯᠭᠡᠭᠦᠷ ᠲᠦ ᠨᠡᠯᠢᠶᠡᠳ ᠰᠠᠢᠢᠨ ᠪᠤᠷᠤᠯᠠᠭᠤᠯᠤᠭᠳᠠᠭᠰᠠᠨ ᠶᠤᠮ᠂ ᠲᠤᠰ ᠤᠳᠠᠭ᠎ᠠ ᠰᠢᠨ᠎ᠠ ᠪᠡᠷ ᠤᠷᠤᠭᠤᠯᠤᠭᠰᠠᠨ〈ᠰᠢ ᠵᠢᠨ ᠫᠢᠩ ᠲᠦᠷᠦ ᠵᠢ ᠵᠠᠰᠠᠵᠤ ᠵᠠᠰᠠᠭ ᠢ ᠡᠷᠬᠢᠯᠡᠬᠦ ᠲᠤᠬᠠᠢ ᠶᠠᠷᠢᠭᠰᠠᠨ ᠨᠢ〉ᠭᠡᠬᠦ ᠨᠤᠮ  ᠤᠨ ᠬᠤᠶᠠᠳᠤᠭᠠᠷ ᠪᠤᠳᠢ ᠶᠢᠨ ᠪᠤᠷᠤᠯᠠᠭᠤᠯᠭ᠎ᠠ ᠪᠠᠰᠠ ᠨᠠᠯᠢᠶᠡᠳ ᠰᠠᠢᠢᠨ ᠪᠠᠢᠢᠨ᠎ᠠ》ᠭᠡᠵᠤ ᠲᠢᠶᠠᠨ ᠯᠦᠩ ᠰᠤᠶᠤᠯ ᠤᠨ ᠡᠭᠦᠲᠦᠨ ᠪᠦᠲᠦᠭᠡᠯᠲᠡ ᠬᠡᠪᠯᠡᠯ ᠤᠨ ᠦᠢᠯᠡᠰ ᠤᠨ ᠬᠢᠵᠠᠭᠠᠷᠲᠦ ᠺᠤᠮᠫᠠᠨᠢ ᠶᠢᠨ ᠶᠡᠷᠦᠩᠬᠡᠢ ᠳᠠᠭᠠᠭᠠᠮᠠᠯ᠂ ᠪᠦᠧᠧ ᠺᠦ᠋ ᠨᠤᠮ ᠤᠨ ᠬᠤᠲᠠ ᠶᠢᠨ ᠲᠠᠢᠢᠪᠧᠢ ᠳ᠋ᠡᠬᠢ ᠳᠡᠯᠭᠡᠭᠦᠷ ᠤᠨ ᠶᠡᠷᠦᠩᠬᠡᠢ ᠳᠠᠭᠠᠭᠠᠮᠠᠯ ᠱᠧᠨ ᠷᠦᠩ ᠢᠤᠢ ᠪᠤᠷᠤᠯᠠᠭᠤᠯᠭ᠎ᠠ ᠶᠢᠨ ᠲᠤᠬᠠᠢ ᠢᠳᠡᠭᠡᠯ ᠲᠡᠭᠦᠯᠳᠡᠷ ᠬᠡᠯᠡᠨ᠎ᠠ᠃

    ᠪᠥᠧᠧ ᠺᠦ᠋ ᠨᠤᠮ ᠤᠨ ᠬᠤᠲᠠ ᠶᠢᠨ ᠲᠠᠢᠢᠪᠧᠢ ᠳ᠋ᠡᠬᠢ ᠳᠡᠯᠭᠡᠭᠦᠷ ᠲᠤ᠂ ᠰᠤᠷᠪᠤᠯᠵᠢᠯᠠᠬᠴᠢ ᠳᠡᠯᠭᠡᠭᠦᠷ ᠤᠨ ᠲᠢᠩᠬᠢᠮ ᠨᠢ ᠲᠡᠢᠢᠮᠦ ᠠᠭᠤᠵᠢᠭᠤ ᠪᠢᠰᠢ ᠪᠤᠯᠪᠠᠴᠤ ᠮᠠᠰᠢ ᠠᠪᠰᠠᠷᠬᠠᠨ ᠪᠠᠢᠢᠷᠢᠯᠠᠭᠤᠯᠤᠬᠰᠠᠨ ᠢ ᠤᠯᠵᠤ ᠬᠠᠷᠠᠪᠠ᠃ 《ᠰᠢ ᠵᠢᠨ ᠫᠢᠩ ᠤᠨ ᠵᠤᠬᠢᠶᠠᠯ ᠪᠦᠲᠦᠭᠡᠯ ᠤᠨ ᠲᠠᠢᠢᠪᠧᠢ ᠳ᠋ᠡᠬᠢ ᠲᠤᠰᠬᠠᠢ ᠰᠡᠳᠦᠪᠲᠤ ᠳᠡᠯᠭᠡᠨ ᠪᠤᠷᠤᠯᠠᠭᠤᠯᠭ᠎ᠠ》ᠭᠡᠰᠡᠨ ᠦᠰᠦᠭ ᠪᠢᠴᠢᠭᠰᠡᠨ ᠲᠤᠮᠤ ᠳᠡᠯᠭᠡᠨ ᠦᠵᠡᠭᠦᠯᠬᠦ ᠬᠠᠪᠲᠠᠰᠤ ᠵᠢ ᠳᠡᠯᠭᠡᠭᠦᠷ ᠤᠨ ᠲᠢᠩᠬᠢᠮ ᠤᠨ ᠡᠭᠦᠳᠡᠨ ᠤ ᠵᠡᠭᠦᠨ ᠲᠠᠯ᠎ᠠ ᠳ᠋ᠤ ᠪᠤᠰᠬᠠᠵᠤ᠂ ᠮᠠᠰᠢ ᠳᠤᠷᠠᠢᠢᠮ᠎ᠠ ᠬᠠᠷᠬᠠᠳᠠᠵᠤ ᠪᠠᠢᠢᠯ᠎ᠠ᠃ ᠳᠡᠯᠭᠡᠨ ᠦᠵᠡᠭᠦᠯᠬᠦ ᠬᠠᠪᠲᠠᠰᠤᠨ ᠳᠡᠭᠡᠷᠡᠬᠢ ᠪᠤᠯ《ᠰᠢ ᠵᠢᠨ ᠫᠢᠩ ᠲᠦᠷᠦ ᠵᠢ ᠵᠠᠰᠠᠵᠦ ᠵᠠᠰᠠᠬ ᠢ ᠡᠷᠬᠢᠯᠡᠬᠦ ᠲᠤᠬᠠᠢ ᠶᠠᠷᠢᠬᠰᠠᠨ ᠨᠢ》ᠭᠡᠬᠦ ᠨᠤᠮ ᠤᠨ ᠬᠤᠶᠠᠳᠤᠭᠠᠷ ᠪᠤᠳᠢ ᠪᠠ《ᡁᠢ ᠵᠢᠶᠠᠩ ᠮᠦᠷᠡᠨ ᠳ᠋ᠡᠬᠢ ᠰᠢᠨ᠎ᠠ ᠦᠭᠦᠯᠡᠯᠲᠡ》ᠭᠡᠬᠦ ᠬᠤᠶᠠᠷ ᠪᠦᠲᠦᠭᠡᠯ ᠤᠨ ᠲᠤᠪᠴᠢ ᠲᠠᠨᠢᠯᠴᠠᠭᠤᠯᠭ᠎ᠠ ᠪᠠᠢᠢᠵᠤ᠂ ᠳᠡᠯᠭᠡᠨ ᠦᠵᠡᠭᠦᠯᠬᠦ ᠯᠠᠩᠭᠦᠢ ᠳᠡᠭᠡᠷ᠎ᠡ ᠬᠢᠲᠡᠳ ᠳᠦᠭᠦᠮᠴᠢᠯᠡᠭᠰᠡᠨ ᠦᠰᠦᠭ ᠢᠶᠡᠷ ᠳᠠᠷᠤᠮᠠᠯᠯᠠᠬᠰᠠᠨ ᠬᠤᠶᠠᠷ ᠪᠦᠲᠦᠭᠡᠯ ᠵᠢᠴᠢ ᠨᠠᠮ ᠤᠨ ᠠᠷᠪᠠ ᠶᠢᠰᠦᠳᠦᠭᠡᠷ ᠶᠡᠬᠡ ᠬᠤᠷᠠᠯ ᠤᠨ ᠪᠢᠴᠢᠭ᠌ ᠮᠠᠲ᠋ᠧᠷᠢᠶᠠᠯ ᠤᠨ ᠡᠮᠬᠢᠳᠬᠡᠯ ᠪᠠ ᠬᠠᠪᠰᠤᠷᠤᠨ ᠵᠢᠯᠤᠭᠤᠳᠬᠤ ᠤᠩᠰᠢᠬᠤ ᠪᠢᠴᠢᠭ᠌ ᠵᠡᠷᠭᠡ ᠨᠤᠮ ᠤᠳ ᠢ ᠲᠡᠷᠢ ᠲᠡᠭᠰᠢ ᠦᠷᠦᠨ ᠲᠠᠯᠪᠢᠵᠤ ᠪᠠᠢᠢᠯ᠎ᠠ᠃ ᠲᠠᠢᠢᠧᠠᠨ ᠬᠤᠭᠤᠯᠠᠢ ᠶᠢᠨ ᠬᠤᠶᠠᠷ ᠬᠦᠪᠡᠬᠡ ᠶᠢᠨ ᠬᠡᠪᠯᠡᠯ ᠤᠨ ᠰᠤᠯᠢᠯᠴᠠᠭᠠᠨ ᠤ ᠨᠡᠢᠢᠭᠡᠮᠯᠢᠭ᠌ ᠤᠨ ᠳᠡᠳ᠋ ᠨᠠᠷᠢᠨ ᠪᠢᠴᠢᠭ᠌᠌ ᠤᠨ ᠳᠠᠷᠤᠭ᠎ᠠ ᠵᠤᠤ ᠯᠢ ᠶᠦᠩ᠂ 3 ᠵᠢᠯ ᠤᠨ ᠡᠮᠦᠨ᠎ᠡ《ᠰᠢ ᠵᠢᠨ ᠫᠢᠩ ᠲᠦᠷᠦ ᠶᠢ ᠵᠠᠰᠠᠵᠦ ᠵᠠᠰᠠᠬ ᠢ ᠡᠷᠬᠢᠯᠡᠬᠦ ᠲᠤᠬᠠᠢ ᠶᠠᠷᠢᠬᠰᠠᠨ ᠨᠢ》ᠭᠡᠬᠦ ᠨᠤᠮ ᠤᠨ ᠨᠢᠭᠡᠳᠦᠭᠡᠷ ᠪᠤᠳᠢ ᠶᠢ ᠲᠠᠢᠢᠧᠠᠨ ᠳ᠋ᠤ ᠪᠤᠷᠤᠯᠠᠭᠤᠯᠬᠤ ᠳ᠋ᠤ᠂ ᠬᠤᠳᠠᠯᠳᠤᠨ ᠠᠪᠤᠬᠴᠢᠳ ᠪᠠ ᠤᠩᠰᠢᠬᠴᠢᠳ ᠤᠨ ᠤᠯᠠᠩᠬᠢ ᠨᠢ ᠡᠷᠳᠡᠮᠲᠡᠳ ᠪᠠᠢᠢᠵᠠᠢ᠂ ᠬᠤᠶᠠᠳᠤᠭᠠᠷ ᠪᠤᠳ᠋ᠢ ᠵᠢ ᠬᠤᠳᠠᠯᠳᠤᠬᠤ ᠳ᠋ᠤ ᠡᠩ ᠤᠨ ᠤᠩᠰᠢᠬᠴᠢᠳ ᠲᠤ ᠲᠦᠭᠡᠮᠡᠯᠵᠢᠯᠡᠭᠳᠡᠬᠦ ᠵᠢ ᠢᠲᠡᠭᠡᠵᠦ ᠪᠠᠢᠢᠨ᠎ᠠ᠂ ᠤᠴᠢᠷ ᠨᠢ ᠲᠠᠢᠢᠸᠠᠨ ᠤ ᠠᠷᠠᠳ ᠲᠦᠮᠡᠨ ᠴᠦᠮ ᠡᠬᠡ ᠬᠠᠭᠤᠷᠠᠢ ᠵᠢᠨ ᠡᠨᠡ ᠬᠡᠳᠦᠨ ᠵᠢᠯ ᠤᠨ ᠬᠦᠭ᠍ᠵᠢᠯᠲᠡ ᠳᠠᠪᠰᠢᠯᠲᠠ ᠶᠢ ᠮᠠᠰᠢ ᠬᠠᠯᠠᠮᠵᠢᠯᠠᠵᠤ᠂ ᠡᠬᠡ ᠬᠠᠭᠤᠷᠠᠢ ᠶᠢ ᠨᠡᠩ ᠢᠯᠡᠭᠦᠦ ᠤᠢᠢᠯᠠᠭᠠᠶ᠎ᠠ ᠭᠡᠵᠦ ᠪᠤᠳᠤᠵᠤ ᠪᠠᠢᠢᠨ᠎ᠠ᠂《ᠰᠢᠨ᠎ᠡ ᠨᠤᠮ ᠤᠨ ᠪᠤᠷᠤᠯᠠᠭᠤᠯᠭ᠎ᠠ ᠨᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠦᠷᠦ ᠶᠢ ᠵᠠᠰᠠᠵᠤ ᠵᠠᠰᠠᠬ ᠢ ᠡᠷᠬᠢᠯᠡᠬᠦ ᠤᠢᠢᠯᠠᠭᠠᠬᠳᠠᠬᠤᠨ ᠢ ᠲᠠᠢᠢᠸ᠋ᠠᠨ ᠤ ᠨᠡᠢᠢᠭᠡᠮ ᠳ᠋ᠤ ᠠᠪᠴᠢᠷᠠᠬᠤ ᠶᠢ ᠬᠦᠰᠡᠵᠦ ᠪᠠᠢᠢᠨ᠎ᠠ》ᠭᠡᠪᠡ᠃

    《ᠤᠢᠢᠷ᠎ᠠ ᠳᠤ ᠵᠠᠷᠢᠮ ᠤᠩᠰᠢᠬᠴᠢ ᠶᠠᠷᠤᠩᠬᠡᠢ ᠱᠦᠵᠢ ᠰᠢ ᠶᠢᠨ ᠫᠢᠩ ᠤᠨ ᠰᠢᠨ᠎ᠠ ᠵᠤᠬᠢᠶᠠᠯ ᠢ ᠬᠡᠵᠢᠶ᠎ᠠ ᠲᠠᠢᠢᠧᠠᠨ ᠳᠤ ᠬᠤᠳᠠᠯᠳᠤᠬᠤ ᠲᠤᠬᠠᠢ ᠠᠰᠠᠭᠤᠨ ᠰᠤᠷᠠᠬᠯᠠᠵᠤ ᠪᠠᠢᠢᠪᠠ᠂ ᠬᠤᠶᠠᠷ ᠭᠠᠷᠠᠬ ᠤᠨ ᠡᠮᠤᠨ᠎ᠠ ᠪᠢᠳᠠ ᠡᠬᠡ ᠬᠠᠭᠤᠷᠠᠢ ᠶᠢᠨ ᠬᠠᠮᠳᠤᠷᠠᠯᠴᠠᠭᠠᠨ ᠤ ᠬᠠᠨᠢᠳᠠᠨ ᠲᠠᠢ ᠬᠠᠷᠢᠯᠴᠠᠵᠤ᠂ 200 ᠲᠡᠪᠳᠡᠷ ᠤᠷᠤᠭᠤᠯᠤᠬᠰᠠᠨ ᠳᠤ ᠲᠤᠤᠷ᠎ᠠ ᠨᠢ ᠬᠤᠳᠠᠯᠳᠤᠵᠤ ᠲᠠᠭᠤᠰᠴᠠᠢ》᠃ ᠱᠧᠨ ᠷᠦᠩ ᠢᠤᠢ᠂《ᠢᠩᠬᠢᠬᠡᠳ ᠬᠤᠶᠠᠷ ᠵᠤᠬᠢᠶᠠᠯ ᠡᠴᠡ ᠲᠤᠰ ᠲᠤᠰ 1000 ᠲᠡᠪᠳᠡᠷ ᠤᠷᠤᠭᠤᠯᠵᠡᠢ》ᠬᠡᠵᠤ ᠬᠡᠯᠡᠪᠡ᠃

    ᠱᠧᠨ ᠷᠦᠩ ᠢᠤᠢ᠂ ᠡᠨᠡ ᠤᠳᠠᠭ᠎ᠠ ᠵᠢᠶᠠᠰᠠᠨ ᠳᠤ ᠲᠡᠯᠭᠡᠨ ᠪᠤᠷᠤᠯᠠᠭᠤᠯᠵᠥ ᠪᠠᠢᠢᠭ᠎ᠠ《ᠰᠢ ᠵᠢᠨ ᠫᠢᠩ ᠲᠦᠷᠤ ᠶᠢ ᠵᠠᠰᠠᠵᠤ ᠵᠠᠰᠠᠬ ᠢ ᠡᠷᠬᠢᠯᠡᠬᠦ ᠲᠤᠬᠠᠢ ᠶᠡᠷᠢᠬᠰᠠᠨ ᠨᠢ》ᠬᠡᠬᠦ ᠨᠤᠮ ᠤᠨ ᠬᠤᠶᠠᠳᠤᠭᠠᠷ ᠪᠤᠳᠢ᠂《ᠨᠠᠮ ᠤᠨ ᠠᠷᠪᠠ ᠶᠢᠰᠤᠳᠤᠭᠡᠷ ᠶᠡᠬᠡ ᠬᠤᠷᠠᠯ ᠤᠨ ᠢᠯᠡᠳᠬᠡᠯ ᠤᠨ ᠬᠠᠪᠰᠤᠷᠤᠨ ᠵᠢᠯᠤᠭᠤᠳᠬᠤ ᠤᠩᠰᠢᠬᠤ ᠨᠤᠮ》ᠵᠡᠷᠬᠡ ᠬᠤᠯᠪᠤᠬᠳᠠᠯ ᠪᠦᠬᠦᠢ ᠨᠤᠮ ᠪᠢᠴᠢᠭ᠌ ᠢ ᠴᠦᠮ ᠪᠦᠬᠦ ᠠᠷᠠᠯ ᠤᠨ ᠨᠤᠮ ᠤᠨ ᠲᠡᠯᠬᠡᠬᠦᠷ ᠬᠠᠮᠤᠬ ᠤᠨ ᠲᠡᠷᠢᠬᠦᠨ ᠳᠤ ᠤᠷᠤᠭᠤᠯᠵᠤ ᠪᠤᠷᠤᠯᠠᠭᠤᠯᠤᠬᠰᠠᠨ ᠶᠤᠮ᠂ ᠲᠠᠷᠠᠭᠠᠴᠢ ᠶᠢᠨ ᠠᠯᠬᠤᠮ ᠳᠤ ᠲᠠᠢᠢᠧᠠᠨ ᠤ ᠬᠤᠳᠠᠯᠳᠤᠭᠠᠴᠢᠨ ᠳᠤ ᠨᠠᠢᠢᠳᠠᠵᠤ᠂ ᠬᠤᠢᠢᠨ᠎ᠠ ᠡᠴᠡ ᠡᠮᠤᠨ᠎ᠠ ᠬᠦᠷᠳᠡᠯᠡᠬᠢ ᠡᠯ᠎ᠠ ᠰᠢᠶᠠᠨ ᠬᠤᠳᠠ ᠶᠢᠨ ᠡᠯ᠎ᠠ ᠶᠡᠬᠡ ᠨᠤᠮ ᠤᠨ ᠲᠡᠯᠬᠡᠬᠦᠷ ᠲᠤ ᠤᠷᠤᠭᠤᠯᠤᠨ᠎ᠠ᠂ ᠵᠢᠱᠢᠯᠳᠠ ᠪᠡᠷ ᠪᠤᠷᠤᠯᠠᠭᠤᠯᠭ᠎ᠠ ᠶᠢᠨ ᠬᠡᠮᠵᠢᠶ᠎ᠠ ᠢᠳᠡᠭ ᠢᠳᠡᠭ ᠢᠶᠡᠷ ᠨᠡᠮᠡᠭᠳᠡᠬᠦ ᠪᠤᠯᠤᠨ᠎ᠠ ᠬᠡᠵᠤ ᠬᠡᠯᠡᠪᠡ᠃

    ᠤᠩᠰᠢᠬᠴᠢ ᠽᠦᠩ ᠠᠪᠤᠭᠠᠢ ᠲᠡᠯᠬᠡᠨ ᠪᠤᠷᠤᠯᠠᠭᠤᠯᠬᠤ ᠠᠵᠢᠯᠯᠠᠭ᠎ᠠ ᠶᠢᠨ ᠴᠢᠮᠡᠬᠡ ᠶᠢ ᠰᠤᠨᠤᠰᠤᠭᠠᠳ ᠲᠤᠰᠬᠠᠢᠢᠯᠠᠨ ᠬᠦᠷᠴᠤ ᠢᠷᠡᠵᠠᠢ᠃ ᠲᠡᠷᠡ᠂ ᠡᠬᠡ ᠬᠠᠭᠤᠷᠠᠢ ᠳᠤ ᠨᠠᠮ ᠤᠨ ᠠᠷᠪᠠᠨ ᠨᠠᠶ᠋ᠮᠠᠳᠤᠭᠠᠷ ᠶᠡᠬᠡ ᠬᠤᠷᠠᠯ ᠡᠴᠡ ᠨᠠᠰᠢ ᠯᠤᠳᠤ ᠶᠡᠬᠡ ᠬᠤᠪᠢᠷᠠᠯᠳᠠ ᠭᠠᠷᠴᠠᠢ᠂ ᠡᠨᠡ ᠪᠤᠯ ᠳᠤᠮᠳᠠᠳᠤᠴᠤᠳ ᠤᠨ ᠤᠮᠤᠬᠰᠢᠯ᠂ ᠳᠤᠮᠳᠠᠳᠤ ᠶᠢᠨ ᠵᠡᠬᠦᠳᠤ ᠳᠤ ᠲᠠᠢᠢᠸᠠᠨ ᠤ ᠭᠡᠰᠡᠭ ᠲᠤᠳᠠᠬᠳᠠᠵᠤ ᠪᠤᠯᠬᠤ ᠦᠬᠡᠢ᠂《ᠶᠠᠷᠤᠩᠬᠡᠢ ᠱᠦᠵᠢ ᠰᠢ ᠵᠢᠨ ᠫᠢᠩ ᠤᠨ ᠵᠤᠬᠢᠶᠠᠯ ᠪᠦᠳᠤᠬᠡᠯ ᠢ ᠲᠡᠯᠬᠡᠨ ᠪᠤᠷᠤᠯᠠᠭᠤᠯᠬᠤ ᠠᠵᠢᠯᠯᠠᠭ᠎ᠠ ᠶᠢ ᠰᠤᠨᠤᠰᠤᠭᠠᠳ᠂ ᠦᠵᠡᠬᠦ ᠪᠡᠷ ᠢᠷᠡᠭᠰᠡᠨ ᠶᠤᠮ》ᠬᠡᠵᠤ ᠬᠡᠯᠡᠪᠡ᠃ ᠪᠦᠧᠧ ᠺᠦ᠋ ᠨᠤᠮ ᠤᠨ ᠬᠤᠳᠠ ᠶᠢᠨ ᠲᠠᠢᠢᠪᠧᠢ ᠳ᠋ᠡᠬᠢ ᠲᠡᠯᠬᠡᠬᠦᠷ ᠪᠤᠯ ᠲᠠᠶᠢᠸᠠᠨ ᠤ ᠲᠢᠶᠠᠨ ᠯᠦᠩ ᠰᠤᠶᠤᠯ ᠤᠨ ᠡᠭᠦᠳᠦᠨ ᠪᠦᠳᠤᠬᠡᠯᠲᠡ ᠬᠡᠪᠯᠡᠯ ᠤᠨ ᠤᠢᠢᠯᠡᠰ ᠤᠨ ᠬᠢᠵᠠᠭᠠᠷᠳᠤ ᠺᠤᠮᠫᠠᠨᠢ ᠪᠤᠯᠤᠨ ᠵᠧᠵᠢᠶᠠᠩ ᠤᠨ ᠬᠡᠪᠯᠠᠯ ᠤᠨ ᠬᠠᠮᠳᠤᠷᠠᠭᠰᠠᠠ ᠪᠦᠯᠦᠭᠯᠡᠯ ᠤᠨ ᠬᠠᠮᠳᠤᠪᠡᠷ ᠡᠷᠬᠢᠯᠡᠭᠰᠡᠨ ᠬᠡᠯᠬᠢᠶ᠎ᠠ ᠲᠡᠯᠬᠡᠬᠦᠷ ᠪᠤᠯᠤᠨ᠎ᠠ᠃ ᠲᠠᠨᠢᠯᠴᠠᠭᠤᠯᠤᠬᠰᠠᠨ ᠢᠶᠡᠷ᠂ ᠬᠤᠶᠠᠷ ᠲᠠᠯ᠎ᠠ ᠪᠡᠷ ᠢᠶᠡᠨ ᠪᠤᠳᠠᠳᠤ ᠴᠤᠬᠴᠠ ᠶᠢᠨ ᠨᠤᠮ ᠤᠨ ᠲᠡᠯᠬᠡᠬᠦᠷ᠂ ᠰᠦᠯᠵᠢᠶᠠᠨ ᠤ ᠨᠤᠮ ᠤᠨ ᠲᠡᠯᠬᠡᠬᠦᠷ ᠤᠨ ᠬᠠᠮᠳᠤᠷᠠᠯᠴᠠᠭ᠎ᠠ ᠬᠢᠬᠦ ᠵᠡᠷᠬᠡ ᠠᠷᠭ᠎ᠠ ᠪᠡᠷ ᠲᠠᠮᠵᠢᠭᠤᠯᠵᠤ ᠲᠠᠢᠢᠸᠠᠨ ᠤ ᠠᠷᠠᠳ ᠤᠯᠠᠨ ᠤ ᠠᠩᠬᠠᠷᠤᠯ ᠲᠠᠯᠪᠢᠵᠤ ᠪᠠᠢᠢᠭ᠎ᠠ ᠲᠤᠷ᠎ᠠ ᠪᠠᠬ᠎ᠠ ᠳᠠᠢ ᠪᠠᠢᠢᠭ᠎ᠠ ᠬᠢᠳᠡᠳ ᠲᠦᠬᠦᠮᠴᠢᠯᠡᠭᠰᠡᠨ ᠦᠰᠦᠭ ᠤᠨ ᠡᠯ᠎ᠠ ᠵᠤᠢᠢᠯ ᠤᠨ ᠨᠤᠮ ᠪᠢᠴᠢᠭ᠌ ᠢ ᠲᠠᠢᠢᠸᠠᠨ ᠳᠤ ᠤᠷᠤᠭᠤᠯᠵᠤ ᠬᠤᠳᠠᠯᠳᠤᠳᠠᠬ ᠪᠠᠢᠢᠨ᠎ᠠ᠃

ᠢᠷᠡᠯᠳᠡ᠄ ᠦᠪᠦᠷ ᠮᠤᠩᠭ᠋ᠤᠯ ᠤᠨ ᠡᠳᠤᠷ ᠤᠨ ᠰᠤᠨᠢᠨ ᠪᠡᠯᠡᠳᠭᠡᠭ᠍ᠰᠡᠨ ᠨᠢ᠄ ᠪᠠᠢ ᠯᠢᠩ ᠳ᠋ᠢ

ᠰᠣᠶᠤᠯ ᠤᠷᠠᠯᠢᠭ

  • ᠶᠤᠸᠠᠨ ᠤ ᠲᠡᠭᠡᠲᠤ ᠨᠡᠶᠢᠰᠯᠡᠯ ᠳᠤ ᠪᠤᠯᠤᠭᠰᠠᠨ ᠴᠠᠭᠠᠨ ᠢᠳᠡᠭᠡᠨ ᠤ ᠰᠤᠶᠤᠯ ᠤᠨ ᠨᠠᠶᠢᠷ
  • 26 ᠳ᠋ᠤᠭᠠᠷ ᠬᠤᠭᠤᠴᠠᠭᠠᠨ ᠤ ᠠᠯᠳᠠᠨ ᠳᠠᠬᠢᠶ᠎ᠠ ᠴᠡᠴᠡᠬᠡᠰ ᠺᠢᠨᠣ᠋ ᠶᠢᠨ ᠨᠠᠶᠢᠷ ᠬᠦᠬᠡᠬᠤᠳᠠ ᠳᠤ ᠨᠡᠬᠡᠬᠡᠯᠳᠡ ᠪᠡᠨ ᠬᠢᠪᠡ
  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
关闭
010070230030000000000000011120701122053545