ᠨᠡᠩ ᠦᠵᠡᠰᠬᠦᠯᠡᠩᠲᠦ ᠰᠠᠶᠢᠬᠠᠨ ᠲᠡᠯᠡᠬᠡᠢ ᠶᠢᠷᠲᠢᠨᠴᠦ ᠶᠢ ᠭᠠᠷ ᠬᠤᠯᠪᠤᠨ ᠪᠦᠲᠦᠭᠡᠨ ᠪᠠᠶᠢᠭᠤᠯᠤᠶ᠎ᠠ 2017-12-04 15:27

    ᠰᠢᠨᠬᠤᠧᠠ ᠬᠤᠷᠢᠶ᠎ᠠ   ᠪᠡᠭᠡᠵᠢᠩ ᠤᠨ 12 ᠰᠠᠷ᠎ᠠ ᠶᠢᠨ 1 ᠤ ᠡᠲᠦᠷ ᠤᠨ ᠴᠠᠬᠢᠯᠭᠠᠨ ᠮᠡᠲᠡᠭᠡ

    —ᠲᠤᠮᠳᠠᠳᠤ ᠤᠯᠤᠰ ᠤᠨ ᠡᠪ ᠬᠠᠮᠳᠤ ᠨᠠᠮ ᠪᠤᠯᠤᠨ ᠲᠡᠯᠡᠬᠡᠢ ᠶᠢᠨ ᠲᠦᠷᠦ ᠶᠢᠨ ᠨᠠᠮ ᠯᠤᠭ᠎ᠠ ᠶᠢᠨ ᠲᠡᠬᠡᠳᠤ ᠲᠡᠰ ᠤᠨ ᠶᠠᠷᠢᠯᠴᠠᠭ᠎ᠠ ᠶᠢᠨ ᠬᠤᠷᠡᠯ ᠲᠡᠭᠡᠷᠡᠬᠢ ᠭᠤᠤᠯ ᠵᠤᠷᠢᠯᠳᠠᠳᠤ ᠶᠠᠷᠢᠶ᠎ᠠ  (2017 ᠤᠨ ᠤ 12 ᠰᠠᠷ᠎ᠠ ᠶᠢᠨ 1 ᠤ᠋ ᠡᠳᠤᠷ᠂ ᠪᠡᠭᠡᠵᠢᠩ ᠳᠤ)

    ᠲᠤᠮᠳᠠᠳᠤ ᠤᠯᠤᠰ ᠤᠨ ᠡᠪ ᠬᠠᠮᠳᠤ ᠨᠠᠮ ᠤᠨ ᠲᠦᠪ ᠬᠤᠷᠢᠶᠠᠨ ᠤ ᠶᠡᠷᠤᠩᠬᠡᠢ ᠱᠦᠵᠢ᠂ ᠤᠯᠤᠰ ᠤᠨ ᠲᠡᠷᠢᠬᠦᠯᠡᠭᠴᠢ ᠰᠢ ᠶᠢᠨ ᠫᠢᠩ

    ᠬᠦᠨᠳᠤᠳᠤ ᠡᠯ᠎ᠡ ᠤᠯᠤᠰ ᠤᠨ ᠲᠦᠷᠦ ᠶᠢᠨ ᠨᠠᠮ ᠤᠨ ᠤᠳᠤᠷᠢᠳᠬᠤ ᠬᠦᠮᠥᠰ᠂ ᠠᠪᠠᠭ᠋ᠠᠢ ᠨᠠᠷ᠂ ᠠᠪᠤᠭᠠᠢ ᠨᠠᠷ᠂ ᠨᠠᠶᠢᠵᠢ ᠨᠠᠷ ᠡ᠄

    ᠤᠯᠠᠨ ᠢᠶᠠᠷ ᠢᠶᠠᠨ ᠦᠳᠡ ᠶᠢᠨ ᠬᠤᠶᠢᠨ᠎ᠡ ᠶᠢᠨ ᠮᠡᠨᠳᠦ ᠬᠦᠷᠬᠡᠶ᠎ᠡ! ᠡᠨᠡ ᠡᠳᠦᠷ᠂ ᠲᠡᠯᠡᠬᠡᠢ ᠶᠢᠨ ᠡᠯ᠎ᠡ ᠤᠯᠤᠰ ᠤᠨ ᠲᠦᠷᠦ ᠶᠢᠨ ᠨᠠᠮ ᠪᠤᠯᠤᠨ ᠤᠯᠤᠰ ᠲᠦᠷᠦ ᠶᠢᠨ ᠵᠤᠬᠢᠶᠠᠨ ᠪᠠᠶᠢᠭᠤᠯᠤᠯᠳᠠ ᠶᠢᠨ ᠤᠳᠤᠷᠢᠳᠬᠤ ᠬᠦᠮᠥᠰ ᠲᠠᠢ ᠬᠠᠮᠳᠤᠪᠡᠷ ᠲᠤᠮᠳᠠᠳᠤ ᠤᠯᠤᠰ ᠤᠨ ᠡᠪ ᠬᠠᠮᠳᠤ ᠨᠠᠮ ᠪᠤᠯᠤᠨ ᠲᠡᠯᠡᠬᠡᠢ ᠶᠢᠨ ᠲᠦᠷᠦ ᠶᠢᠨ ᠨᠠᠮ ᠯᠤᠭ᠎ᠠ ᠶᠢᠨ ᠲᠡᠬᠡᠳᠤ ᠲᠡᠰ ᠤᠨ ᠶᠠᠷᠢᠯᠴᠠᠭ᠎ᠠ ᠶᠢᠨ ᠬᠤᠷᠡᠯ ᠳᠤ ᠤᠷᠤᠯᠴᠠᠭᠰᠠᠠ ᠳᠠᠭᠠᠨ ᠲᠤᠩ ᠪᠠᠶᠠᠷᠲᠠᠢ ᠪᠠᠶᠢᠨ᠎ᠠ᠃ ᠵᠢᠯ ᠤᠨ ᠡᠴᠤᠰ ᠤᠨ ᠡᠨᠡ ᠦᠶ᠎ᠡ ᠪᠠᠷ᠂ ᠤᠯᠠᠨ ᠤ ᠠᠵᠢᠯ ᠲᠤᠩ ᠶᠠᠭᠠᠷᠠᠤ ᠪᠠᠶᠢᠭᠰᠠᠠ ᠴᠦ ᠨᠠᠨᠳᠢᠨ ᠴᠠᠭ ᠢᠶᠠᠨ ᠰᠢᠬᠠᠵᠥ ᠪᠠᠶᠢᠭᠠᠳ ᠪᠡᠭᠡᠵᠢᠩ ᠳᠤ ᠴᠤᠭᠯᠠᠷᠠᠵᠥ᠂ ᠬᠠᠮᠳᠤᠷᠠᠯᠴᠠᠭ᠎ᠠ ᠶᠢᠨ ᠶᠡᠭᠡ ᠪᠤᠳᠤᠯᠭ᠎ᠠ ᠶᠢ ᠬᠠᠮᠳᠤᠪᠡᠷ ᠵᠦᠪᠯᠡᠵᠥ ᠪᠠᠶᠢᠭ᠎ᠠ ᠨᠢ ᠲᠠᠷᠤᠢ ᠤᠯᠠᠨ ᠢᠶᠠᠷ ᠢᠶᠠᠨ ᠬᠦᠮᠥᠨ ᠲᠦᠷᠦᠯᠬᠢᠳᠡᠨ ᠤ ᠬᠦᠭ᠍ᠵᠢᠯᠳᠡ ᠪᠤᠯᠤᠨ ᠲᠡᠯᠡᠬᠡᠢ ᠶᠢᠨ ᠠᠯᠤᠰ ᠢᠷᠡᠬᠡᠳᠤᠢ ᠶᠢ ᠬᠠᠯᠠᠮᠵᠢᠯᠠᠵᠥ ᠪᠠᠶᠢᠬᠤ ᠶᠢ ᠬᠦᠢᠴᠡᠳ ᠬᠠᠷᠠᠭᠤᠯᠵᠥ ᠪᠠᠶᠢᠨ᠎ᠠ᠃

    ᠠᠳᠡ᠂ ᠪᠢ ᠲᠤᠮᠳᠠᠳᠤ ᠤᠯᠤᠰ ᠤᠨ ᠡᠪ ᠬᠠᠮᠳᠤ ᠨᠠᠮ ᠤᠨ ᠡᠮᠤᠨ᠎ᠡ ᠠᠴᠠ᠂ ᠲᠡᠷᠡᠴᠢᠯᠡᠨ ᠬᠤᠪᠢ ᠶᠢᠨ ᠨᠡᠷ᠎ᠡ ᠪᠠᠷ ᠢᠶᠠᠨ᠂ ᠠᠯᠤᠰ ᠬᠤᠯᠠ ᠠᠴᠠ ᠬᠦᠷᠦᠯᠴᠡᠨ ᠢᠷᠡᠭᠰᠡᠡ ᠡᠯ᠎ᠡ ᠤᠯᠤᠰ ᠤᠨ ᠨᠠᠶᠢᠵᠢ ᠨᠠᠷ ᠢ ᠬᠠᠯᠠᠭᠤᠨ ᠢᠶᠠᠷ ᠤᠬᠳᠤᠵᠥ ᠪᠠᠶᠢᠨ᠎ᠠ!ᠲᠤᠮᠳᠠᠳᠤ ᠤᠯᠤᠰ ᠤᠨ ᠡᠪ ᠬᠠᠮᠳᠤ ᠨᠠᠮ ᠤᠨ ᠠᠷᠪᠠ ᠶᠢᠰᠦᠳᠦᠭᠡᠷ ᠶᠡᠭᠡ ᠬᠤᠷᠡᠯ ᠬᠤᠷᠠᠯᠳᠤᠬᠤ ᠦᠶ᠎ᠡ ᠳᠤ ᠮᠠᠰᠢ ᠤᠯᠠᠨ ᠲᠦᠷᠦ ᠶᠢᠨ ᠨᠠᠮ ᠪᠤᠯᠤᠨ ᠤᠯᠤᠰ ᠲᠦᠷᠦ ᠶᠢᠨ ᠵᠤᠬᠢᠶᠠᠨ ᠪᠠᠶᠢᠭᠤᠯᠤᠯᠳᠠ ᠵᠢᠴᠢ ᠤᠳᠤᠷᠢᠳᠬᠤ ᠬᠦᠮᠥᠰ ᠵᠠᠬᠢᠳᠠᠯ ᠴᠠᠬᠢᠯᠭᠠᠨ ᠴᠢᠮᠡᠭᠡ ᠢᠷᠡᠬᠦᠯᠵᠥ ᠪᠠᠶᠠᠷ ᠬᠦᠷᠬᠡᠪᠡ᠂ ᠪᠢ ᠡᠨᠡ ᠡᠳᠤᠷ ᠤᠨ ᠲᠤᠬᠢᠶᠠᠯ ᠢ ᠠᠰᠢᠬᠯᠠᠨ᠂ ᠤᠯᠠᠨ ᠳᠤ ᠴᠢᠩ ᠰᠡᠳᠬᠢᠯ ᠠᠴᠠ ᠪᠠᠨ ᠲᠠᠯᠠᠷᠬᠠᠵᠥ ᠪᠠᠶᠢᠬᠤ ᠪᠠᠨ ᠢᠯᠡᠳᠬᠡᠶ᠎ᠡ!

    ᠲᠤᠮᠳᠠᠳᠤ ᠤᠯᠤᠰ ᠤᠨ ᠡᠪ ᠬᠠᠮᠳᠤ ᠨᠠᠮ ᠤᠨ ᠠᠷᠪᠠ ᠶᠢᠰᠦᠳᠦᠭᠡᠷ ᠶᠡᠭᠡ ᠬᠤᠷᠡᠯ ᠠᠴᠠ ᠲᠤᠮᠳᠠᠳᠤ ᠤᠯᠤᠰ ᠤᠨ ᠤᠳᠤ ᠠᠴᠠ ᠲᠤᠰ ᠵᠠᠭᠤᠨ ᠤ ᠲᠤᠮᠳᠠᠴᠢ ᠪᠤᠯᠳᠠᠯᠠᠬᠢ ᠬᠦᠭ᠍ᠵᠢᠯᠳᠡ ᠶᠢᠨ ᠠᠤᠭ᠎ᠠ ᠲᠦᠰᠦᠪ ᠢ ᠵᠢᠷᠤᠭᠯᠠᠵᠥ᠂ ᠲᠤᠮᠳᠠᠳᠤ ᠤᠯᠤᠰ ᠡᠯ᠎ᠡ ᠲᠠᠯ᠎ᠠ ᠶᠢᠨ ᠬᠢᠨ ᠲᠠᠢ ᠬᠠᠮᠳᠤᠪᠡᠷ ᠬᠦᠮᠥᠨ ᠲᠦᠷᠤᠯᠬᠢᠳᠡᠨ ᠤ ᠬᠤᠪᠢ ᠵᠠᠶᠠᠭᠠᠨ ᠤ ᠬᠠᠮᠳᠤ ᠶᠢᠨ ᠴᠤᠭᠴᠠ ᠶᠢ ᠪᠠᠶᠢᠭᠤᠯᠬᠤ ᠶᠢ ᠠᠬᠢᠭᠤᠯᠬᠤ ᠴᠢᠩ ᠦᠨᠡᠨᠴᠢ ᠬᠦᠰᠡᠯ ᠰᠠᠨᠠᠭ᠎ᠠ ᠲᠠᠢ ᠪᠠᠶᠢᠬᠤ ᠪᠠᠨ ᠲᠤᠩᠬᠠᠭᠯᠠᠪᠠ᠃ ᠲᠦᠷᠦ ᠶᠢᠨ ᠨᠠᠮ ᠨᠢ ᠤᠯᠤᠰ ᠤᠨ ᠤᠯᠤᠰ ᠲᠦᠷᠦ ᠶᠢᠨ ᠠᠮᠢᠳᠤᠷᠡᠯ ᠲᠤᠮᠲᠠ ᠴᠢᠬᠤᠯᠠ ᠦᠢᠯᠡᠳᠦᠯ ᠦᠵᠡᠬᠦᠯᠵᠥ ᠪᠠᠶᠢᠳᠠᠭ ᠪᠦᠭᠡᠳ ᠬᠦᠮᠥᠨ ᠲᠦᠷᠦᠯᠬᠢᠳᠡᠨ ᠤ ᠪᠤᠯᠪᠠᠰᠤᠨ ᠤ ᠲᠠᠪᠰᠢᠯᠳᠠ ᠶᠢ ᠠᠬᠢᠭᠤᠯᠬᠤ ᠴᠢᠬᠤᠯᠠ ᠬᠦᠴᠦᠨ ᠪᠤᠯᠤᠨ᠎ᠠ᠃ ᠲᠠᠨᠠᠷ ᠪᠤᠯ ᠲᠡᠯᠡᠬᠡᠢ ᠶᠢᠨ ᠡᠯ᠎ᠡ ᠤᠯᠤᠰ ᠤᠨ 300 ᠰᠢᠬᠠᠮ ᠲᠦᠷᠦ ᠶᠢᠨ ᠨᠠᠮ ᠪᠤᠯᠤᠨ ᠤᠯᠤᠰ ᠲᠦᠷᠦ ᠶᠢᠨ ᠵᠤᠬᠢᠶᠠᠨ ᠪᠠᠶᠢᠭᠤᠯᠤᠯᠳᠠ ᠶᠢᠨ ᠤᠳᠤᠷᠢᠳᠬᠤ ᠬᠦᠮᠥᠰ ᠪᠤᠯᠤᠨ᠎ᠠ᠃ ᠪᠢ ᠤᠯᠠᠨ ᠲᠠᠢ ᠮᠠᠨ ᠤ ᠤᠯᠤᠯᠳᠡ ᠲᠦᠷᠦᠭᠳᠡᠯ ᠢᠶᠠᠨ ᠬᠤᠪᠢᠶᠠᠯᠴᠠᠬᠤ ᠲᠤᠷᠠᠳᠠᠢ ᠪᠠᠶᠢᠨ᠎ᠠ᠃

    ᠠᠪᠠᠭ᠋ᠠᠢ ᠨᠠᠷ᠂ ᠠᠪᠤᠭᠠᠢ ᠨᠠᠷ᠂ ᠨᠠᠶᠢᠵᠢ ᠨᠠᠷ ᠡ!

    ᠡᠷᠳᠡᠨ ᠠᠴᠠ ᠡᠳᠦᠬᠡ ᠪᠤᠯᠳᠠᠯ᠎ᠠ᠂ ᠵᠤᠯ ᠵᠢᠷᠭᠠᠯ ᠲᠠᠢ ᠰᠠᠶᠢᠨ ᠰᠠᠶᠢᠬᠠᠨ ᠠᠮᠢᠳᠤᠷᠠᠯ ᠢ ᠦᠩᠬᠡᠷᠡᠬᠦᠯᠬᠦ ᠪᠤᠯ ᠬᠦᠮᠥᠨ ᠲᠦᠷᠦᠯᠬᠢᠳᠡᠨ ᠤ ᠰᠢᠨᠳᠠᠷᠠᠰᠢ ᠦᠭᠡᠢ ᠬᠦᠬᠡᠬᠡᠴᠡᠯᠳᠦᠭᠰᠡᠭᠡᠷ ᠢᠷᠡᠭᠰᠡᠡ ᠬᠦᠰᠡᠯ ᠵᠡᠬᠦᠳᠤ ᠪᠤᠯᠤᠨ᠎ᠠ᠃ ᠬᠡᠳᠤᠨ ᠮᠢᠩᠭ᠋ᠠᠨ ᠵᠢᠯ ᠤᠨ ᠪᠤᠯᠪᠠᠰᠤᠨ ᠤ ᠬᠦᠭ᠍ᠵᠢᠯᠳᠡ ᠶᠢᠨ ᠲᠡᠤᠬᠡᠨ ᠲᠡᠭᠡᠷ᠎ᠡ᠂ ᠬᠦᠮᠥᠨ ᠲᠦᠷᠦᠯᠬᠢᠳᠡᠨ ᠬᠡᠷᠡᠯ ᠰᠠᠴᠤᠷᠠᠩᠭ᠋ᠤᠢ ᠪᠤᠯᠪᠠᠰᠤᠨ ᠤ ᠦᠷ᠎ᠡ ᠪᠦᠳᠦᠭᠡᠯ ᠢ ᠡᠬᠦᠳᠪᠠ᠂ ᠬᠡᠪᠡᠴᠦ ᠲᠠᠶᠢᠨ ᠲᠠᠵᠢᠨ ᠪᠤᠯᠤᠨ ᠮᠦᠷᠬᠦᠯᠳᠦᠬᠡᠨ ᠶᠠᠷᠤ ᠠᠴᠠ ᠲᠠᠰᠤᠷᠠᠭᠰᠠᠠ ᠦᠭᠡᠢ᠂ ᠡᠬᠦᠨ ᠤ ᠲᠡᠭᠡᠷ᠎ᠡ ᠡᠯ᠎ᠡ ᠵᠦᠢᠯ ᠤᠨ ᠪᠠᠶᠢᠭᠠᠯᠢ ᠶᠢᠨ ᠭᠠᠮᠰᠢᠭ᠂ ᠡᠪᠡᠳᠴᠢᠨ ᠡᠮᠬᠡᠭ᠌ ᠠᠴᠠ ᠪᠤᠯᠵᠥ᠂ ᠬᠦᠮᠥᠨ ᠲᠦᠷᠦᠯᠬᠢᠳᠡᠨ ᠲᠤᠭ᠎ᠠ ᠲᠤᠮᠰᠢ ᠦᠭᠡᠢ ᠤᠯᠠᠨ ᠬᠦᠴᠢᠷ ᠵᠤᠪᠠᠭᠤᠷᠢ ᠶᠢ ᠲᠤᠭᠤᠯᠵᠥ᠂ ᠬᠠᠷᠠᠰᠠᠯᠳᠠᠢ ᠦᠷᠡᠭᠳᠡᠯ ᠭᠠᠷᠭᠠᠭᠰᠠᠠ ᠶᠤᠮ᠃ ᠦᠨᠦᠳᠦᠷ᠂ ᠢᠨᠲ᠋ᠧᠷ ᠰᠦᠯᠵᠢᠶ᠎ᠡ᠂ ᠲᠤᠮᠤ ᠳ᠋ᠠᠶᠢᠲ᠋ᠠ᠂ ᠡᠬᠦᠯᠡᠨ ᠪᠤᠳᠤᠯᠳᠠ᠂ ᠺᠧᠨᠠᠲ ᠲᠠᠭᠠᠭᠤᠯᠢ ᠤᠳᠤ᠂ ᠬᠢᠮᠡᠯ ᠤᠶᠤᠨ ᠴᠢᠳᠠᠪᠤᠷᠢ ᠦᠳᠳᠡᠷ ᠲᠦᠷᠭᠡᠨ ᠬᠦᠭ᠍ᠵᠢᠵᠥ᠂ ᠬᠦᠮᠥᠨ ᠲᠦᠷᠦᠯᠬᠢᠳᠡᠨ ᠤ ᠠᠮᠢᠳᠤᠷᠠᠯ ᠤᠨ ᠬᠠᠷᠢᠯᠴᠠᠭ᠎ᠠ ᠬᠤᠯᠪᠤᠭ᠎ᠠ ᠤᠷᠢᠳᠤ ᠡᠮᠤᠨ᠎ᠡ ᠪᠠᠶᠢᠭ᠎ᠠ ᠦᠭᠡᠢ ᠨᠢᠬᠲᠠ ᠪᠤᠯᠵᠥ ᠪᠠᠶᠢᠬᠤ ᠪᠦᠭᠡᠳ ᠬᠦᠮᠥᠨ ᠲᠦᠷᠦᠯᠬᠢᠳᠡᠨ ᠳᠤ ᠲᠤᠯᠭᠠᠷᠠᠵᠥ ᠪᠠᠶᠢᠭ᠎ᠠ ᠪᠦᠬᠦ ᠪᠦᠮᠪᠦᠷᠴᠡᠭ ᠤᠨ ᠴᠢᠨᠠᠷᠳᠠᠢ ᠠᠰᠠᠭᠤᠳᠠᠯ ᠤᠨ ᠤᠯᠠᠨ᠂ ᠬᠡᠪᠴᠢᠶ᠎ᠡ ᠶᠢᠨ ᠶᠡᠭᠡ᠂ ᠬᠡᠮᠵᠢᠶ᠎ᠡ ᠶᠢᠨ ᠬᠦᠨ ᠨᠢ ᠴᠦ ᠤᠷᠢᠳᠤ ᠡᠮᠤᠨ᠎ᠡ ᠪᠠᠶᠢᠭ᠎ᠠ ᠦᠭᠡᠢ ᠪᠤᠯᠵᠥ ᠪᠠᠶᠢᠨ᠎ᠠ᠃ ᠲᠡᠯᠡᠬᠡᠢ ᠶᠢᠨ ᠡᠯ᠎ᠡ ᠤᠯᠤᠰ ᠤᠨ ᠠᠷᠠᠳ ᠲᠦᠮᠡᠨ ᠤ ᠠᠯᠤᠰ ᠢᠷᠡᠬᠡᠳᠤᠢ ᠬᠤᠪᠢ ᠵᠠᠶᠠᠭ᠎ᠠ ᠤᠯᠠᠮ ᠨᠢᠬᠳᠠ ᠬᠤᠯᠪᠤᠯᠳᠤᠬᠤ ᠪᠤᠯᠵᠤ ᠪᠠᠶᠢᠨ᠎ᠠ᠃

    ᠡᠶᠢᠮᠤᠷᠬᠦ ᠪᠠᠶᠢᠳᠠᠯ ᠤᠨ ᠡᠮᠤᠨ᠎ᠡ᠂ ᠬᠦᠮᠥᠨ ᠲᠦᠷᠦᠯᠬᠢᠳᠡᠨ ᠳᠤ ᠬᠤᠶᠠᠷ ᠵᠦᠢᠯ ᠤᠨ ᠰᠤᠩᠭ᠋ᠤᠯᠲᠠ ᠪᠠᠶᠢᠨ᠎ᠠ᠃ ᠨᠢᠬᠡ ᠵᠦᠢᠯ ᠨᠢ᠂ ᠬᠦᠮᠥᠰ ᠡᠷᠬᠡ ᠠᠰᠢᠭ ᠪᠤᠯᠢᠶᠠᠯᠴᠠᠬᠤ ᠶᠢᠨ ᠲᠦᠯᠥᠬᠡ ᠬᠠᠷ᠎ᠠ ᠰᠠᠨᠠᠭ᠎ᠠ ᠲᠠᠢ ᠪᠠᠷ ᠦᠷᠢᠰᠦᠯᠳᠦᠨ ᠴᠢᠨᠠᠭᠰᠢᠯᠠᠪᠠᠯ ᠴᠡᠷᠢᠭ ᠵᠡᠪᠰᠡᠭ ᠬᠦᠳᠡᠯᠬᠡᠨ᠎ᠡ᠂ ᠡᠨᠡ ᠨᠢ ᠭᠠᠢ ᠭᠠᠮᠰᠢᠭ ᠤᠨ ᠴᠢᠨᠠᠷᠳᠠᠢ ᠬᠢᠮᠤᠷᠠᠯ ᠢ ᠠᠪᠴᠢᠷᠠᠵᠥ ᠮᠡᠳᠡᠨ᠎ᠡ᠃ ᠨᠦᠬᠦᠬᠡ ᠨᠢᠬᠡ ᠵᠦᠢᠯ ᠨᠢ᠂ ᠬᠦᠮᠥᠰ ᠴᠠᠭ ᠦᠶ᠎ᠡ ᠶᠢᠨ ᠤᠷᠤᠰᠬᠠᠯ ᠢ ᠲᠠᠭᠠᠵᠥ᠂ ᠰᠡᠳᠬᠢᠯ ᠨᠢᠬᠡᠳᠤᠨ ᠬᠦᠴᠦ ᠪᠠᠨ ᠬᠠᠮᠳᠤᠳᠬᠠᠨ ᠦᠷᠢᠰᠦᠯᠳᠦᠬᠡᠨ ᠢ ᠠᠷᠭᠠᠴᠠᠵᠥ᠂ ᠪᠦᠬᠦ ᠪᠦᠮᠪᠦᠷᠴᠡᠭ ᠤᠨ ᠴᠢᠨᠠᠷᠳᠠᠢ ᠬᠠᠮᠵᠢᠯᠴᠠᠭ᠎ᠠ ᠦᠷᠨᠢᠬᠦᠯᠥᠨ᠎ᠡ᠃ ᠡᠨᠡ ᠨᠢ ᠲᠠᠷᠤᠢ ᠬᠦᠮᠥᠨ ᠲᠦᠷᠦᠯᠬᠢᠳᠡᠨ ᠤ ᠬᠤᠪᠢ ᠵᠠᠶᠠᠭᠠᠨ ᠤ ᠬᠠᠮᠳᠤ ᠶᠢᠨ ᠴᠤᠭᠴᠠ ᠶᠢ ᠪᠠᠶᠢᠭᠤᠯᠬᠤ ᠳᠤ ᠨᠦᠬᠦᠴᠡᠯ ᠪᠦᠷᠢᠯᠳᠦᠬᠦᠯᠬᠦ ᠪᠤᠯᠤᠨ᠎ᠠ᠃ ᠪᠢᠳᠡ ᠲᠡᠤᠬᠡ ᠶᠢᠨ ᠠᠵᠠ ᠲᠤᠬᠢᠶᠠᠯ ᠢ ᠠᠮᠵᠢᠵᠥ᠂ ᠵᠦᠪ ᠰᠤᠩᠭ᠋ᠤᠯᠳᠠ ᠬᠢᠵᠥ᠂ ᠬᠦᠮᠥᠨ ᠲᠦᠷᠦᠯᠬᠢᠳᠡᠨ ᠤ ᠨᠡᠩ ᠬᠡᠬᠡᠨ ᠰᠠᠷᠠᠭᠤᠯ ᠢᠷᠡᠬᠡᠳᠤᠢ ᠶᠢ ᠬᠠᠮᠳᠤᠪᠡᠷ ᠨᠡᠬᠡᠬᠡᠨ ᠡᠬᠦᠳᠬᠦ ᠬᠡᠷᠡᠭᠳᠡᠢ᠃

    ᠲᠤᠮᠳᠠᠳᠤ ᠶᠢᠨ ᠦᠨᠳᠦᠰᠦᠳᠡᠨ ᠦᠨᠢ ᠤᠳᠠᠭᠠᠨ ᠤ ᠲᠡᠤᠬᠡ ᠪᠡ ᠬᠡᠷᠡᠯ ᠰᠠᠴᠤᠷᠠᠩᠭ᠋ᠤᠢ ᠪᠤᠯᠪᠠᠰᠤᠨ ᠲᠠᠢ ᠶᠤᠮ᠂ ᠬᠡᠪᠡᠴᠦ ᠤᠢᠢᠷ᠎ᠡ ᠦᠶ᠎ᠡ ᠠᠴᠠ ᠨᠠᠰᠢ ᠭᠠᠯ ᠤᠰᠤᠨ ᠤ ᠭᠠᠰᠠᠯᠠᠩ ᠵᠤᠪᠠᠯᠠᠩ ᠢ ᠦᠩᠬᠡᠷᠡᠭᠡᠭ᠍ᠰᠡᠡ ᠪᠠᠶᠢᠨ᠎ᠠ᠃ ᠲᠤᠮᠳᠠᠳᠤ ᠤᠯᠤᠰ ᠤᠨ ᠠᠷᠠᠳ ᠲᠦᠮᠡᠨ ᠬᠤᠪᠢ ᠵᠠᠶᠠᠭ᠎ᠠ ᠳᠠᠭᠠᠨ ᠨᠤᠭᠤᠷᠠᠭᠰᠠᠠ ᠦᠭᠡᠢ᠂ ᠬᠠᠷᠢᠨ ᠡᠷᠡᠯᠬᠡᠭ᠍ᠯᠡᠨ ᠲᠡᠮᠡᠴᠡᠵᠤ᠂ ᠬᠦᠴᠦᠷᠭᠡᠭ᠍ᠵᠢᠬᠦ ᠪᠠᠷ ᠬᠦᠴᠦᠯᠡᠨ ᠴᠢᠷᠮᠡᠶᠢᠵᠥ᠂ ᠤᠷᠳᠤ ᠬᠤᠭᠤᠴᠠᠭᠠᠨ ᠤ ᠲᠡᠮᠡᠴᠡᠯ ᠢᠶᠠᠷ ᠲᠠᠮᠵᠢᠨ᠂ ᠲᠤᠮᠳᠠᠳᠤ ᠶᠢᠨ ᠦᠨᠳᠦᠰᠦᠳᠡᠨ ᠤ ᠠᠭᠤᠤ ᠶᠡᠭᠡ ᠰᠡᠷᠬᠦᠨ ᠮᠠᠨᠳᠤᠯᠳᠠ ᠶᠢ ᠪᠡᠶᠡᠯᠡᠬᠦᠯᠬᠦ ᠰᠠᠷᠠᠭᠤᠯ ᠲᠠᠷᠳᠠᠩ ᠵᠠᠮ ᠢᠶᠠᠷ ᠵᠠᠮᠨᠠᠪᠠ᠃ ᠲᠡᠤᠬᠡ ᠶᠢ ᠡᠷᠬᠢᠴᠡᠬᠦᠯᠬᠦᠶ᠎ᠡ᠂ ᠮᠠᠨ ᠤ ᠡᠨᠡᠬᠦ ᠡᠷᠳᠡᠨ ᠤ ᠦᠨᠳᠦᠰᠦᠳᠡᠨ ᠢ ᠲᠤᠯᠭᠠᠭᠤᠷᠢᠯᠠᠵᠥ ᠦᠨᠦᠳᠦᠷ ᠲᠤ ᠬᠦᠷᠬᠡᠭ᠍ᠰᠡᠡ᠂ 5000 ᠭᠠᠷᠤᠢ ᠵᠢᠯ ᠤᠨ ᠲᠡᠤᠬᠡ ᠲᠠᠢ ᠲᠤᠮᠳᠠᠳᠤ ᠶᠢᠨ ᠪᠤᠯᠪᠠᠰᠤᠨ ᠢ ᠲᠤᠯᠭᠠᠭᠤᠷᠢᠯᠠᠨ ᠦᠨᠦᠳᠦᠷ ᠲᠤ ᠬᠦᠷᠬᠡᠭ᠍ᠰᠡᠡ ᠨᠢ ᠲᠤᠮᠳᠠᠳᠤ ᠶᠢᠨ ᠦᠨᠳᠦᠰᠦᠳᠡᠨ ᠤ ᠴᠢᠰᠤᠨ ᠰᠤᠳᠠᠰᠤ ᠳᠤ ᠦᠨᠳᠦᠰᠦᠯᠡᠭᠰᠡᠡ ᠰᠤᠶᠤᠯ ᠤᠨ ᠭᠧᠨ ᠪᠤᠯᠤᠨ᠎ᠠ᠃ ᠲᠤᠮᠳᠠᠳᠤ ᠶᠢᠨ ᠦᠨᠳᠦᠰᠦᠳᠡᠨ ᠲᠡᠤᠬᠡ ᠠᠴᠠ ᠪᠠᠨ ᠠᠪᠤᠭᠠᠳᠲᠠᠶᠠᠩ ᠲᠡᠯᠡᠬᠡᠢ ᠪᠠᠷ ᠢᠶᠠᠨ ᠨᠢᠬᠡ ᠬᠡᠷᠬᠡᠬᠦ ᠶᠢ ᠡᠷᠬᠢᠮᠯᠡᠵᠥ᠂ ᠠᠬ᠎ᠠ ᠲᠡᠬᠦᠤ ᠮᠡᠳᠤ ᠨᠦᠬᠦᠷᠯᠡᠵᠥ᠂ ᠡᠶ᠎ᠡ ᠨᠠᠶᠢᠷᠳᠠᠢ ᠤᠷᠤᠰᠢᠵᠤ᠂ ᠪᠦᠬᠦᠳᠡᠬᠡᠷ ᠢᠶᠠᠨ ᠠᠳᠠᠯᠢᠬᠠᠨ ᠪᠠᠶᠢᠬᠤ ᠶᠢ ᠵᠤᠷᠢᠵᠥ᠂ᠵᠢᠷᠤᠮ ᠶᠤᠰᠤᠨ ᠢ ᠪᠠᠷᠢᠮᠲᠠᠯᠠᠨ᠂ ᠲᠦᠪ ᠭᠤᠤᠯᠴᠢ ᠪᠠᠶᠢᠬᠤᠲᠡᠯᠡᠬᠡᠢ ᠶᠢᠷᠳᠢᠨᠴᠦ ᠶᠢ ᠬᠦᠰᠡᠵᠤ ᠵᠤᠷᠢᠵᠤ ᠢᠷᠡᠭᠰᠡᠡ ᠶᠤᠮ᠃ ᠪᠢᠳᠡᠨ ᠤ ᠦᠵᠡᠬᠦ ᠪᠠᠷ᠂ ᠲᠡᠯᠡᠬᠡᠢ ᠶᠢᠨ ᠡᠯ᠎ᠡ ᠤᠯᠤᠰ ᠡᠶᠢᠮᠤ ᠪᠤᠶᠤ ᠲᠡᠶᠢᠮᠤ ᠵᠦᠷᠢᠯᠳᠦᠬᠡᠨ ᠵᠦᠷᠢᠴᠡᠯ ᠲᠠᠢ ᠪᠠᠶᠢᠵᠥ᠂ ᠡᠶᠢᠮᠤ ᠪᠤᠶᠤ ᠲᠡᠶᠢᠮᠤ ᠮᠠᠷᠭᠤᠯᠳᠤᠭᠠᠨ ᠡᠬᠦᠰᠬᠦ ᠨᠢ ᠭᠠᠷᠴᠠᠭ᠎ᠠ ᠦᠭᠡᠢ ᠪᠤᠯᠪᠠᠴᠦ ᠲᠡᠯᠡᠬᠡᠢ ᠶᠢᠨ ᠡᠯ᠎ᠡ ᠤᠯᠤᠰ ᠤᠨ ᠠᠷᠠᠳ ᠲᠦᠮᠡᠨ ᠠᠳᠠᠯᠢ ᠨᠢᠬᠡ ᠲᠡᠭᠷᠢ ᠶᠢᠨ ᠲᠤᠤᠷ᠎ᠡ ᠠᠮᠢᠳᠤᠷᠠᠵᠥ᠂ ᠠᠳᠠᠯᠢ ᠨᠢᠬᠡ ᠬᠡᠷ ᠤᠷᠤᠨ ᠲᠠᠢ ᠲᠤᠯᠠ ᠨᠢᠬᠡ ᠬᠡᠷ ᠤᠨ ᠬᠦᠮᠥᠨ ᠮᠡᠲᠦ ᠪᠠᠶᠢᠪᠠᠯ ᠵᠤᠬᠢᠨ᠎ᠠ᠃ ᠲᠡᠯᠡᠬᠡᠢ ᠶᠢᠨ ᠡᠯ᠎ᠡ ᠤᠯᠤᠰ ᠤᠨ ᠠᠷᠠᠳ ᠲᠦᠮᠡᠨᠲᠠᠶᠠᠩ ᠲᠡᠯᠡᠬᠡᠢ ᠪᠠᠷ ᠢᠶᠠᠨ ᠨᠢᠬᠡ ᠬᠡᠷᠬᠡᠬᠦ ᠤᠢᠢᠯᠠᠭᠠᠬᠳᠠᠬᠤᠨ ᠢ ᠪᠠᠷᠢᠮᠳᠠᠯᠠᠵᠥ᠂ ᠬᠠᠷᠢᠯᠴᠠᠨ ᠤᠢᠢᠯᠠᠭᠠᠯᠴᠠᠵᠥ᠂ ᠠᠳᠠᠯᠢ ᠲᠠᠯ᠎ᠠ ᠪᠠᠨ ᠡᠷᠢᠵᠥ ᠵᠦᠷᠢᠶ᠎ᠡ ᠪᠠᠨ ᠦᠯᠡᠳᠡᠬᠡᠵᠥ᠂ ᠬᠦᠮᠥᠨ ᠲᠦᠷᠦᠯᠬᠢᠳᠡᠨ ᠤ ᠬᠤᠪᠢ ᠵᠠᠶᠠᠭᠠᠨ ᠤ ᠬᠠᠮᠳᠤ ᠶᠢᠨ ᠴᠤᠭᠴᠠ ᠶᠢ ᠪᠠᠶᠢᠭᠤᠯᠬᠤ ᠪᠠᠷ ᠬᠠᠮᠳᠤᠪᠡᠷ ᠴᠢᠷᠮᠡᠶᠢᠪᠠᠯ ᠵᠤᠬᠢᠨ᠎ᠠ᠃

    2013ᠤᠨ ᠳᠤ᠂ ᠪᠢ ᠬᠦᠮᠥᠨ ᠲᠦᠷᠦᠯᠬᠢᠳᠡᠨ ᠤ ᠬᠤᠪᠢ ᠵᠠᠶᠠᠭᠠᠨ ᠤ ᠬᠠᠮᠳᠤ ᠶᠢᠨ ᠴᠤᠭᠴᠠ ᠶᠢ ᠪᠠᠶᠢᠭᠤᠯᠬᠤ ᠰᠠᠨᠠᠭᠠᠴᠢᠯᠠᠭ᠎ᠠ ᠶᠢ ᠠᠩᠬ᠎ᠠ ᠲᠤᠷᠠᠳᠪᠠ᠃ ᠲᠤᠮᠳᠠᠳᠤ ᠤᠯᠤᠰ ᠪᠤᠯᠤᠨ ᠲᠡᠯᠡᠬᠡᠢ ᠶᠢᠨ ᠡᠯ᠎ᠡ ᠤᠯᠤᠰ ᠤᠨ ᠨᠦᠬᠦᠷᠰᠡᠭ ᠬᠠᠮᠳᠤᠷᠠᠯᠴᠠᠭ᠎ᠠ ᠲᠠᠰᠤᠷᠠᠯᠳᠡ ᠦᠭᠡᠢ ᠦᠷᠬᠡᠵᠢᠵᠥ᠂ ᠬᠦᠮᠦᠨ ᠲᠦᠷᠦᠯᠬᠢᠳᠡᠨ ᠤ ᠬᠤᠪᠢ ᠵᠠᠶᠠᠭᠠᠨ ᠤ ᠬᠠᠮᠳᠤ ᠶᠢᠨ ᠴᠤᠭᠴᠠ ᠶᠢᠨ ᠤᠢᠢᠯᠠᠭᠠᠬᠳᠠᠬᠤᠨ ᠨᠡᠩ ᠤᠯᠠᠨ ᠬᠦᠮᠥᠰ ᠤᠨ ᠲᠡᠮᠵᠢᠯᠬᠡ ᠪᠤᠯᠤᠨ ᠮᠠᠭᠳᠠᠭᠠᠯ ᠢ ᠤᠯᠵᠥ᠂ ᠡᠨᠡᠬᠦ ᠰᠠᠨᠠᠭᠠᠴᠢᠯᠠᠭ᠎ᠠ ᠨᠢ ᠶᠠᠭ ᠤᠢᠢᠯᠠᠭᠠᠬᠳᠠᠬᠤᠨ ᠠᠴᠠ ᠪᠠᠨ ᠪᠤᠲᠠᠲᠠᠢ ᠠᠵᠢᠯᠯᠠᠭ᠎ᠠ ᠪᠤᠯᠵᠥ ᠬᠤᠪᠢᠷᠠᠵᠥ ᠪᠠᠶᠢᠬᠤ ᠶᠢ ᠪᠢ ᠪᠠᠶᠠᠷ ᠲᠠᠢ ᠪᠠᠷ ᠤᠯᠵᠥ ᠬᠠᠷᠠᠯ᠎ᠠ᠃

    ᠪᠢᠨᠢᠬᠡ ᠪᠦᠰᠡ ᠨᠢᠬᠡ ᠵᠠᠮᠤ᠋ᠨ ᠰᠠᠨᠠᠭᠠᠴᠢᠯᠠᠭ᠎ᠠ ᠶᠢ ᠲᠤᠷᠠᠳᠤᠭᠰᠠᠠ ᠨᠢ ᠲᠠᠷᠤᠢ ᠬᠦᠮᠥᠨ ᠲᠦᠷᠦᠯᠬᠢᠳᠡᠨ ᠤ ᠬᠤᠪᠢ ᠵᠠᠶᠠᠭᠠᠨ ᠤ ᠬᠠᠮᠳᠤ ᠶᠢᠨ ᠴᠤᠭᠴᠠ ᠶᠢᠨ ᠤᠢᠢᠯᠠᠭᠠᠬᠳᠠᠬᠤᠨ ᠢ ᠦᠢᠯᠡᠳᠦᠯᠬᠡᠵᠢᠬᠦᠯᠬᠦ ᠶᠢᠨ ᠲᠦᠯᠥᠬᠡ ᠶᠤᠮ᠃ 4 ᠵᠢᠯ ᠤᠨ ᠲᠤᠷᠰᠢ᠂ᠨᠢᠬᠡ ᠪᠦᠰᠡ ᠨᠢᠬᠡ ᠵᠠᠮ》᠋ ᠢ ᠬᠠᠮᠳᠤᠪᠡᠷ ᠪᠠᠶᠢᠭᠤᠯᠬᠤ ᠨᠢ ᠬᠠᠮᠢᠶ᠎ᠠ ᠪᠦᠬᠦᠢ ᠤᠯᠤᠰ ᠤᠨ ᠬᠠᠮᠳᠤ ᠶᠢᠨ ᠬᠦᠭ᠍ᠵᠢᠯᠳᠡ ᠪᠠᠨ ᠪᠡᠶᠡᠯᠡᠬᠦᠯᠬᠦ ᠶᠢᠨ ᠯᠤᠳᠤ ᠶᠡᠭᠡ ᠬᠠᠮᠳᠤᠷᠠᠯᠴᠠᠭᠠᠨ ᠤ ᠲᠠᠪᠴᠠᠩ ᠪᠤᠯᠤᠭᠰᠠᠠ ᠪᠠᠶᠢᠨ᠎ᠠ᠃ ᠭᠤᠤᠯ ᠭᠤᠷᠤᠬ᠎ᠠ ᠨᠡᠶᠢᠯᠡᠬᠡᠳ ᠲᠠᠯᠠᠢ ᠪᠤᠯᠵᠥ᠂ ᠤᠳᠤᠨ ᠮᠠᠴᠢᠳ ᠲᠡᠭᠷᠢ ᠶᠢᠨ ᠤᠶᠤᠳᠠᠯ ᠢ ᠬᠡᠷᠡᠯᠳᠤᠬᠦᠯᠥᠨ᠎ᠡ᠃ ᠡᠯ᠎ᠡ ᠲᠠᠯ᠎ᠠ ᠶᠢᠨ ᠬᠢᠨ ᠬᠦᠮᠥᠨ ᠲᠦᠷᠦᠯᠬᠢᠳᠡᠨ ᠤ ᠬᠤᠪᠢ ᠵᠠᠶᠠᠭᠠᠨ ᠤ ᠬᠠᠮᠳᠤ ᠶᠢᠨ ᠴᠤᠭᠴᠠ ᠶᠢᠨ ᠤᠢᠢᠯᠠᠭᠠᠬᠳᠠᠬᠤᠨ ᠢ ᠪᠤᠢ ᠪᠤᠯᠭᠠᠵᠥ᠂ ᠬᠠᠮᠳᠤᠪᠡᠷ ᠲᠦᠯᠥᠪᠵᠢᠬᠦᠯᠵᠥ᠂ ᠬᠠᠮᠳᠤᠪᠡᠷ ᠦᠢᠯᠡᠳᠦᠯᠬᠡᠵᠢᠬᠦᠯᠵᠥ᠂ ᠦᠷᠬᠦᠯᠵᠢᠯᠡᠨ ᠴᠢᠷᠮᠡᠶᠢᠵᠥ᠂ ᠴᠦᠬᠦᠷᠡᠰᠢ ᠦᠭᠡᠢ ᠲᠡᠮᠡᠴᠡᠳᠡᠭ ᠯᠠ ᠶᠤᠮ ᠪᠤᠯ ᠬᠦᠮᠥᠨ ᠲᠦᠷᠦᠯᠬᠢᠳᠡᠨ ᠤ ᠬᠤᠪᠢ ᠵᠠᠶᠠᠭᠠᠨ ᠤ ᠬᠠᠮᠳᠤ ᠶᠢᠨ ᠴᠤᠭᠴᠠ ᠶᠢ ᠪᠠᠶᠢᠭᠤᠯᠬᠤ ᠬᠠᠷᠠᠯᠳᠡ ᠶᠢ ᠯᠠᠪᠳᠠᠢ ᠪᠡᠶᠡᠯᠡᠭᠦᠯᠵᠤ ᠲᠡᠶᠢᠯᠥᠨ᠎ᠡ ᠭᠡᠳᠡᠭ ᠢ ᠪᠢ ᠢᠳᠡᠬᠡᠵᠥ ᠪᠠᠶᠢᠨ᠎ᠠ᠃

    ᠠᠪᠠᠭ᠋ᠠᠢ ᠨᠠᠷ᠂ ᠠᠪᠤᠭᠠᠢ ᠨᠠᠷ᠂ ᠨᠠᠶᠢᠵᠢ ᠨᠠᠷ ᠡ!ᠬᠦᠮᠥᠨ ᠲᠦᠷᠦᠯᠬᠢᠳᠡᠨ ᠤ ᠬᠤᠪᠢ ᠵᠠᠶᠠᠭᠠᠨ ᠤ ᠬᠠᠮᠳᠤ ᠶᠢᠨ ᠴᠤᠭᠴᠠ ᠭᠡᠳᠡᠭ ᠪᠤᠯ ᠦᠨᠳᠦᠰᠦᠳᠡᠨ᠂ ᠤᠯᠤᠰ ᠨᠢᠬᠡᠪᠤᠷᠢ ᠶᠢᠨ ᠠᠯᠤᠰ ᠢᠷᠡᠬᠡᠳᠤᠢ ᠬᠤᠪᠢ ᠵᠠᠶᠠᠭ᠎ᠠ ᠶᠢ ᠨᠢᠬᠳᠠ ᠬᠤᠯᠪᠤᠵᠥ ᠪᠠᠶᠢᠳᠠᠭ᠂ ᠡᠶᠢᠨᠬᠦ ᠬᠠᠳᠠᠭᠤ ᠪᠡᠷᠭᠡᠰᠢᠶᠡᠯ ᠢ ᠬᠠᠮᠳᠤᠪᠡᠷ ᠲᠤᠭᠤᠯᠵᠥ᠂ ᠵᠢᠷᠭᠠᠯ ᠵᠤᠪᠠᠯ ᠢᠶᠠᠨ ᠬᠠᠮᠳᠤᠳᠬᠠᠵᠥ᠂ ᠴᠢᠷᠮᠡᠶᠢᠵᠥ ᠪᠠᠶᠢᠭᠠᠳ ᠪᠢᠳᠡᠨ ᠤ ᠬᠠᠮᠲᠤᠪᠠᠷ ᠠᠮᠢᠲᠤᠷᠠᠵᠤ ᠤᠷᠤᠰᠢᠵᠤ ᠪᠠᠶᠢᠭ᠎ᠠ ᠡᠨᠡᠬᠦ ᠪᠦᠮᠪᠦᠷᠴᠡᠭ ᠢᠶᠠᠨ ᠡᠶ᠎ᠡ ᠵᠤᠬᠢᠴᠠᠩᠭ᠋ᠤᠢ ᠶᠡᠭᠡ ᠬᠡᠷ ᠪᠦᠯᠢ ᠪᠤᠯᠭᠠᠨ ᠪᠦᠳᠦᠭᠡᠨ ᠪᠠᠶᠢᠭᠤᠯᠵᠥ᠂ ᠡᠯ᠎ᠡ ᠤᠯᠤᠰ ᠤᠨ ᠠᠷᠠᠳ ᠲᠦᠮᠡᠨ ᠤ ᠰᠠᠶᠢᠨ ᠰᠠᠶᠢᠬᠠᠨ ᠠᠮᠢᠳᠤᠷᠠᠯ ᠤᠨ ᠲᠤᠬᠠᠢ ᠬᠦᠰᠡᠯ ᠡᠷᠡᠮᠡᠯᠵᠡᠯ ᠢ ᠪᠡᠶᠡᠯᠡᠬᠦᠯᠪᠡᠯ ᠵᠤᠬᠢᠨ᠎ᠠ᠃

    —ᠪᠢᠳᠡ ᠰᠦᠷᠳᠡᠭᠦᠯᠦᠯ ᠠᠴᠠ ᠬᠤᠯᠠᠬᠠᠨ ᠪᠠᠶᠢᠵᠥ᠂ ᠨᠡᠶᠢᠳᠡᠮ ᠳᠡᠭᠡᠨ ᠠᠮᠤᠷ ᠲᠦᠪᠰᠢᠨ ᠪᠠᠶᠢᠬᠤ ᠳᠡᠯᠡᠬᠡᠢ ᠶᠢᠷᠳᠢᠨᠴᠤ ᠶᠢ ᠴᠢᠷᠮᠠᠶᠢᠨ ᠪᠦᠲᠦᠭᠡᠨ ᠪᠠᠶᠢᠭᠤᠯᠤᠶ᠎ᠠ᠃ ᠬᠦᠮᠦᠨ ᠲᠦᠷᠦᠯᠬᠢᠳᠡᠨ ᠤ ᠪᠤᠯᠪᠠᠰᠤᠨ ᠤ ᠬᠦᠭ᠍ᠵᠢᠯᠲᠠ ᠶᠢᠨ ᠠᠬᠢᠴᠠ ᠶᠢ ᠠᠵᠢᠬᠤ ᠳᠤ᠂ ᠲᠦᠮᠡ ᠮᠢᠩᠭ᠋ᠠᠨ ᠵᠢᠯ ᠤᠨ ᠲᠤᠷᠰᠢ ᠬᠦᠮᠦᠨ ᠲᠦᠷᠦᠯᠬᠢᠳᠡᠨ ᠬᠡᠳᠦ᠋ᠢᠪᠡᠷ ᠦᠨᠢ ᠤᠳᠠᠭᠠᠨ ᠤ ᠡᠩᠬᠡ ᠲᠠᠶᠢᠪᠤᠩ ᠪᠠᠶᠢᠬᠤ ᠶᠢ ᠬᠦᠰᠡᠨ ᠡᠷᠡᠮᠡᠯᠵᠡᠳᠡᠭ ᠪᠤᠯᠪᠠᠴᠤ ᠳᠠᠶᠢᠨ ᠳᠠᠵᠢᠨ ᠠᠴᠠ ᠶᠡᠷᠤᠨᠢ ᠬᠤᠯᠠᠳᠠᠵᠤ ᠲᠡᠶᠢᠯᠦᠭᠡ ᠦᠭᠡᠢ᠂ ᠬᠦᠮᠦᠨ ᠲᠦᠷᠦᠯᠬᠢᠳᠡᠨ ᠳᠠᠶᠢᠨ ᠳᠠᠵᠢᠨ ᠤ ᠰᠦᠷᠳᠡᠭᠦᠯᠦᠯ ᠳᠤ ᠲᠤᠯᠭᠠᠷᠠᠭᠰᠠᠭᠠᠷ ᠢᠷᠡᠵᠠᠢ᠃ ᠬᠦᠮᠦᠨ ᠲᠦᠷᠦᠯᠬᠢᠳᠡᠨ ᠠᠳᠠᠯᠢ ᠨᠢᠭᠡᠨ ᠳᠡᠯᠡᠬᠡᠢ ᠶᠢᠨ ᠪᠦᠮᠪᠦᠷᠴᠡᠭ ᠳᠡᠭᠡᠷ᠎ᠠ ᠤᠷᠤᠰᠢᠨ ᠠᠮᠢᠳᠤᠷᠠᠵᠤ ᠪᠠᠶᠢᠨ᠎ᠠ᠂ ᠨᠢᠭᠡ ᠤᠯᠤᠰ ᠤᠨ ᠠᠮᠤᠷ ᠲᠦᠪᠰᠢᠨ ᠢ ᠨᠦᠭᠦᠭᠡ ᠨᠢᠭᠡ ᠤᠯᠤᠰ ᠤᠨ ᠠᠮᠤᠷ ᠲᠦᠪᠰᠢᠨ ᠪᠤᠰᠤ ᠪᠠᠶᠢᠳᠠᠯ ᠳᠡᠭᠡᠷ᠎ᠠ ᠪᠠᠶᠢᠭᠤᠯᠵᠤ ᠪᠤᠯᠬᠤ ᠦᠭᠡᠢ᠂ ᠪᠤᠰᠤᠳ ᠤᠯᠤᠰ ᠲᠤ ᠲᠤᠯᠭᠠᠷᠠᠭᠰᠠᠨ ᠰᠦᠷᠳᠡᠭᠦᠯᠦᠯ ᠨᠢ ᠲᠤᠰ ᠤᠯᠤᠰ ᠤᠨ ᠦᠷᠢᠰᠦᠯᠳᠦᠭᠡᠨ ᠪᠤᠯᠵᠤ ᠮᠡᠳᠡᠨ᠎ᠠ᠃ ᠡᠳᠦᠷ ᠢᠷᠡᠬᠦᠶ᠎ᠠ ᠡᠭᠡᠳᠡᠷᠡᠭᠡᠨ ᠪᠤᠳᠤᠯᠢᠶᠠᠨ ᠲᠠᠢ ᠪᠤᠯᠵᠤ ᠪᠠᠶᠢᠭ᠎ᠠ᠂ ᠶᠡᠷᠦᠩᠬᠡᠶᠢᠯᠡᠭᠰᠡᠨ ᠴᠢᠨᠠᠷᠲᠠᠢ ᠪᠤᠯᠵᠤ ᠪᠠᠶᠢᠭ᠎ᠠ ᠠᠮᠤᠷ ᠲᠦᠪᠰᠢᠨ ᠤ ᠰᠦᠷᠳᠡᠭᠦᠯᠦᠯ ᠤᠨ ᠡᠮᠦᠨ᠎ᠠ᠂ ᠭᠠᠭᠴᠠᠭᠠᠷ ᠲᠡᠮᠡᠴᠡᠨ ᠲᠤᠯᠤᠯᠳᠤᠭᠠᠳ ᠪᠤᠯᠬᠤ ᠪᠢᠰᠢ᠂ ᠵᠡᠪᠰᠡᠭᠲᠦ ᠬᠦᠴᠦᠨ ᠢ ᠰᠤᠬᠤᠷ ᠪᠠᠯᠠᠢ ᠪᠠᠷ ᠢᠳᠡᠭᠡᠨ ᠰᠢᠳᠦᠵᠤ ᠨᠡᠩ ᠪᠤᠯᠬᠤ ᠪᠢᠰᠢ᠃ ᠪᠢᠳᠡ ᠬᠠᠮᠲᠦ ᠶᠢᠨ᠂ ᠶᠡᠷᠦᠩᠬᠡᠶᠢᠯᠡᠭᠰᠡᠨ᠂ ᠬᠠᠮᠲᠤᠷᠠᠯᠴᠠᠭ᠎ᠠ ᠬᠢᠭ᠍ᠰᠡᠨ᠂ ᠦᠷᠭᠦᠯᠵᠢᠯᠡᠭᠰᠡᠨ ᠰᠢᠨ᠎ᠠ ᠠᠮᠤᠷ ᠲᠦᠪᠰᠢᠨ ᠤ ᠦᠵᠡᠯᠳᠡ ᠶᠢ ᠪᠠᠷᠢᠮᠳᠠᠯᠠᠵᠤ᠂ ᠡᠷᠬᠡ ᠲᠡᠭᠰᠢ ᠲᠦᠪ ᠭᠤᠤᠯᠴᠢ᠂ ᠬᠠᠮᠲᠦᠪᠡᠷ ᠪᠦᠲᠦᠭᠡᠨ ᠪᠠᠶᠢᠭᠤᠯᠵᠤ ᠬᠠᠮᠲᠦᠪᠡᠷ ᠡᠳ᠋ᠯᠡᠬᠦ ᠠᠮᠤᠷ ᠲᠦᠪᠰᠢᠨ ᠤ ᠪᠠᠶᠢᠷᠢᠰᠢᠯ ᠢ ᠪᠤᠢ ᠪᠤᠯᠭᠠᠵᠤ᠂ ᠳᠠᠶᠢᠨ ᠪᠠᠶᠢᠯᠳᠤᠭᠠᠨ ᠡᠭᠦᠰᠭᠡᠬᠦ ᠡᠬᠢ ᠰᠤᠷᠪᠤᠯᠵᠢ ᠶᠢ ᠬᠠᠮᠲᠦᠪᠡᠷ ᠠᠷᠢᠯᠭᠠᠵᠤ᠂ ᠲᠠᠶᠢᠨ ᠲᠠᠵᠢᠨ ᠠᠴᠠ ᠪᠤᠯᠵᠤ ᠭᠡᠷ ᠤᠷᠤᠨ ᠠᠴᠠ ᠪᠠᠨ ᠰᠠᠯᠤᠭᠰᠠᠠ ᠭᠠᠴᠢᠭᠲᠠᠯᠲᠦ ᠠᠷᠠᠳ ᠤᠯᠠᠨ ᠢ ᠬᠠᠮᠲᠦᠪᠡᠷ ᠠᠪᠤᠷᠠᠵᠤ᠂ ᠳᠠᠶᠢᠨ ᠤ ᠭᠠᠯ ᠳᠤ ᠰᠢᠳᠠᠭᠳᠠᠭᠰᠠᠨ ᠡᠮᠡᠭᠳᠠᠶᠢᠴᠤᠳ ᠬᠡᠤᠬᠡᠳ ᠤᠳ ᠢ ᠬᠠᠮᠲᠦᠪᠡᠷ ᠬᠠᠮᠠᠭᠠᠯᠠᠵᠤ᠂ ᠡᠩᠬᠡ ᠲᠠᠶᠢᠪᠤᠩ ᠤᠨ ᠭᠡᠷᠡᠯ ᠭᠡᠭᠡ ᠪᠠᠷ ᠡᠬᠡ ᠭᠠᠵᠠᠷ ᠢ ᠭᠡᠶᠢᠭᠦᠯᠵᠤ᠂ ᠬᠦᠮᠦᠨ ᠪᠤᠯᠭᠠᠨ ᠳᠤ ᠠᠮᠤᠷ ᠲᠤᠭᠳᠠᠭᠤᠨ ᠡᠩᠬᠡ ᠠᠮᠤᠭᠤᠯᠠᠩ ᠢ ᠡᠳ᠋ᠯᠡᠭᠦᠯᠦᠶ᠎ᠠ᠃

    —ᠪᠢᠳᠠ ᠶᠠᠳᠠᠭᠤ ᠬᠦᠴᠢᠷᠳᠠᠯ ᠠᠴᠠ ᠬᠤᠯᠠᠬᠠᠨ ᠪᠠᠶᠢᠵᠥ᠂ ᠬᠠᠮᠳᠤᠪᠡᠷ ᠴᠡᠴᠡᠭᠯᠠᠨ ᠬᠦᠭ᠍ᠵᠢᠭᠰᠡᠨ ᠲᠡᠯᠡᠬᠡᠢ ᠶᠢᠷᠳᠢᠨᠴᠤ ᠶᠢ ᠴᠢᠷᠮᠠᠶᠢᠨ ᠪᠦᠳᠤᠬᠡᠨ ᠪᠠᠶᠢᠭᠤᠯᠤᠶ᠎ᠠ᠃ ᠦᠨᠦᠳᠦᠷ ᠤᠨ ᠳᠡᠯᠡᠬᠡᠢ ᠶᠢᠷᠳᠢᠨᠴᠤ᠂ ᠡᠳ᠋ ᠪᠤᠳᠠᠰ ᠮᠡᠷᠭᠡᠵᠢᠯ ᠤᠨ ᠲᠦᠪᠰᠢᠨ ᠨᠢᠭᠡᠨᠳᠡ ᠤᠷᠢᠳᠤᠬᠢ ᠬᠦᠮᠦᠰ ᠤᠨ ᠪᠤᠳᠤᠵᠤ ᠤᠯᠬᠤᠶ᠎ᠠ ᠪᠡᠷᠬᠡ ᠬᠡᠮᠵᠢᠶᠡᠨ ᠳᠤ ᠬᠦᠷᠳᠡᠯ᠎ᠠ ᠬᠦᠭ᠍ᠵᠢᠵᠠᠢ᠂ ᠭᠡᠳᠡᠯ᠎ᠠ ᠬᠦᠭ᠍ᠵᠢᠯᠲᠠ ᠲᠡᠩᠴᠡᠭᠦᠷᠢ ᠦᠭᠡᠢ ᠭᠦᠢᠴᠡᠳ ᠦᠭᠡᠢ ᠠᠰᠠᠭᠤᠳᠠᠯ ᠮᠦᠨ ᠬᠦ ᠨᠡᠶᠢᠳᠡᠮ ᠤᠷᠤᠰᠢᠵᠤ᠂ ᠡᠮᠦᠨ᠎ᠠ ᠤᠮᠠᠷ᠎ᠠ ᠶᠢᠨ ᠬᠦᠭ᠍ᠵᠢᠯᠲᠠ ᠶᠢᠨ ᠵᠦᠷᠢᠶ᠎ᠠ ᠮᠦᠨ ᠬᠦ ᠲᠤᠩ ᠶᠡᠭᠡ᠂ ᠶᠠᠳᠠᠭᠤ ᠬᠦᠴᠢᠷᠳᠡᠯ ᠪᠠ ᠦᠯᠦᠰᠭᠦᠯᠡᠩ ᠮᠦᠨ ᠬᠦ ᠬᠦᠨᠳᠤ ᠨᠤᠴᠢᠲᠠᠢ ᠤᠷᠤᠰᠢᠵᠤ᠂ ᠰᠢᠨ᠎ᠠ ᠲᠤᠭ᠎ᠠ ᠬᠡᠮᠵᠢᠶᠡᠨ ᠤ ᠵᠦᠷᠢᠶ᠎ᠠ ᠶᠠᠭ ᠪᠤᠢ ᠪᠤᠯᠵᠤ᠂ ᠳᠡᠯᠡᠬᠡᠢ ᠳᠡᠭᠡᠷ᠎ᠠ ᠮᠦᠨ ᠬᠦ ᠮᠠᠰᠢ ᠤᠯᠠᠨ ᠤᠯᠤᠰ ᠤᠨ ᠠᠷᠠᠳ ᠲᠦᠮᠡᠨ ᠶᠠᠳᠠᠭᠤ ᠬᠦᠴᠢᠷᠳᠡᠯ ᠤᠨ ᠳᠤᠮᠳᠠ ᠠᠮᠢᠳᠤᠷᠠᠵᠤ ᠪᠠᠶᠢᠨ᠎ᠠ᠃ ᠬᠡᠷᠪᠡ ᠴᠢ ᠢᠯᠠᠭᠳᠠᠭᠠᠳ ᠪᠢ ᠢᠯᠠᠬᠤ᠂ ᠢᠯᠠᠭᠰᠠᠨ ᠨᠢ ᠪᠦᠬᠦᠨ ᠢ ᠡᠵᠡᠯᠡᠨ᠎ᠠ ᠭᠡᠬᠦ ᠬᠠᠭᠤᠴᠢᠨ ᠯᠤᠭᠢᠭ ᠢ ᠪᠠᠷᠢᠮᠳᠠᠯᠠᠪᠠᠯ᠂ ᠬᠡᠷᠪᠡ ᠬᠠᠷᠢᠯᠴᠠᠨ ᠬᠠᠭᠤᠷᠤᠨ ᠮᠡᠬᠡᠯᠡᠵᠤ᠂ ᠬᠦᠷᠰᠢ ᠵᠡᠷᠭᠡᠯᠡᠳᠡᠭᠡ ᠳᠡᠭᠡᠨ ᠭᠠᠢ ᠭᠠᠮᠰᠢᠭ ᠲᠠᠷᠢᠬᠤ ᠬᠠᠭᠤᠴᠢᠨ ᠠᠷᠭ᠎ᠠ ᠶᠢ ᠬᠡᠷᠡᠭᠯᠡᠭᠡᠳ ᠪᠠᠶᠢᠪᠠᠯ ᠡᠴᠦᠰ ᠲᠡᠭᠡᠨ ᠪᠤᠰᠤᠳ ᠤᠨ ᠡᠭᠦᠳᠡ ᠶᠢ ᠲᠦᠭᠵᠢᠬᠦ ᠮᠦᠷᠳᠡᠭᠡᠨ ᠦᠪᠡᠷ ᠤᠨ ᠵᠠᠮ ᠢᠶᠠᠨ ᠴᠤ ᠬᠠᠭᠠᠵᠤ᠂ ᠦᠪᠡᠷ ᠤᠨ ᠬᠦᠭ᠍ᠵᠢᠯᠲᠠ ᠶᠢᠨ ᠰᠠᠭᠤᠷᠢ ᠪᠠᠨ ᠢᠳᠡᠭᠳᠡᠭᠦᠯᠵᠤ᠂ ᠪᠦᠬᠦ ᠬᠦᠮᠦᠨ ᠲᠦᠷᠦᠯᠬᠢᠳᠡᠨ ᠤ ᠢᠷᠡᠭᠡᠳᠦᠢ ᠶᠢ ᠬᠤᠬᠢᠷᠠᠭᠤᠯᠬᠤ ᠪᠤᠯᠤᠨ᠎ᠠ᠃ ᠪᠢᠳᠡ ᠴᠢ ᠰᠠᠶᠢᠨ ᠪᠢ ᠰᠠᠶᠢᠨ ᠤᠯᠠᠨ ᠢᠶᠠᠷ ᠢᠶᠠᠨ ᠪᠦᠷ ᠰᠠᠶᠢᠨ ᠪᠠᠶᠢᠬᠤ ᠤᠢᠢᠯᠠᠭᠠᠭᠳᠠᠬᠤᠨ ᠢ ᠪᠠᠷᠢᠮᠳᠠᠯᠠᠵᠤ᠂ ᠨᠡᠬᠡᠬᠡᠯᠳᠡᠳᠠᠢ᠂ ᠪᠠᠭᠳᠠᠭᠠᠮᠵᠢᠲᠠᠢ᠂ ᠨᠡᠶᠢᠳᠡᠮ ᠳᠡᠭᠡᠨ ᠠᠰᠢᠭᠲᠠᠢ᠂ ᠲᠡᠩᠴᠡᠭᠦᠷᠢᠲᠠᠢ᠂ ᠬᠠᠮᠳᠦᠪᠡᠷ ᠠᠰᠢᠭ ᠬᠦᠷᠳᠡᠬᠦ ᠠᠵᠤ ᠠᠬᠤᠢ ᠶᠢᠨ ᠳᠡᠯᠡᠬᠡᠶᠢᠵᠢᠯᠲᠡ ᠶᠢ ᠠᠬᠢᠭᠤᠯᠵᠤ᠂ ᠪᠦᠬᠦ᠋ᠢᠯᠡ ᠬᠦᠮᠦᠨ ᠲᠦᠷᠦᠯᠬᠢᠳᠡᠨ ᠤ ᠬᠠᠮᠲᠦᠪᠡᠷ ᠬᠦᠭ᠍ᠵᠢᠬᠦ ᠰᠠᠶᠢᠨ ᠰᠠᠶᠢᠬᠠᠨ ᠨᠦᠬᠦᠴᠡᠯ ᠢ ᠡᠭᠦᠳᠴᠤ᠂ ᠳᠡᠯᠡᠬᠡᠢ ᠶᠢᠨ ᠡᠯ᠎ᠠ ᠤᠯᠤᠰ ᠤᠨ ᠬᠦᠭ᠍ᠵᠢᠯ ᠴᠡᠴᠡᠭᠯᠡᠯ ᠢ ᠬᠠᠮᠲᠦᠪᠡᠷ ᠠᠬᠢᠭᠤᠯᠵᠤ᠂ ᠮᠠᠰᠢ ᠤᠯᠠᠨ ᠤᠯᠤᠰ ᠤᠨ ᠠᠷᠠᠳ ᠲᠦᠮᠡᠨ ᠳᠤ ᠮᠦᠨ ᠬᠦ ᠲᠤᠯᠭᠠᠷᠠᠭᠰᠠᠭᠠᠷ ᠪᠠᠶᠢᠭ᠎ᠠ ᠶᠠᠳᠠᠭᠤ ᠬᠦᠴᠢᠷᠳᠡᠯ ᠬᠤᠴᠤᠷᠤᠩᠭ᠋ᠤᠢ ᠪᠠᠶᠢᠳᠠᠯ ᠢ ᠬᠠᠮᠲᠦᠪᠡᠷ ᠠᠷᠢᠯᠭᠠᠵᠤ᠂ ᠬᠠᠮᠲᠦᠪᠡᠷ ᠪᠦᠬᠦ ᠪᠦᠮᠪᠦᠷᠴᠡᠭ ᠤᠨ ᠬᠡᠤᠬᠡᠳ ᠲᠤ ᠢᠳᠡᠵᠤ ᠡᠮᠤᠰᠬᠦ ᠳᠡᠭᠡᠨ ᠵᠤᠪᠠᠭ᠋ᠤ ᠦᠭᠡᠢ ᠠᠮᠢᠳᠤᠷᠠᠯ ᠢ ᠡᠭᠦᠳᠦᠨ ᠦᠭᠴᠤ᠂ ᠬᠦᠭ᠍ᠵᠢᠯᠳᠠ ᠶᠢᠨ ᠦᠷ᠎ᠠ ᠪᠦᠳᠤᠬᠡᠯ ᠢᠶᠠᠷ ᠲᠡᠯᠡᠬᠡᠢ ᠶᠢᠨ ᠡᠯ᠎ᠠ ᠤᠯᠤᠰ ᠲᠤ ᠠᠰᠢᠬ ᠬᠦᠷᠳᠡᠬᠡᠵᠤ᠂ ᠬᠦᠮᠤᠨ ᠪᠦᠬᠦᠨ ᠳᠤ ᠪᠠᠶᠠᠨ ᠴᠢᠨᠡᠭᠡᠯᠢᠭ᠌ ᠡᠷᠡᠬᠦᠯ ᠡᠩᠬᠡ ᠶᠢ ᠡᠳ᠋ᠯᠡᠬᠦᠯᠦᠶ᠎ᠠ᠃

    —ᠪᠢᠳᠠ ᠪᠢᠳᠡᠬᠦᠮᠵᠢᠯᠡᠯ ᠠᠴᠠ ᠬᠤᠯᠠᠬᠠᠨ᠂ ᠨᠡᠬᠡᠬᠡᠯᠳᠡᠳᠠᠢ ᠪᠠᠭᠳᠠᠭᠠᠮᠵᠢᠳᠠᠢ ᠲᠡᠯᠡᠬᠡᠢ ᠶᠢᠷᠳᠢᠨᠴᠤ ᠶᠢ ᠴᠢᠷᠮᠠᠶᠢᠨ ᠪᠦᠳᠤᠬᠡᠨ ᠪᠠᠶᠢᠭᠤᠯᠤᠶ᠎ᠠ᠃ ᠳᠤᠮᠳᠠᠳᠤ ᠤᠯᠤᠰ ᠤᠨ ᠡᠷᠳᠡᠨ ᠤ ᠦᠭᠡᠨ ᠳᠤ᠄ᠲᠦᠮᠡᠨ ᠪᠤᠳᠠᠰ ᠬᠠᠮᠲᠦ ᠤᠷᠤᠰᠢᠬᠤ ᠠᠴᠠ ᠪᠢᠰᠢ ᠬᠠᠷᠢᠯᠴᠠᠨ ᠵᠦᠷᠢᠴᠡᠯᠳᠦᠬᠦ ᠦᠭᠡᠢ᠂ ᠵᠠᠮ ᠨᠡᠶᠢᠯᠡᠨ ᠬᠠᠮᠲᠤᠪᠠᠷ ᠠᠶᠠᠯᠠᠬᠤ ᠠᠴᠠ ᠪᠢᠰᠢ ᠬᠠᠷᠢᠯᠴᠠᠨ ᠳᠠᠶᠢᠰᠤᠩᠨᠠᠬᠤ ᠦᠭᠡᠢᠭᠡᠳᠡᠭ᠂ ᠪᠤᠯᠪᠠᠰᠤᠨ ᠤ ᠬᠦᠭ᠍ᠵᠢᠯᠲᠠ᠂ ᠬᠦᠮᠦᠨ ᠲᠦᠷᠦᠯᠬᠢᠳᠡᠨ ᠤ ᠳᠠᠪᠰᠢᠯᠳᠠ ᠨᠢ ᠠᠳᠠᠯᠢ ᠲᠠᠯ᠎ᠠ ᠪᠠᠨ ᠨᠢᠭᠡᠳᠭᠡᠨ ᠵᠦᠷᠢᠶ᠎ᠠ ᠪᠠᠨ ᠪᠠᠭᠠᠰᠬᠠᠵᠤ᠂ ᠨᠡᠬᠡᠬᠡᠯᠳᠡᠳᠠᠢ ᠪᠠᠭᠳᠠᠭᠠᠮᠵᠢᠲᠠᠢ ᠪᠠᠶᠢᠬᠤ ᠠᠴᠠ ᠰᠠᠯᠵᠤ ᠴᠢᠳᠠᠬᠤ ᠦᠭᠡᠢ᠂ ᠪᠤᠯᠪᠠᠰᠤᠨ ᠢᠶᠠᠨ ᠬᠠᠷᠢᠯᠴᠠᠨ ᠰᠤᠯᠢᠯᠴᠠᠵᠤ᠂ ᠬᠠᠷᠢᠯᠴᠠᠨ ᠰᠤᠷᠤᠯᠴᠠᠵᠤ ᠬᠠᠷᠢᠯᠴᠠᠨ ᠲᠤᠯᠢᠳᠠᠬᠤ ᠠᠴᠠ ᠰᠠᠯᠵᠤ ᠴᠢᠳᠠᠬᠤ ᠦᠭᠡᠢ ᠶᠤᠮ᠃ ᠬᠦᠮᠦᠨ ᠲᠦᠷᠦᠯᠬᠢᠳᠡᠨ ᠤ ᠪᠤᠯᠪᠠᠰᠤᠨ ᠭᠡᠷᠡᠯ ᠭᠢᠯᠪᠠᠭ᠎ᠠ ᠪᠠᠨ ᠵᠡᠷᠭᠡᠪᠡᠷ ᠰᠠᠴᠤᠷᠠᠭᠤᠯᠬᠤ ᠶᠢ ᠲᠡᠤᠬᠡ ᠤᠷᠢᠶᠠᠯᠠᠵᠤ ᠪᠠᠶᠢᠨ᠎ᠠ᠂ ᠠᠳᠠᠯᠢ ᠪᠤᠰᠤ ᠪᠤᠯᠪᠠᠰᠤᠨ ᠡᠶ᠎ᠡ ᠵᠤᠬᠢᠴᠠᠩᠭ᠋ᠤᠢ ᠬᠠᠮᠲᠦ ᠤᠷᠤᠰᠢᠵᠤ᠂ ᠬᠠᠷᠢᠯᠴᠠᠨ ᠬᠠᠮᠵᠢᠯᠴᠠᠵᠤ᠂ ᠬᠠᠮᠳᠤ ᠳᠠᠭᠠᠨ ᠬᠦᠮᠦᠨ ᠲᠦᠷᠦᠯᠬᠢᠳᠡᠨ ᠤ ᠬᠦᠭ᠍ᠵᠢᠯᠲᠠ ᠳᠤ ᠤᠶᠤᠨ ᠰᠠᠨᠠᠭᠠᠨ ᠤ ᠬᠦᠴᠦᠨ ᠬᠠᠩᠭ᠋ᠠᠪᠠᠯ ᠵᠤᠬᠢᠨ᠎ᠠ᠃ ᠲᠡᠯᠡᠬᠡᠢ ᠶᠢᠷᠳᠢᠨᠴᠤ ᠪᠤᠯ ᠲᠠᠩᠰᠤᠭ ᠰᠠᠶᠢᠬᠠᠨ᠂ ᠪᠤᠯᠪᠠᠰᠤᠨ ᠪᠤᠯ ᠤᠯᠠᠨ ᠶᠠᠩᠵᠤ ᠶᠢᠨ ᠪᠠᠶᠢᠪᠠᠯ ᠲᠠᠭᠠᠷᠠᠨ᠎ᠠ ᠭᠡᠬᠦ ᠤᠢᠢᠯᠠᠭᠠᠭᠳᠠᠬᠤᠨ ᠢ ᠪᠠᠷᠢᠮᠳᠠᠯᠠᠵᠤ᠂ ᠬᠦᠮᠦᠨ ᠲᠦᠷᠦᠯᠬᠢᠳᠡᠨ ᠤ ᠡᠭᠦᠳᠦᠭᠰᠡᠨ ᠡᠯ᠎ᠠ ᠵᠦᠢᠯ ᠤᠨ ᠪᠤᠯᠪᠠᠰᠤᠨ ᠢ ᠬᠠᠷᠢᠯᠴᠠᠨ ᠠᠭᠤᠰᠤᠯᠴᠠᠭᠤᠯᠤᠨ ᠭᠡᠷᠡᠯ ᠭᠢᠯᠪᠠᠭ᠎ᠠ ᠶᠢ ᠨᠢ ᠰᠠᠴᠤᠷᠠᠭᠤᠯᠵᠤ᠂ ᠭᠢᠯᠠᠯᠵᠠᠮ᠎ᠠ ᠰᠠᠶᠢᠬᠠᠨ ᠦᠩᠭᠡᠲᠦ ᠵᠢᠷᠤᠭ ᠢ ᠵᠢᠷᠤᠭᠯᠠᠵᠤ᠂ ᠪᠤᠳᠠᠳᠤ ᠠᠮᠢᠳᠤᠷᠠᠯ ᠤᠨ ᠳᠤᠮᠳᠠᠬᠢ ᠰᠤᠶᠤᠯ ᠤᠨ ᠬᠤᠷᠢᠭ᠎ᠠ ᠪᠠᠬᠢᠯᠡᠯᠲᠡ ᠶᠢ ᠬᠠᠮᠲᠦᠪᠡᠷ ᠠᠷᠢᠯᠭᠠᠵᠤ᠂ ᠬᠦᠮᠦᠨ ᠲᠦᠷᠦᠯᠬᠢᠳᠡᠨ ᠤ ᠤᠶᠤᠨ ᠰᠠᠨᠠᠭᠠᠨ ᠤ ᠬᠤᠯᠪᠤᠯᠳᠤᠯ ᠤᠨ ᠬᠠᠷᠰᠢᠯᠠᠯ ᠢ ᠠᠷᠢᠯᠭᠠᠵᠤ᠂ ᠬᠦᠮᠦᠨ ᠲᠦᠷᠦᠯᠬᠢᠳᠡᠨ ᠤ ᠶᠠᠪᠤᠯᠴᠠᠭ᠎ᠠ ᠶᠢᠨ ᠤᠶᠤᠨ ᠰᠠᠨᠠᠭᠠᠨ ᠤ ᠰᠠᠭᠠᠳ ᠢ ᠠᠷᠢᠯᠭᠠᠵᠤ᠂ ᠡᠯ᠎ᠠ ᠵᠦᠢᠯ ᠤᠨ ᠪᠤᠯᠪᠠᠰᠤᠨ ᠢ ᠡᠶ᠎ᠡ ᠵᠤᠬᠢᠴᠠᠩᠭ᠋ᠤᠢ ᠬᠠᠮᠳᠤ ᠤᠷᠤᠰᠢᠬᠤ ᠪᠤᠯᠭᠠᠵᠤ᠂ ᠬᠦᠮᠦᠨ ᠪᠤᠯᠭᠠᠨ ᠳᠤ ᠰᠤᠶᠤᠯ ᠤᠨ ᠰᠢᠮ᠎ᠠ ᠲᠡᠵᠢᠭᠡᠯ ᠬᠠᠩᠭ᠋ᠠᠶ᠎ᠠ᠃

    —ᠪᠢᠳᠠ ᠬᠦᠬᠡᠮᠳᠦᠭ ᠠᠭᠤᠯᠠ ᠴᠡᠩᠬᠡᠭ᠌ ᠤᠰᠤ ᠲᠠᠢ᠂ ᠴᠡᠪᠡᠷ ᠴᠡᠮᠴᠡᠬᠡᠷ ᠦᠵᠡᠰᠬᠦᠯᠡᠩᠳᠤ ᠰᠠᠶᠢᠬᠠᠨ ᠲᠡᠯᠡᠬᠡᠢ ᠶᠢᠷᠳᠢᠨᠴᠤ ᠶᠢ ᠴᠢᠷᠮᠠᠶᠢᠨ ᠪᠦᠳᠤᠬᠡᠨ ᠪᠠᠶᠢᠭᠤᠯᠤᠶ᠎ᠠ᠃ ᠳᠡᠯᠡᠬᠡᠢ ᠶᠢᠨ ᠪᠦᠮᠪᠦᠷᠴᠡᠭ ᠪᠤᠯ ᠬᠦᠮᠦᠨ ᠲᠦᠷᠦᠯᠬᠢᠳᠡᠨ ᠤ ᠬᠠᠮᠲᠦ ᠶᠢᠨ ᠭᠡᠷ ᠤᠷᠤᠨ ᠪᠤᠯᠤᠨ᠎ᠠ᠂ ᠪᠠᠰᠠ ᠴᠤ ᠬᠦᠮᠦᠨ ᠲᠦᠷᠦᠯᠬᠢᠳᠡᠨ ᠤ ᠤᠳᠤ ᠪᠤᠯᠳᠠᠯᠠᠬᠢ ᠴᠤᠷ ᠤᠨ ᠭᠠᠭᠴᠠ ᠭᠡᠷ ᠤᠷᠤᠨ ᠪᠤᠯᠤᠨ᠎ᠠ᠃ ᠡᠳᠦᠭᠡ᠂ ᠵᠠᠷᠢᠮ ᠬᠦᠮᠦᠰ ᠭᠠᠳᠠᠭᠠᠳᠦ ᠤᠷᠴᠢᠯᠠᠩ ᠠᠴᠠ ᠬᠦᠮᠦᠨ ᠲᠦᠷᠦᠯᠬᠢᠳᠡᠨ ᠤ ᠰᠢᠨ᠎ᠠ ᠭᠡᠷ ᠤᠷᠤᠨ ᠢ ᠡᠷᠢᠯᠬᠢᠯᠡᠵᠤ ᠪᠠᠶᠢᠨ᠎ᠠ᠂ ᠭᠡᠳᠡᠯ᠎ᠠ ᠡᠨᠡ ᠨᠢ ᠨᠢᠭᠡᠨ ᠠᠯᠤᠰ ᠬᠡᠳᠦ ᠶᠢᠨ ᠬᠦᠰᠡᠯ ᠵᠡᠭᠦᠳᠦ ᠪᠠᠶᠢᠭᠰᠠᠭᠠᠷ ᠶᠤᠮ᠃ ᠢᠷᠡᠭᠡᠳᠦᠢ ᠳᠤ ᠬᠦᠮᠦᠨ ᠲᠦᠷᠦᠯᠬᠢᠳᠡᠨ ᠮᠦᠨ ᠬᠦ ᠳᠡᠯᠡᠬᠡᠢ ᠶᠢᠨ ᠪᠦᠮᠪᠦᠷᠴᠡᠭ ᠳᠡᠭᠡᠷ᠎ᠠ ᠠᠮᠢᠳᠤᠷᠠᠨ᠎ᠠ᠃ ᠡᠨᠡ ᠪᠤᠯ ᠨᠢᠭᠡᠨ ᠬᠤᠪᠢᠷᠠᠭᠤᠯᠵᠤ ᠲᠡᠶᠢᠯᠦᠰᠢ ᠦᠭᠡᠢ ᠦᠨᠡᠨ ᠶᠠᠪᠤᠳᠠᠯ ᠪᠤᠯᠤᠨ᠎ᠠ᠃ ᠪᠢᠳᠡ ᠳᠡᠯᠡᠬᠡᠢ ᠶᠢᠨ ᠪᠦᠮᠪᠦᠷᠴᠡᠭ ᠤᠨ ᠡᠨᠡᠬᠦ ᠭᠡᠷ ᠤᠷᠤᠨ ᠢᠶᠠᠨ ᠬᠠᠮᠲᠦᠪᠡᠷ ᠬᠠᠮᠠᠭᠠᠯᠠᠪᠠᠯ ᠲᠠᠭᠠᠷᠠᠨ᠎ᠠ᠂ ᠡᠨᠡ ᠨᠢ ᠦᠪᠡᠷ ᠤᠨ ᠢᠶᠠᠨ ᠲᠦᠯᠦᠭᠡ᠂ ᠦᠷ᠎ᠠ ᠬᠤᠶᠢᠴᠢᠰ ᠤᠨ ᠢᠶᠠᠨ ᠲᠦᠯᠦᠭᠡ ᠶᠤᠮ᠃ ᠪᠢᠳᠡ ᠬᠦᠮᠤᠨ ᠪᠠ ᠪᠠᠶᠢᠭᠠᠯᠢ ᠬᠠᠮᠳᠤᠪᠡᠷ ᠤᠷᠤᠰᠢᠬᠤ ᠤᠢᠢᠯᠠᠭᠠᠭᠳᠠᠬᠤᠨ ᠢ ᠪᠠᠷᠢᠮᠳᠠᠯᠠᠵᠤ᠂ ᠠᠮᠢ ᠠᠬᠤᠢ ᠤᠷᠴᠢᠨ ᠲᠤᠭᠤᠷᠢᠨ ᠢ ᠠᠮᠢ ᠨᠠᠰᠤ ᠪᠠᠨ ᠮᠡᠳᠦ ᠦᠵᠡᠵᠤ᠂ ᠶᠡᠭᠡ ᠪᠠᠶᠢᠭᠠᠯᠢ ᠶᠢ ᠰᠡᠳᠭᠢᠯ ᠵᠢᠷᠦᠬᠡᠨ ᠠᠴᠠ ᠪᠠᠨ ᠰᠢᠳᠦᠨ ᠪᠢᠰᠢᠷᠡᠵᠤ᠂ ᠶᠡᠭᠡ ᠪᠠᠶᠢᠭᠠᠯᠢ ᠶᠢ ᠬᠦᠨᠳᠦᠳᠭᠡᠵᠤ᠂ ᠶᠡᠭᠡ ᠪᠠᠶᠢᠭᠠᠯᠢ ᠲᠠᠢ ᠵᠤᠬᠢᠴᠠᠵᠤ᠂ ᠶᠡᠭᠡ ᠪᠠᠶᠢᠭᠠᠯᠢ ᠶᠢ ᠬᠠᠮᠠᠭᠠᠯᠠᠵᠤ᠂ ᠤᠷᠤᠯᠠᠭᠤᠯᠵᠤ ᠪᠤᠯᠤᠰᠢ ᠦᠭᠡᠢ ᠳᠡᠯᠡᠬᠡᠢ ᠶᠢᠨ ᠪᠦᠮᠪᠦᠷᠴᠡᠭ ᠤᠨ ᠡᠨᠡᠬᠦ ᠭᠡᠷ ᠤᠷᠤᠨ ᠢᠶᠠᠨ ᠬᠠᠮᠲᠦᠪᠡᠷ ᠬᠠᠮᠠᠭᠠᠯᠠᠵᠤ᠂ ᠠᠮᠢ ᠠᠬᠤᠢ ᠤᠷᠴᠢᠨ ᠲᠤᠭᠤᠷᠢᠨ ᠤ ᠰᠢᠷᠬ᠎ᠠ ᠰᠤᠷᠪᠢ ᠶᠢ ᠬᠠᠮᠲᠦᠪᠡᠷ ᠡᠮᠨᠡᠨ ᠵᠠᠰᠠᠵᠤ᠂ ᠡᠶ᠎ᠡ ᠵᠤᠬᠢᠴᠠᠩᠭ᠋ᠤᠢ ᠪᠦᠭᠡᠳ ᠰᠠᠭᠤᠷᠢᠰᠢᠨ ᠰᠠᠭᠤᠬᠤ ᠳᠤ ᠲᠠᠭᠠᠯᠠᠮᠵᠢᠳᠠᠢ ᠬᠦᠮᠤᠨ ᠲᠦᠷᠤᠯᠬᠢᠳᠠᠨ ᠤ ᠬᠡᠷ ᠤᠷᠤᠨ ᠢ ᠬᠠᠮᠳᠤᠪᠡᠷ ᠪᠦᠳᠤᠬᠡᠨ ᠪᠠᠶᠢᠭᠤᠯᠵᠤ᠂ ᠪᠠᠶᠢᠭᠠᠯᠢ ᠶᠢᠨ ᠠᠮᠢ ᠠᠬᠤᠢ ᠶᠢ ᠠᠮᠠᠷᠠᠭᠤᠯᠤᠨ ᠲᠡᠩᠬᠡᠷᠡᠭᠦᠯᠵᠤ᠂ ᠬᠦᠮᠦᠨ ᠪᠤᠯᠭᠠᠨ ᠳᠤ ᠬᠦᠬᠡᠮᠳᠦᠭ ᠨᠤᠭᠤᠭᠠᠨ ᠠᠭᠤᠯᠠ ᠤᠰᠤ ᠶᠢ ᠡᠳ᠋ᠯᠡᠭᠦᠯᠦᠶ᠎ᠠ᠃

    ᠠᠪᠠᠭ᠋ᠠᠢ ᠨᠠᠷ᠂ ᠠᠪᠤᠭᠠᠢ ᠨᠠᠷ᠂ ᠨᠠᠶᠢᠵᠢ ᠨᠠᠷ ᠡ!

    ᠤᠳᠤᠬᠠᠨ ᠳᠤ᠂ ᠲᠡᠯᠡᠬᠡᠢ ᠶᠢᠨ ᠪᠠᠶᠢᠷᠢᠰᠢᠯ ᠬᠤᠪᠢᠷᠠᠵᠤ᠂ ᠬᠦᠭ᠍ᠵᠢᠯᠳᠠ ᠶᠢᠨ ᠪᠠᠶᠢᠷᠢᠰᠢᠯ ᠬᠤᠪᠢᠷᠠᠵᠤ ᠪᠠᠶᠢᠨ᠎ᠠ᠂ ᠡᠯ᠎ᠠ ᠲᠦᠷᠤ ᠶᠢᠨ ᠨᠠᠮ ᠤᠨ ᠬᠢᠨ ᠵᠠᠪᠠᠯ ᠴᠠᠬ ᠦᠶ᠎ᠠ ᠶᠢᠨ ᠬᠦᠭ᠍ᠵᠢᠯᠳᠠ ᠶᠢᠨ ᠤᠷᠤᠰᠬᠠᠯ ᠢ ᠲᠠᠭᠠᠵᠤ᠂ ᠬᠦᠮᠤᠨ ᠲᠦᠷᠤᠯᠬᠢᠳᠠᠨ ᠤ ᠲᠡᠪᠰᠢᠯᠳᠠ ᠶᠢᠨ ᠶᠡᠭᠡ ᠬᠠᠨᠳᠤᠰᠢ ᠶᠢ ᠡᠵᠡᠮᠳᠡᠵᠤ᠂ ᠠᠷᠠᠳ ᠲᠦᠮᠡᠨ ᠤ ᠬᠠᠮᠳᠤ ᠶᠢᠨ ᠬᠦᠰᠡᠯ ᠡᠷᠡᠮᠡᠯᠵᠡᠯ ᠢ ᠲᠠᠭᠠᠵᠤ᠂ ᠲᠤᠰ ᠪᠠᠶ᠎ᠠ ᠶᠢᠨ ᠬᠦᠭ᠍ᠵᠢᠯᠳᠠ ᠪᠠᠨ ᠤᠯᠤᠰ᠂ ᠦᠨᠳᠤᠰᠤᠳᠠᠨ᠂ ᠬᠦᠮᠤᠨ ᠲᠦᠷᠤᠯᠬᠢᠳᠠᠨ ᠤ ᠬᠦᠭ᠍ᠵᠢᠯᠳᠠ ᠲᠠᠢ ᠨᠢᠬᠳᠠ ᠤᠶᠠᠯᠳᠤᠭᠤᠯᠬᠤ ᠭᠡᠷᠡᠭᠳᠠᠢ᠃ ᠪᠢᠳᠠ ᠡᠷᠬᠡᠪᠰᠢ ᠠᠯᠤᠰ ᠤᠨ ᠬᠦᠰᠡᠯᠡᠩ ᠢ ᠡᠪᠤᠷᠯᠠᠨ ᠬᠤᠯᠠ ᠶᠢ ᠪᠠᠷᠠᠯᠠᠵᠤ᠂ ᠵᠤᠷᠢᠬᠳᠠᠢ ᠡᠬᠦᠷᠬᠡᠯᠠᠵᠤ᠂ ᠲᠤᠰ ᠤᠯᠤᠰ ᠪᠤᠯᠤᠨ ᠲᠡᠯᠡᠬᠡᠢ ᠶᠢᠷᠳᠢᠨᠴᠤ ᠶᠢᠨ ᠡᠭᠦᠲᠡᠨ ᠠᠴᠠ ᠡᠭᠦᠰᠴᠤ᠂ ᠪᠦᠬᠦ ᠲᠠᠯ᠎ᠠ ᠶᠢᠨ ᠪᠤᠯᠤᠨ ᠠᠯᠤᠰ ᠭᠡᠳᠦ ᠠᠴᠠ ᠡᠭᠦᠰᠴᠤ᠂ ᠴᠠᠬ ᠦᠶ᠎ᠠ ᠶᠢᠨ ᠲᠠᠷᠬᠠᠨ ᠡᠬᠦᠷᠬᠡ ᠶᠢ ᠤᠬᠠᠮᠰᠠᠷ ᠠᠴᠠ ᠪᠠᠨ ᠡᠬᠦᠷᠬᠡᠯᠠᠬᠦ ᠭᠡᠷᠡᠭᠳᠠᠢ᠃ ᠪᠢᠳᠠ ᠠᠷᠠᠳ ᠤᠨ ᠰᠠᠨᠠᠭ᠎ᠠ ᠶᠢ ᠬᠦᠨᠵᠡᠬᠡᠢ ᠤᠢᠢᠯᠠᠭᠠᠵᠤ᠂ ᠠᠷᠠᠳ ᠤᠯᠠᠨ ᠤ ᠭᠡᠷᠡᠭᠴᠡᠭᠡ ᠶᠢ ᠲᠦᠷᠤ ᠶᠢᠨ ᠨᠠᠮ ᠤᠨ ᠤᠢᠢᠯᠠᠭᠠᠭᠳᠠᠬᠤᠨ᠂ ᠵᠤᠷᠢᠯᠳᠠ᠂ ᠬᠠᠷᠠᠯᠳᠠ ᠪᠤᠯᠭᠠᠨ ᠬᠤᠪᠢᠷᠠᠭᠤᠯᠵᠤ᠂ ᠪᠤᠳᠠᠳᠠᠢ ᠳᠤ ᠨᠡᠶᠢᠴᠡᠬᠦ ᠭᠡᠷᠡᠭᠵᠢᠬᠦᠯᠬᠦ ᠲᠦᠰᠤᠯ ᠢ ᠲᠤᠭᠳᠠᠭᠠᠪᠠᠯ ᠵᠤᠬᠢᠨ᠎ᠠ᠃ ᠬᠦᠮᠤᠨ ᠲᠦᠷᠤᠯᠬᠢᠳᠠᠨ ᠤ ᠬᠤᠪᠢ ᠵᠠᠶᠠᠭ᠎ᠠ ᠶᠢᠨ ᠬᠠᠮᠳᠤ ᠶᠢᠨ ᠴᠤᠬᠴᠠ ᠶᠢ ᠪᠠᠶᠢᠭᠤᠯᠬᠤ ᠳᠤ᠂ ᠲᠡᠯᠡᠬᠡᠢ ᠶᠢᠨ ᠡᠯ᠎ᠠ ᠤᠯᠤᠰ ᠤᠨ ᠠᠷᠠᠳ ᠲᠦᠮᠡᠨ ᠨᠡᠶᠢᠳᠡᠮ ᠤᠷᠤᠯᠴᠠᠬᠤ ᠴᠢᠬᠤᠯᠠᠳᠠᠢ ᠶᠤᠮ᠃ ᠪᠢᠳᠠ ᠠᠳᠠᠯᠢ ᠪᠤᠰᠤ ᠦᠨᠳᠤᠰᠤᠳᠠᠨ᠂ ᠠᠳᠠᠯᠢ ᠪᠤᠰᠤ ᠢᠳᠡᠬᠡᠯ ᠪᠢᠰᠢᠷᠠᠯ᠂ ᠠᠳᠠᠯᠢ ᠪᠤᠰᠤ ᠰᠤᠶᠤᠯ᠂ ᠠᠳᠠᠯᠢ ᠪᠤᠰᠤ ᠤᠷᠤᠨ ᠪᠦᠰᠠ ᠶᠢᠨ ᠠᠷᠠᠳ ᠲᠦᠮᠡᠨ ᠤ ᠬᠠᠮᠳᠤ ᠶᠢᠨ ᠲᠠᠨᠢᠯᠳᠠ ᠶᠢ ᠨᠢᠬᠳᠠᠷᠠᠭᠤᠯᠵᠤ᠂ ᠬᠦᠮᠤᠨ ᠲᠦᠷᠤᠯᠬᠢᠳᠠᠨ ᠤ ᠬᠤᠪᠢ ᠵᠠᠶᠠᠭᠠᠨ ᠤ ᠬᠠᠮᠳᠤ ᠶᠢᠨ ᠴᠤᠬᠴᠠ ᠶᠢ ᠪᠠᠶᠢᠭᠤᠯᠬᠤ ᠠᠤᠭ᠎ᠠ ᠤᠢᠢᠯᠡᠰ ᠢ ᠬᠠᠮᠳᠤᠪᠡᠷ ᠴᠤᠬᠴᠠᠯᠠᠪᠠᠯ ᠵᠤᠬᠢᠨ᠎ᠠ᠃

    ᠠᠭᠤᠤ ᠶᠡᠭᠡ ᠵᠡᠬᠦᠳᠤ ᠶᠢ ᠲᠡᠷᠬᠡᠯᠰᠢᠬᠦᠯᠬᠦ ᠳᠤ ᠡᠯ᠎ᠠ ᠲᠠᠯ᠎ᠠ ᠶᠢᠨ ᠤᠶᠤᠨ ᠤᠬᠠᠭᠠᠨ ᠪᠤᠯᠤᠨ ᠬᠦᠴᠤᠨ ᠴᠢᠳᠠᠯ ᠭᠡᠷᠡᠭᠴᠡᠭᠡ ᠲᠠᠢ ᠶᠤᠮ᠃ ᠪᠢᠳᠠ ᠪᠦᠬᠦ ᠲᠠᠯ᠎ᠠ ᠶᠢᠨ᠂ ᠤᠯᠠᠨ ᠲᠡᠰ ᠲᠠᠪᠬᠤᠷᠭ᠎ᠠ ᠶᠢᠨ᠂ ᠤᠯᠠᠨ ᠬᠠᠷᠠᠭᠠᠰᠤ ᠠᠴᠠ ᠤᠯᠠᠨ ᠤ ᠰᠠᠨᠠᠯ ᠢ ᠰᠤᠨᠤᠰᠴᠤ ᠤᠯᠠᠨ ᠤ ᠤᠶᠤᠨ ᠤᠬᠠᠭᠠᠨ ᠢ ᠲᠦᠪᠯᠡᠷᠡᠬᠦᠯᠵᠤ᠂ ᠤᠢᠢᠯᠡᠳᠤᠯᠬᠡ ᠠᠴᠠ ᠲᠤᠷᠰᠢᠯᠭ᠎ᠠ ᠪᠠᠨ ᠳ᠋ᠦᠩᠨᠡᠵᠤ᠂ ᠰᠡᠳᠬᠢᠴᠠ ᠶᠢ ᠡᠷᠢᠯᠬᠢᠯᠡᠵᠤ᠂ ᠦᠵᠡᠯ ᠰᠠᠨᠠᠭ᠎ᠠ ᠪᠠᠨ ᠲᠡᠭᠡᠭ᠍ᠰᠢᠯᠡᠬᠦᠯᠵᠤ᠂ ᠬᠦᠳᠡᠯᠬᠡᠬᠦ ᠬᠦᠴᠤᠨ ᠤᠯᠪᠠᠯ ᠵᠤᠬᠢᠨ᠎ᠠ᠃ ᠠᠳᠠᠯᠢ ᠪᠤᠰᠤ ᠤᠯᠤᠰ ᠤᠨ ᠲᠦᠷᠤ ᠶᠢᠨ ᠨᠠᠮ ᠤᠨ ᠬᠢᠨ ᠢᠳᠡᠬᠡᠯᠴᠡᠭᠡ ᠪᠠᠨ ᠨᠡᠮᠡᠭᠳᠡᠬᠦᠯᠵᠤ᠂ ᠨᠡᠪᠳᠡᠷᠡᠯᠴᠡᠭᠡ ᠪᠠᠨ ᠴᠢᠩᠭ᠋ᠠᠳᠬᠠᠵᠤ᠂ ᠬᠠᠮᠵᠢᠯᠴᠠᠭ᠎ᠠ ᠪᠠᠨ ᠨᠢᠬᠳᠠᠷᠠᠭᠤᠯᠵᠤ᠂ ᠰᠢᠨ᠎ᠠ ᠮᠠᠶ᠊ᠢᠭ ᠤᠨ ᠤᠯᠤᠰ ᠤᠨ ᠬᠤᠭᠤᠷᠤᠨᠳᠤᠬᠢ ᠬᠠᠷᠢᠯᠴᠠᠭ᠎ᠠ ᠶᠢᠨ ᠰᠠᠭᠤᠷᠢ ᠲᠡᠭᠡᠷ᠎ᠠ ᠠᠳᠠᠯᠢ ᠲᠠᠯ᠎ᠠ ᠪᠠᠨ ᠡᠷᠢᠵᠤ ᠵᠦᠷᠢᠶ᠎ᠡ ᠪᠠᠨ ᠦᠯᠡᠳᠡᠬᠡᠵᠤ᠂ ᠬᠠᠷᠢᠯᠴᠠᠨ ᠬᠦᠨᠳᠤᠳᠬᠡᠵᠤ᠂ ᠬᠠᠷᠢᠯᠴᠠᠨ ᠰᠤᠷᠤᠯᠴᠠᠵᠤ ᠬᠠᠷᠢᠯᠴᠠᠨ ᠲᠤᠯᠢᠳᠠᠬᠤ ᠰᠢᠨ᠎ᠠ ᠮᠠᠶ᠊ᠢᠭ ᠤᠨ ᠲᠦᠷᠤ ᠶᠢᠨ ᠨᠠᠮ ᠤᠨ ᠬᠠᠷᠢᠯᠴᠠᠭ᠎ᠠ ᠶᠢ ᠪᠠᠶᠢᠭᠤᠯᠬᠤ ᠶᠢ ᠰᠦᠪᠡᠭ᠍ᠴᠢᠯᠠᠵᠤ᠂ ᠤᠯᠠᠨ ᠵᠦᠢᠯ ᠤᠨ ᠬᠡᠯᠪᠡᠷᠢ᠂ ᠤᠯᠠᠨ ᠵᠦᠢᠯ ᠤᠨ ᠲᠠᠪᠬᠤᠷᠭ᠎ᠠ ᠶᠢᠨ ᠲᠡᠯᠡᠬᠡᠢ ᠶᠢᠨ ᠲᠦᠷᠤ ᠶᠢᠨ ᠨᠠᠮ ᠤᠨ ᠰᠤᠯᠢᠯᠴᠠᠭ᠎ᠠ ᠬᠠᠮᠳᠤᠷᠠᠯᠴᠠᠭᠠᠨ ᠤ ᠲᠤᠤᠷ ᠢ ᠪᠠᠶᠢᠭᠤᠯᠵᠤ᠂ ᠬᠦᠮᠤᠨ ᠲᠦᠷᠤᠯᠬᠢᠳᠠᠨ ᠤ ᠬᠤᠪᠢ ᠵᠠᠶᠠᠭᠠᠨ ᠤ ᠬᠠᠮᠳᠤ ᠶᠢᠨ ᠴᠤᠬᠴᠠ ᠶᠢ ᠪᠠᠶᠢᠭᠤᠯᠬᠤ ᠬᠦᠴᠦᠷᠭᠡᠭ᠌ ᠶᠡᠭᠡ ᠬᠦᠴᠤᠨ ᠴᠢᠳᠠᠯ ᠢ ᠨᠢᠬᠳᠠᠷᠠᠭᠤᠯᠬᠤ ᠭᠡᠷᠡᠭᠳᠠᠢ᠃

    ᠠᠵᠢᠯ ᠶᠠᠪᠤᠳᠠᠯ ᠢ ᠬᠢᠵᠤ ᠪᠠᠶᠢᠭᠠᠳ ᠰᠠᠶ᠊ᠢ ᠤᠢᠢᠯᠡᠰ ᠪᠦᠳᠤᠬᠡᠵᠤ ᠴᠢᠳᠠᠨ᠎ᠠ᠂ ᠵᠠᠮ ᠢ ᠶᠠᠪᠤᠵᠤ ᠪᠠᠶᠢᠭᠠᠳ ᠰᠠᠶ᠊ᠢ ᠲᠠᠷᠳᠠᠩ ᠪᠤᠯᠭᠠᠵᠤ ᠴᠢᠳᠠᠨ᠎ᠠ᠃ ᠬᠦᠮᠤᠨ ᠲᠦᠷᠤᠯᠬᠢᠳᠠᠨ ᠤ ᠬᠤᠪᠢ ᠵᠠᠶᠠᠭᠠᠨ ᠤ ᠬᠠᠮᠳᠤ ᠶᠢᠨ ᠴᠤᠬᠴᠠ ᠶᠢ ᠪᠠᠶᠢᠭᠤᠯᠬᠤ ᠪᠤᠯ ᠨᠢᠭᠡᠨ ᠲᠡᠤᠬᠡ ᠶᠢᠨ ᠶᠠᠪᠤᠴᠠ ᠪᠤᠯᠬᠤ ᠶᠤᠮ᠂ ᠠᠪᠤᠨ ᠲᠤᠤᠷ᠎ᠠ ᠪᠠᠨ ᠪᠦᠳᠦᠴᠢᠬᠡᠬᠦ ᠶᠠᠪᠤᠳᠠᠯ ᠪᠢᠰᠢ᠂ ᠢᠯᠭᠤᠮ ᠤᠷᠤᠬᠰᠢᠳᠠᠢ ᠶᠠᠪᠤᠬᠳᠠᠬᠤ ᠪᠤᠰᠤ᠂ ᠤᠷᠳᠤ ᠬᠤᠭᠤᠴᠠᠭ᠎ᠠ ᠬᠠᠳᠠᠭᠤᠵᠢᠯᠳᠠᠢ ᠴᠢᠷᠮᠠᠶᠢᠯᠭ᠎ᠠ ᠭᠠᠷᠭᠠᠬᠤ ᠴᠢᠬᠤᠯᠠᠳᠠᠢ ᠶᠤᠮ᠃ ᠬᠦᠮᠤᠨ ᠲᠦᠷᠤᠯᠬᠢᠳᠠᠨ ᠤ ᠬᠤᠪᠢ ᠵᠠᠶᠠᠭᠠᠨ ᠤ ᠬᠠᠮᠳᠤ ᠶᠢᠨ ᠴᠤᠬᠴᠠ ᠶᠢ ᠪᠠᠶᠢᠭᠤᠯᠬᠤ ᠶᠢᠨ ᠲᠦᠯᠤᠬᠡ᠂ ᠪᠢᠳᠠ ᠰᠢᠨᠳᠠᠷᠠᠰᠢ ᠦᠬᠡᠢ ᠴᠢᠷᠮᠠᠶᠢᠪᠠᠯ ᠵᠤᠬᠢᠨ᠎ᠠ᠂ ᠪᠤᠳᠠᠳᠤ ᠪᠠᠶᠢᠳᠠᠯ ᠤᠨ ᠪᠤᠳᠤᠯᠢᠶᠠᠨᠳᠠᠢ ᠠᠴᠠ ᠪᠤᠯᠵᠤ ᠬᠦᠰᠡᠯ ᠵᠡᠬᠦᠳᠤ ᠪᠠᠨ ᠲᠠᠶᠠᠬᠳᠠᠵᠤ ᠪᠤᠯᠬᠤ ᠦᠬᠡᠢ᠂ ᠬᠦᠰᠡᠯ ᠵᠡᠬᠦᠳᠤ ᠬᠤᠯᠠ ᠠᠴᠠ ᠪᠤᠯᠵᠤ ᠬᠦᠬᠡᠬᠡᠴᠡᠯᠳᠤᠯ ᠢᠶᠠᠨ ᠲᠠᠶᠠᠬᠳᠠᠵᠤ ᠪᠤᠯᠬᠤ ᠦᠬᠡᠢ᠃

    ᠠᠪᠠᠭ᠋ᠠᠢ ᠨᠡᠷ᠂ ᠠᠪᠤᠭᠠᠢ ᠨᠠᠷ᠂ ᠨᠠᠶᠢᠵᠢ ᠨᠠᠷ ᠡ!

    ᠳᠤᠮᠳᠠᠳᠤ ᠤᠯᠤᠰ ᠤᠨ ᠡᠪ ᠬᠠᠮᠳᠤ ᠨᠠᠮ ᠪᠤᠯ ᠳᠤᠮᠳᠠᠳᠤ ᠤᠯᠤᠰ ᠤᠨ ᠠᠷᠠᠳ ᠲᠦᠮᠡᠨ ᠳᠤ ᠪᠤᠶᠠᠨ ᠵᠢᠷᠭᠠᠯ ᠤᠯᠭᠤᠬᠤ ᠨᠠᠮ᠂ ᠮᠦᠨ ᠴᠤ ᠬᠦᠮᠤᠨ ᠲᠦᠷᠤᠯᠬᠢᠳᠠᠨ ᠤ ᠲᠠᠪᠰᠢᠯᠳᠠ ᠶᠢᠨ ᠤᠢᠢᠯᠡᠰ ᠤᠨ ᠲᠦᠯᠤᠬᠡ ᠲᠡᠮᠡᠴᠡᠳᠡᠭ ᠨᠠᠮ ᠶᠤᠮ᠃ ᠳᠤᠮᠳᠠᠳᠤ ᠤᠯᠤᠰ ᠤᠨ ᠡᠪ ᠬᠠᠮᠳᠤ ᠨᠠᠮ ᠪᠤᠯ ᠲᠡᠯᠡᠬᠡᠢ ᠲᠡᠬᠡᠷᠡᠬᠢ ᠬᠠᠮᠤᠬ ᠤᠨ ᠲᠤᠮᠤ ᠲᠦᠷᠤ ᠶᠢᠨ ᠨᠠᠮ ᠪᠤᠯᠤᠨ᠎ᠠ᠃ ᠶᠡᠭᠡ ᠪᠤᠯ ᠶᠡᠭᠡ ᠶᠢᠨ ᠶᠠᠩᠵᠤ ᠲᠠᠢ ᠪᠠᠶᠢᠬᠤ ᠭᠡᠷᠡᠭᠳᠠᠢ ᠬᠡᠵᠤ ᠪᠢ ᠬᠡᠯᠡᠵᠤ ᠦᠩᠬᠡᠷᠠᠪᠠ᠃ ᠳᠤᠮᠳᠠᠳᠤ ᠤᠯᠤᠰ ᠤᠨ ᠡᠪ ᠬᠠᠮᠳᠤ ᠨᠠᠮ ᠤᠨ ᠬᠢᠵᠤ ᠪᠠᠶᠢᠭ᠎ᠠ ᠠᠯᠢᠪᠠ ᠪᠦᠬᠦᠨ ᠪᠤᠯ ᠴᠦᠮ ᠳᠤᠮᠳᠠᠳᠤ ᠤᠯᠤᠰ ᠤᠨ ᠠᠷᠠᠳ ᠲᠦᠮᠡᠨ ᠳᠤ ᠵᠤᠯ ᠵᠢᠷᠭᠠᠯ ᠤᠯᠭᠤᠬᠤ᠂ ᠳᠤᠮᠳᠠᠳᠤ ᠶᠢᠨ ᠦᠨᠳᠤᠰᠤᠳᠠᠨ ᠤ ᠠᠭᠤᠤ ᠶᠡᠭᠡ ᠰᠡᠷᠬᠦᠨ ᠮᠠᠨᠳᠤᠯᠳᠠ ᠶᠢ ᠪᠡᠶᠡᠯᠡᠬᠦᠯᠬᠦ᠂ ᠬᠦᠮᠤᠨ ᠲᠦᠷᠤᠯᠬᠢᠳᠠᠨ ᠳᠤ ᠡᠩᠬᠡ ᠲᠠᠶᠢᠪᠤᠩ ᠪᠤᠯᠤᠨ ᠬᠦᠭ᠍ᠵᠢᠯᠳᠠ ᠶᠢ ᠤᠯᠭᠤᠬᠤ ᠶᠢᠨ ᠲᠦᠯᠤᠬᠡ ᠶᠤᠮ᠃ ᠪᠢᠳᠠ ᠦᠪᠡᠷ ᠤᠨ ᠶᠠᠪᠤᠳᠠᠯ ᠢᠶᠠᠨ ᠰᠠᠶᠢᠳᠤᠷ ᠬᠢᠬᠦ ᠨᠢ ᠲᠠᠷᠤᠢ ᠬᠦᠮᠤᠨ ᠲᠦᠷᠤᠯᠬᠢᠳᠠᠨ ᠤ ᠬᠤᠪᠢ ᠵᠠᠶᠠᠭᠠᠨ ᠤ ᠬᠠᠮᠳᠤ ᠶᠢᠨ ᠴᠤᠬᠴᠠ ᠶᠢ ᠪᠠᠶᠢᠭᠤᠯᠬᠤ ᠳᠤ ᠬᠤᠪᠢ ᠨᠡᠮᠡᠷᠢ ᠦᠵᠡᠬᠦᠯᠵᠤ ᠪᠠᠶᠢᠭ᠎ᠠ ᠶᠠᠪᠤᠳᠠᠯ ᠪᠤᠯᠤᠨ᠎ᠠ᠃ ᠪᠢᠳᠠ ᠳᠤᠮᠳᠠᠳᠤ ᠤᠯᠤᠰ ᠤᠨ ᠬᠦᠭ᠍ᠵᠢᠯᠳᠠ ᠶᠢ ᠠᠬᠢᠭᠤᠯᠬᠤ ᠪᠠᠷ ᠲᠠᠮᠵᠢᠭᠤᠯᠵᠤ ᠲᠡᠯᠡᠬᠡᠢ ᠳ᠋ᠡᠬᠢᠨ ᠳᠤ ᠨᠡᠩ ᠶᠡᠭᠡ ᠠᠵᠠ ᠲᠤᠬᠢᠶᠠᠯ ᠬᠠᠩᠭ᠋ᠠᠵᠤ᠂ ᠲᠤᠰ ᠪᠠᠶ᠎ᠠ ᠶᠢᠨ ᠤᠢᠢᠯᠡᠳᠤᠯᠬᠡ ᠪᠠᠨ ᠬᠦᠨᠵᠡᠬᠡᠶᠢᠷᠡᠬᠦᠯᠬᠦ ᠪᠠᠷ ᠲᠠᠮᠵᠢᠭᠤᠯᠵᠤ ᠬᠦᠮᠤᠨ ᠲᠦᠷᠤᠯᠬᠢᠳᠠᠨ ᠤ ᠨᠡᠶᠢᠬᠡᠮ ᠤᠨ ᠬᠦᠭ᠍ᠵᠢᠯᠳᠠ ᠶᠢᠨ ᠵᠢᠮ᠎ᠠ ᠶᠤᠰᠤ ᠶᠢ ᠰᠦᠪᠡᠭ᠍ᠴᠢᠯᠠᠵᠤ ᠲᠡᠷᠡᠴᠢᠯᠠᠨ ᠲᠡᠯᠡᠬᠡᠢ ᠶᠢᠨ ᠡᠯ᠎ᠠ ᠤᠯᠤᠰ ᠲᠠᠢ ᠬᠤᠪᠢᠶᠠᠯᠴᠠᠨ᠎ᠠ᠃ ᠪᠢᠳᠠ ᠭᠠᠳᠠᠭᠠᠳᠤ ᠶᠢᠨ ᠵᠠᠬᠪᠤᠷ ᠢᠤᠷᠤᠭᠤᠯᠬᠤ ᠦᠬᠡᠢ᠂ ᠮᠦᠨ ᠴᠤ ᠳᠤᠮᠳᠠᠳᠤ ᠤᠯᠤᠰ ᠤᠨ ᠵᠠᠬᠪᠤᠷ  ᠢᠭᠠᠷᠭᠠᠬᠤ ᠦᠬᠡᠢ᠂ ᠪᠤᠰᠤᠳ ᠤᠯᠤᠰ ᠢ ᠳᠤᠮᠳᠠᠳᠤ ᠤᠯᠤᠰ ᠤᠨ ᠠᠷᠭ᠎ᠠ ᠬᠢᠳᠡᠯ ᠢᠲᠠᠭᠤᠷᠢᠶᠠᠯᠭᠠᠬᠤᠪᠠᠷ ᠱᠠᠭᠠᠷᠳᠠᠬᠤ ᠦᠬᠡᠢ᠃

    ᠨᠢᠬᠡᠳᠤᠭᠡᠷ ᠲᠤ᠂ ᠦᠩᠬᠡᠷᠡᠭᠰᠡᠨ ᠲᠠᠢ ᠪᠠᠨ ᠠᠳᠠᠯᠢᠬᠠᠨ ᠢᠶᠠᠷ ᠲᠡᠯᠡᠬᠡᠢ ᠶᠢᠨ ᠡᠩᠬᠡ ᠲᠠᠶᠢᠪᠤᠩ ᠠᠮᠤᠷ ᠲᠤᠭᠳᠠᠭᠤᠨ ᠳᠤ ᠬᠤᠪᠢ ᠨᠡᠮᠡᠷᠢ ᠦᠵᠡᠬᠦᠯᠤᠨ᠎ᠠ᠃ 100 ᠰᠢᠬᠠᠮ ᠵᠢᠯ ᠤᠨ ᠡᠮᠤᠨ᠎ᠠ᠂ ᠳᠤᠮᠳᠠᠳᠤ ᠤᠯᠤᠰ ᠤᠨ ᠡᠪ ᠬᠠᠮᠳᠤ ᠨᠠᠮ ᠳᠤᠮᠳᠠᠳᠤ ᠤᠯᠤᠰ ᠤᠨ ᠨᠡᠶᠢᠬᠡᠮ ᠤᠨ ᠬᠤᠷᠴᠠ ᠰᠢᠷᠤᠬᠦᠨ ᠤᠢᠢᠮᠡᠬᠡᠨ ᠲᠡᠪᠵᠢᠶᠠᠨ ᠲᠤᠮᠲᠠ ᠮᠡᠨᠳᠦᠯᠡᠭᠰᠡᠨ ᠶᠤᠮ᠂ ᠪᠠᠶᠢᠭᠤᠯᠤᠬᠳᠠᠬᠤ ᠦᠶ᠎ᠠ ᠶᠢᠨ ᠡᠬᠦᠷᠬᠡ ᠶᠢᠨ ᠨᠢᠬᠡ ᠨᠢ ᠪᠤᠯ ᠲᠠᠷᠤᠢ ᠳᠤᠮᠳᠠᠳᠤ ᠤᠯᠤᠰ ᠢ 19 ᠳ᠋ᠤᠬᠡᠷ ᠵᠠᠭᠤᠨ ᠤ ᠳᠤᠮᠳᠠᠴᠢ ᠦᠶ᠎ᠠ ᠠᠴᠠ ᠡᠬᠢᠯᠡᠭᠰᠡᠨ ᠲᠠᠶᠢᠨ ᠲᠠᠵᠢᠨ ᠢ ᠲᠠᠭᠤᠰᠬᠠᠵᠤ᠂ ᠠᠷᠠᠳ ᠢᠷᠬᠡᠳ ᠢ ᠠᠮᠢᠳᠤᠷᠠᠬᠤ ᠶᠢᠨ ᠠᠷᠭ᠎ᠠ ᠦᠬᠡᠢ ᠪᠤᠯᠤᠬᠰᠠᠨ ᠭᠠᠰᠠᠯᠠᠩ ᠵᠤᠪᠠᠯᠠᠩ ᠠᠴᠠ ᠠᠪᠤᠷᠠᠬᠤ ᠶᠢᠨ ᠲᠦᠯᠤᠬᠡ ᠶᠤᠮ᠃ 1921 ᠤᠨ ᠠᠴᠠ 1949 ᠤᠨ ᠪᠤᠯᠳᠠᠯ᠎ᠠ᠂ ᠳᠤᠮᠳᠠᠳᠤ ᠤᠯᠤᠰ ᠤᠨ ᠡᠩᠬᠡ ᠲᠠᠶᠢᠪᠤᠩ ᠲᠤᠭᠳᠠᠭᠤᠨ᠂ ᠳᠤᠮᠳᠠᠳᠤ ᠤᠯᠤᠰ ᠤᠨ ᠠᠷᠠᠳ ᠲᠦᠮᠡᠨ ᠤ ᠠᠮᠤᠷ ᠵᠢᠮᠤᠷ ᠠᠮᠢᠳᠤᠷᠠᠬᠤ ᠶᠢ ᠪᠡᠶᠡᠯᠡᠬᠦᠯᠬᠦ ᠶᠢᠨ ᠲᠦᠯᠤᠬᠡ᠂ ᠳᠤᠮᠳᠠᠳᠤ ᠤᠯᠤᠰ ᠤᠨ ᠡᠪ ᠬᠠᠮᠳᠤ ᠨᠠᠮ ᠳᠤᠮᠳᠠᠳᠤ ᠤᠯᠤᠰ ᠤᠨ ᠠᠷᠠᠳ ᠲᠦᠮᠡᠨ ᠢ ᠪᠦᠯᠬᠦᠮᠳᠡᠬᠦᠯᠤᠨ ᠲᠠᠶᠢᠴᠢᠯᠠᠵᠤ 28 ᠵᠢᠯ ᠤᠨ ᠵᠡᠪᠰᠡᠭᠳᠤ ᠲᠠᠮᠡᠴᠡᠯ ᠬᠢᠵᠤ᠂ ᠯᠤᠳᠤ ᠶᠡᠭᠡ ᠦᠷᠡᠭᠳᠡᠯ ᠭᠠᠷᠭᠠᠬᠰᠠᠨ ᠪᠠᠶᠢᠨ᠎ᠠ᠃ ᠶᠠᠬ ᠡᠶᠢᠮᠤ ᠠᠴᠠ᠂ ᠳᠤᠮᠳᠠᠳᠤ ᠤᠯᠤᠰ ᠤᠨ ᠡᠪ ᠬᠠᠮᠳᠤ ᠨᠠᠮ ᠡᠩᠬᠡ ᠲᠠᠶᠢᠪᠤᠩ ᠤᠨ ᠡᠷᠬᠢᠮ ᠨᠠᠨᠳᠢᠨ ᠢ ᠬᠦᠨ ᠤᠢᠢᠯᠠᠭᠠᠵᠤ᠂ ᠮᠦᠨ ᠴᠤ ᠡᠩᠬᠡ ᠲᠠᠶᠢᠪᠤᠩ ᠢ ᠬᠠᠮᠠᠭᠠᠯᠠᠬᠤ ᠪᠠᠳᠤ ᠢᠳᠡᠬᠡᠯ ᠲᠠᠢ ᠪᠤᠯᠤᠭᠰᠠᠠ ᠶᠤᠮ᠃ ᠳᠤᠮᠳᠠᠳᠤ ᠤᠯᠤᠰ ᠤᠨ ᠬᠢᠨ ᠡᠩᠬᠡ ᠲᠠᠶᠢᠪᠤᠩ᠂ ᠬᠦᠭ᠍ᠵᠢᠯᠳᠠ᠂ ᠬᠠᠮᠳᠤᠷᠠᠯᠴᠠᠭ᠎ᠠ᠂ ᠬᠠᠮᠳᠤ ᠶᠢᠨ ᠠᠰᠢᠬ ᠲᠤᠰᠠ ᠶᠢᠨ ᠲᠤᠬ ᠢ ᠦᠨᠳᠤᠷ ᠮᠠᠨᠳᠤᠭᠤᠯᠵᠤ᠂ ᠡᠩᠬᠡ ᠲᠠᠶᠢᠪᠤᠩ ᠬᠦᠭ᠍ᠵᠢᠯᠳᠠ ᠶᠢᠨ ᠵᠠᠮ ᠢᠶᠠᠷ ᠢᠮᠠᠬᠳᠠ ᠭᠤᠶᠢᠪᠢᠰᠢ ᠦᠬᠡᠢ ᠵᠠᠮᠨᠠᠵᠤ᠂ ᠪᠦᠬᠦ ᠪᠦᠮᠪᠦᠷᠴᠡᠭ ᠤᠨ ᠬᠠᠨᠢᠳᠠᠨ ᠤ ᠬᠠᠷᠢᠯᠴᠠᠭ᠎ᠠ ᠶᠢᠨ ᠪᠦᠳᠤᠬᠡᠨ ᠪᠠᠶᠢᠭᠤᠯᠤᠯᠳᠠ ᠶᠢ ᠢᠳᠡᠪᠬᠢᠳᠠᠢ ᠠᠬᠢᠭᠤᠯᠵᠤ᠂ ᠲᠡᠯᠡᠬᠡᠢ ᠶᠢᠨ ᠬᠠᠯᠠᠮᠰᠢᠯ ᠠᠰᠠᠭᠤᠳᠠᠯ ᠲᠦᠪᠡᠭ᠌ ᠠᠰᠠᠭᠤᠳᠠᠯ ᠢ ᠤᠯᠤᠰ ᠲᠦᠷᠤ ᠪᠠᠷ ᠰᠢᠢᠳᠪᠤᠷᠢᠯᠡᠬᠦ ᠠᠬᠢᠴᠠ ᠳᠤ ᠰᠠᠨᠠᠭᠠᠴᠢᠯᠠᠭ᠎ᠠ ᠠᠴᠠ ᠪᠠᠨ ᠤᠷᠤᠯᠴᠠᠨ᠎ᠠ᠃ ᠤᠳᠤᠬᠠᠨ ᠳᠤ᠂ ᠳᠤᠮᠳᠠᠳᠤ ᠤᠯᠤᠰ ᠤᠨ ᠬᠢᠨ ᠨᠡᠶᠢᠳᠠ 3.6 ᠲᠦᠮᠡ ᠭᠠᠷᠤᠢ ᠬᠦᠮᠤᠨ ᠤᠳᠠᠭ᠎ᠠ ᠡᠩᠬᠡ ᠲᠠᠶᠢᠪᠤᠩ ᠢ ᠬᠠᠮᠠᠭᠠᠯᠠᠬᠤ ᠠᠵᠢᠯᠳᠠᠨ ᠢ ᠲᠤᠮᠢᠯᠠᠵᠤ᠂ ᠤᠯᠠᠨ ᠤᠯᠤᠰ ᠤᠨ ᠬᠤᠯᠪᠤᠭᠠᠳᠤ ᠪᠠᠶᠢᠭᠤᠯᠤᠯᠭ᠎ᠠ ᠶᠢᠨ ᠡᠩᠬᠡ ᠲᠠᠶᠢᠪᠤᠩ ᠤᠨ ᠠᠵᠢᠯᠯᠠᠭᠠᠨ ᠤ ᠭᠤᠤᠯ ᠴᠡᠷᠢᠭ ᠭᠠᠷᠭᠠᠬᠤ ᠤᠯᠤᠰ ᠪᠤᠯᠤᠨ ᠡᠳ᠋ ᠪᠤᠳᠠᠰ ᠭᠠᠷᠭᠠᠬᠤ ᠤᠯᠤᠰ ᠪᠤᠯᠤᠬᠰᠠᠨ ᠪᠠᠶᠢᠨ᠎ᠠ᠃

    ᠡᠨᠡᠬᠦ ᠴᠠᠬ ᠮᠦᠴᠡ ᠳᠤ᠂ 2500 ᠭᠠᠷᠤᠢ ᠳᠤᠮᠳᠠᠳᠤ ᠤᠯᠤᠰ ᠤᠨ ᠳᠠᠷᠤᠭ᠎ᠠ ᠪᠠᠶᠢᠯᠳᠤᠬᠴᠢ ᠶᠠᠬ 8 ᠡᠩᠬᠡ ᠲᠠᠶᠢᠪᠤᠩ ᠢ ᠬᠠᠮᠠᠭᠠᠯᠠᠬᠤ ᠡᠭᠦᠷᠭᠡ ᠭᠦᠢᠴᠡᠳᠬᠡᠬᠦ ᠤᠷᠤᠨ ᠳᠤ ᠬᠦᠴᠢᠷ ᠪᠡᠷᠬᠡ ᠪᠠ ᠠᠶᠤᠯ ᠲᠦᠭᠰᠢᠭᠦᠷᠢ ᠠᠴᠠ ᠡᠮᠢᠶᠡᠯ ᠦᠭᠡᠢ ᠪᠠᠷ ᠲᠤᠬᠠᠢ ᠶᠢᠨ ᠭᠠᠵᠠᠷ ᠤᠨ ᠡᠩᠬᠡ ᠲᠠᠶᠢᠪᠤᠩ ᠠᠮᠤᠷ ᠲᠤᠬᠲᠠᠭᠤᠨ ᠢ ᠬᠠᠮᠠᠭᠠᠯᠠᠵᠤ ᠪᠤᠢ᠃ ᠳᠤᠮᠳᠠᠳᠤ ᠤᠯᠤᠰ ᠪᠦᠬᠦ ᠪᠦᠮᠪᠦᠷᠴᠡᠭ ᠤᠨ ᠵᠠᠰᠠᠯᠲᠠ ᠶᠢᠨ ᠰᠢᠰᠲ᠋ᠧᠮ ᠤᠨ ᠦᠭᠡᠷᠡᠴᠢᠯᠡᠯᠲᠡ ᠪᠠ ᠪᠦᠲᠦᠭᠡᠨ ᠪᠠᠶᠢᠭᠤᠯᠤᠯᠲᠠ ᠳᠤ ᠢᠳᠡᠪᠬᠢᠲᠡᠢ ᠤᠷᠤᠯᠴᠠᠵᠤ᠂ ᠤᠯᠠᠨ ᠤᠯᠤᠰ ᠤᠨ ᠤᠯᠤᠰ ᠲᠦᠷᠦ ᠠᠵᠤ ᠠᠬᠤᠢ ᠶᠢᠨ ᠡᠮᠬᠢ ᠲᠢᠭᠯᠢᠮ ᠤᠨ ᠨᠡᠩ ᠲᠦᠪ ᠭᠤᠤᠯᠴᠢ ᠵᠦᠢ ᠵᠤᠬᠢᠰᠲᠠᠢ ᠴᠢᠭᠯᠡᠯ ᠵᠦᠭ ᠬᠦᠭ᠍ᠵᠢᠬᠦ ᠶᠢ ᠠᠬᠢᠭᠤᠯᠤᠨ᠎ᠠ᠃ ᠳᠤᠮᠳᠠᠳᠤ ᠤᠯᠤᠰ ᠬᠦᠭ᠍ᠵᠢᠬᠡᠳ ᠶᠠᠮᠠᠷ ᠬᠡᠮᠵᠢᠶᠡᠨ ᠳᠤ ᠬᠦᠷᠦᠭᠰᠡᠡ ᠴᠤ ᠡᠭᠦᠷᠢᠲᠡ ᠡᠵᠡᠷᠬᠡᠭ᠍ᠴᠢ ᠪᠤᠯᠬᠤ ᠦᠭᠡᠢ᠂ ᠬᠡᠵᠢᠶᠡᠲᠡ ᠭᠠᠲᠠᠭᠰᠢ ᠦᠷᠭᠡᠳᠭᠡᠯ ᠬᠢᠬᠦ ᠦᠭᠡᠢ᠃ ᠪᠢᠳᠠ ᠳᠡᠯᠡᠬᠡᠢ ᠶᠢᠨ ᠡᠯ᠎ᠡ ᠤᠯᠤᠰ ᠤᠨ ᠲᠦᠷᠦ ᠶᠢᠨ ᠨᠠᠮ ᠪᠢᠳᠠᠨ ᠲᠠᠢ ᠬᠠᠮᠲᠤᠪᠡᠷ ᠳᠡᠯᠡᠬᠡᠢ ᠶᠢᠨ ᠡᠩᠬᠡ ᠲᠠᠶᠢᠪᠤᠩ ᠤᠨ ᠪᠦᠲᠦᠭᠡᠨ ᠪᠠᠶᠢᠭᠤᠯᠤᠬᠴᠢ᠂ ᠪᠦᠬᠦ ᠪᠦᠮᠪᠦᠷᠴᠡᠭ ᠤᠨ ᠬᠦᠭ᠍ᠵᠢᠯᠲᠡ ᠶᠢᠨ ᠬᠤᠪᠢ ᠨᠡᠮᠡᠷᠢ ᠦᠵᠡᠭᠦᠯᠦᠭᠴᠢ᠂ ᠤᠯᠠᠨ ᠤᠯᠤᠰ ᠤᠨ ᠡᠮᠬᠢ ᠲᠢᠭ᠍ᠯᠢᠮ ᠤᠨ ᠬᠠᠮᠠᠭᠠᠯᠠᠬᠴᠢ ᠪᠤᠯᠬᠤ ᠶᠢ ᠰᠠᠨᠠᠭᠠᠴᠢᠯᠠᠵᠤ ᠪᠠᠶᠢᠨ᠎ᠠ᠃

    ᠬᠤᠶᠠᠳᠤᠭᠠᠷ ᠲᠤ᠂ ᠳᠡᠯᠡᠬᠡᠢ ᠶᠢᠨ ᠬᠠᠮᠲᠤ ᠶᠢᠨ ᠬᠦᠭ᠍ᠵᠢᠯᠲᠡ ᠳᠤ ᠦᠩᠭᠡᠷᠡᠭᠰᠡᠨ ᠲᠠᠢ ᠪᠠᠨ ᠠᠳᠠᠯᠢᠬᠠᠨ ᠢᠶᠠᠷ ᠬᠤᠪᠢ ᠨᠡᠮᠡᠷᠢ ᠦᠵᠡᠭᠦᠯᠦᠨ᠎ᠡ᠃ ᠳᠤᠮᠳᠠᠳᠤ ᠤᠯᠤᠰ ᠤᠨ ᠡᠪ ᠬᠠᠮᠲᠤ ᠨᠠᠮ ᠠᠷᠠᠳ ᠲᠦᠮᠡᠨ ᠤ ᠳᠤᠮᠳᠠ ᠠᠴᠠ ᠢᠷᠡᠵᠤ᠂ ᠠᠷᠠᠳ ᠲᠦᠮᠡᠨ ᠢ ᠲᠦᠰᠢᠭᠯᠡᠨ ᠬᠦᠭ᠍ᠵᠢᠨ ᠪᠤᠵᠠᠭᠠᠢᠢᠷᠠᠭᠰᠠᠠ ᠪᠤᠯᠬᠤᠷ᠂ ᠠᠷᠠᠳ ᠲᠦᠮᠡᠨ ᠳᠤ ᠶᠡᠷᠦ ᠠᠴᠠ ᠪᠠᠨ ᠭᠦᠨ ᠵᠤᠵᠠᠭᠠᠨ ᠬᠠᠶᠢᠷ᠎ᠠ ᠰᠡᠳᠬᠢᠯᠭᠡ ᠲᠠᠢ ᠶᠤᠮ᠂ ᠳᠤᠮᠳᠠᠳᠤ ᠤᠯᠤᠰ ᠤᠨ ᠠᠷᠠᠳ ᠲᠦᠮᠡᠨ ᠳᠤ ᠭᠦᠨ ᠵᠤᠵᠠᠭᠠᠨ ᠰᠡᠳᠬᠢᠯᠭᠡ ᠲᠠᠢ ᠪᠠᠷ ᠦᠯᠦ ᠪᠠᠷᠠᠮ᠂ ᠪᠠᠰᠠ ᠳᠡᠯᠡᠬᠡᠢ ᠶᠢᠨ ᠡᠯ᠎ᠡ ᠤᠯᠤᠰ ᠤᠨ ᠠᠷᠠᠳ ᠲᠦᠮᠡᠨ ᠳᠤ ᠴᠦ ᠭᠦᠨ ᠵᠤᠵᠠᠭᠠᠨ ᠰᠡᠳᠬᠢᠯᠭᠡ ᠲᠠᠢ ᠶᠤᠮ᠂ ᠳᠤᠷᠠᠲᠠᠶ᠎ᠠ ᠳᠤᠮᠳᠠᠳᠤ ᠤᠯᠤᠰ ᠤᠨ ᠠᠷᠠᠳ ᠲᠦᠮᠡᠨ ᠳᠤ ᠪᠤᠶᠠᠨ ᠦᠢᠯᠡᠳᠬᠦ ᠪᠠᠷ ᠦᠯᠦ ᠪᠠᠷᠠᠮ᠂ ᠪᠠᠰᠠ ᠳᠤᠷᠠᠲᠠᠶ᠎ᠠ ᠳᠡᠯᠡᠬᠡᠢ ᠶᠢᠨ ᠡᠯ᠎ᠡ ᠤᠯᠤᠰ ᠤᠨ ᠠᠷᠠᠳ ᠲᠦᠮᠡᠨ ᠳᠤ ᠪᠤᠶᠠᠨ ᠦᠢᠯᠡᠳᠦᠨ᠎ᠡ᠃ ᠤᠷᠲᠤ ᠬᠤᠭᠤᠴᠠᠭᠠᠨ ᠠᠴᠠ ᠨᠠᠰᠢ᠂ ᠳᠤᠮᠳᠠᠳᠤ ᠤᠯᠤᠰ ᠦᠷᠭᠡᠨ ᠤᠯᠠᠨ ᠬᠦᠭ᠍ᠵᠢᠵᠦ ᠪᠠᠶᠢᠭ᠎ᠠ ᠤᠯᠤᠰ ᠲᠤ ᠶᠡᠭᠡ ᠬᠡᠮᠵᠢᠶᠡᠨ ᠤ ᠲᠦᠯᠦᠪᠦᠷᠢ ᠦᠭᠡᠢ ᠲᠤᠰᠠᠯᠠᠮᠵᠢ᠂ ᠬᠠᠷᠠᠭᠠᠯᠵᠠᠯᠲᠤ ᠵᠢᠭᠡᠯᠡᠯᠭᠡ ᠬᠠᠩᠭ᠋ᠠᠵᠤ᠂ ᠶᠡᠭᠡ ᠬᠡᠮᠵᠢᠶᠡᠨ ᠤ ᠮᠡᠷᠭᠡᠵᠢᠯ ᠤᠨ ᠳᠡᠮᠵᠢᠯᠭᠡ᠂ ᠬᠦᠮᠦᠨ ᠤ ᠬᠦᠴᠦᠨ ᠤ ᠳᠡᠮᠵᠢᠯᠭᠡ᠂ ᠤᠶᠤᠨ ᠤ ᠳᠡᠮᠵᠢᠯᠭᠡ ᠬᠠᠩᠭ᠋ᠠᠵᠤ᠂ ᠦᠷᠭᠡᠨ ᠤᠯᠠᠨ ᠬᠦᠭ᠍ᠵᠢᠵᠦ ᠪᠠᠶᠢᠭ᠎ᠠ ᠤᠯᠤᠰ ᠲᠤ ᠦᠯᠡᠮᠵᠢᠭᠡᠨ ᠠᠵᠤ ᠠᠬᠤᠢ ᠨᠡᠶᠢᠭᠡᠮ ᠤᠨ ᠬᠦᠭ᠍ᠵᠢᠯᠲᠡ ᠪᠠ ᠠᠷᠠᠳ ᠤᠨ ᠠᠮᠢᠳᠤᠷᠠᠯ ᠢ ᠰᠠᠶᠢᠵᠢᠷᠠᠭᠤᠯᠬᠤ ᠲᠦᠷᠦᠯ ᠵᠦᠢᠯ ᠢ ᠪᠡᠶᠡᠯᠡᠭᠦᠯᠪᠡ᠃ ᠦᠨᠦᠳᠦᠷ᠂ ᠮᠢᠩᠭ᠋᠎ᠠ ᠲᠦᠮᠡᠨ ᠳᠤᠮᠳᠠᠳᠤ ᠤᠯᠤᠰ ᠤᠨ ᠰᠢᠨᠵᠢᠯᠡᠬᠦ ᠤᠬᠠᠭᠠᠨᠳᠠᠨ᠂ ᠢᠨᠵᠧᠨᠧᠷ᠂ ᠠᠵᠤ ᠠᠬᠤᠢᠢᠯᠠᠯᠲᠠᠨ᠂ ᠮᠡᠷᠭᠡᠵᠢᠯ ᠤᠨ ᠠᠵᠢᠯᠲᠠᠨ᠂ ᠡᠮᠨᠡᠯᠭᠡ ᠶᠢᠨ ᠠᠵᠢᠯᠲᠠᠨ᠂ ᠪᠠᠭᠰᠢ᠂ ᠡᠩ ᠤᠨ ᠠᠵᠢᠯᠲᠠᠨ᠂ ᠰᠠᠶᠢᠨ ᠲᠤᠷᠠᠴᠤᠤᠯ ᠶᠠᠬ ᠦᠢ ᠤᠯᠠᠨ ᠬᠦᠭ᠍ᠵᠢᠵᠦ ᠪᠠᠶᠢᠭ᠎ᠠ ᠤᠯᠤᠰ ᠤᠨ ᠦᠷᠭᠡᠨ ᠠᠭᠤᠳᠠᠮ ᠨᠤᠳᠤᠭ ᠳᠡᠪᠢᠰᠬᠡᠷ ᠳᠡᠭᠡᠷ᠎ᠡ᠂ ᠲᠤᠬᠠᠢ ᠶᠢᠨ ᠭᠠᠵᠠᠷ ᠤᠨ ᠠᠷᠠᠳ ᠤᠯᠠᠨ ᠲᠠᠢ ᠭᠠᠷ ᠢᠶᠠᠨ ᠬᠤᠯᠪᠤᠨ᠂ ᠮᠦᠷ ᠵᠡᠷᠭᠡᠴᠡᠵᠦ᠂ ᠲᠡᠳᠡᠨ ᠢ ᠬᠠᠪᠰᠤᠷᠤᠨ ᠬᠤᠪᠢ ᠵᠠᠶᠠᠭ᠎ᠠ ᠶᠢ ᠨᠢ ᠬᠤᠪᠢᠷᠠᠭᠤᠯᠵᠤ ᠪᠠᠶᠢᠨ᠎ᠠ᠃ ᠳᠤᠮᠳᠠᠳᠤ ᠤᠯᠤᠰ ᠤᠨ ᠡᠪ ᠬᠠᠮᠲᠤ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠪᠠᠶᠢᠷᠢᠯᠠᠭᠤᠯᠤᠯᠲᠠ ᠶᠢ ᠦᠨᠳᠦᠰᠦᠯᠡᠪᠡᠯ᠂ 2020 ᠤᠨ ᠪᠤᠯᠬᠤ ᠳᠤ ᠳᠤᠮᠳᠠᠳᠤ ᠤᠯᠤᠰ ᠴᠢᠨᠡᠭᠡᠯᠢᠭ᠌ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠵᠦ᠂ 2030 ᠤᠨ ᠪᠤᠯᠬᠤ ᠳᠤ ᠳᠤᠮᠳᠠᠳᠤ ᠤᠯᠤᠰ ᠨᠡᠶᠢᠭᠡᠮ ᠵᠢᠷᠤᠮ ᠤᠨ ᠤᠳᠤᠬᠢᠴᠢᠯᠠᠯᠲᠠ ᠶᠢ ᠦᠨᠳᠤᠰᠤᠨ ᠳᠡᠭᠡᠨ ᠪᠡᠶᠡᠯᠡᠭᠦᠯᠵᠦ᠂ ᠲᠤᠰ ᠵᠠᠭᠤᠨ ᠤ ᠳᠤᠮᠳᠠᠴᠢ ᠦᠶ᠎ᠡ ᠪᠤᠯᠬᠤ ᠳᠤ ᠳᠤᠮᠳᠠᠳᠤ ᠤᠯᠤᠰ ᠪᠠᠶᠠᠨ ᠬᠦᠴᠦᠷᠬᠡᠭ᠌ ᠠᠷᠠᠳᠴᠢᠯᠠᠬᠰᠠᠨ ᠪᠤᠯᠪᠠᠰᠤᠨ ᠡᠶ᠎ᠡ ᠵᠤᠬᠢᠴᠠᠩᠭ᠋ᠤᠢ ᠦᠵᠡᠰᠬᠦᠯᠡᠩᠲᠤ ᠰᠠᠶᠢᠬᠠᠨ ᠨᠡᠶᠢᠭᠡᠮ ᠵᠢᠷᠤᠮ ᠤᠨ ᠤᠳᠤᠬᠢᠴᠢᠯᠠᠬᠰᠠᠨ ᠬᠦᠴᠦᠷᠬᠡᠭ᠌ ᠤᠯᠤᠰ ᠢ ᠪᠦᠲᠦᠭᠡᠨ ᠪᠠᠶᠢᠭᠤᠯᠤᠨ᠎ᠠ᠃ ᠡᠨᠡ ᠨᠢ ᠳᠤᠮᠳᠠᠳᠤ ᠤᠯᠤᠰ ᠤᠨ ᠠᠷᠠᠳ ᠲᠦᠮᠡᠨ ᠳᠤ ᠪᠤᠶᠠᠨ ᠦᠢᠯᠡᠳᠬᠦ ᠪᠠᠷ ᠪᠠᠷᠠᠬᠤ ᠦᠭᠡᠢ ᠮᠦᠨ ᠴᠤ ᠳᠡᠯᠡᠬᠡᠢ ᠶᠢᠨ ᠡᠯ᠎ᠡ ᠤᠯᠤᠰ ᠤᠨ ᠠᠷᠠᠳ ᠲᠦᠮᠡᠨ ᠳᠤ ᠪᠤᠶᠠᠨ ᠦᠢᠯᠡᠳᠬᠦ ᠪᠤᠯᠤᠨ᠎ᠡ᠃ ᠪᠢᠳᠠ ᠳᠡᠯᠡᠬᠡᠢ ᠶᠢᠨ ᠡᠯ᠎ᠡ ᠤᠯᠤᠰ ᠤᠨ ᠲᠦᠷᠦ ᠶᠢᠨ ᠨᠠᠮ ᠪᠢᠳᠠᠨ ᠲᠠᠢ ᠬᠠᠮᠲᠤᠪᠡᠷ ᠳᠡᠶᠠᠩ ᠳᠡᠯᠡᠬᠡᠢ ᠳᠤ ᠨᠡᠩ ᠤᠯᠠᠨ ᠬᠠᠮᠲᠤᠷᠠᠯᠴᠠᠭᠠᠨ ᠤ ᠵᠠᠪᠰᠢᠶᠠᠨ ᠢ ᠡᠭᠦᠳᠦᠨ᠂ ᠳᠡᠯᠡᠬᠡᠢ ᠶᠢᠨ ᠡᠯ᠎ᠡ ᠤᠯᠤᠰ ᠤᠨ ᠬᠠᠮᠲᠤ ᠶᠢᠨ ᠬᠦᠭ᠍ᠵᠢᠯ ᠴᠡᠴᠡᠭᠯᠡᠯ ᠢ ᠴᠢᠷᠮᠠᠶᠢᠨ ᠠᠬᠢᠭᠤᠯᠬᠤ ᠶᠢ ᠰᠠᠨᠠᠭᠠᠴᠢᠯᠠᠵᠤ ᠪᠠᠶᠢᠨ᠎ᠡ᠃

    ᠭᠤᠷᠪᠠᠳᠤᠭᠠᠷ ᠲᠤ᠂ ᠳᠡᠯᠡᠬᠡᠢ ᠶᠢᠨ ᠪᠤᠯᠪᠠᠰᠤᠨ ᠤ ᠰᠤᠯᠢᠯᠴᠠᠭ᠎ᠠ ᠲᠤᠯᠢᠯᠠᠯ ᠳᠤ ᠦᠩᠭᠡᠷᠡᠭᠰᠡᠨ ᠲᠠᠢ ᠪᠠᠨ ᠠᠳᠠᠯᠢᠬᠠᠨ ᠢᠶᠠᠷ ᠬᠤᠪᠢ ᠨᠡᠮᠡᠷᠢ ᠦᠵᠡᠭᠦᠯᠦᠨ᠎ᠡ᠃ ᠤᠬᠠᠭᠠᠨ ᠲᠠᠢ ᠬᠦᠮᠦᠨ ᠦᠷᠦᠭᠡᠯ ᠢ ᠬᠠᠷᠠᠵᠤ ᠦᠪᠡᠷ ᠢ ᠪᠠᠨ ᠵᠠᠰᠠᠨ᠎ᠠ᠃ ᠳᠤᠮᠳᠠᠳᠤ ᠤᠯᠤᠰ ᠤᠨ ᠡᠪ ᠬᠠᠮᠲᠤ ᠨᠠᠮ ᠶᠡᠷᠦ ᠠᠴᠠ ᠪᠠᠨ ᠳᠡᠯᠡᠬᠡᠢ ᠶᠢᠨ ᠬᠠᠷᠠᠭᠠᠰᠦ ᠶᠢ ᠪᠤᠢ ᠪᠤᠯᠭᠠᠵᠤ᠂ ᠳᠡᠯᠡᠬᠡᠢ ᠶᠢᠨ ᠡᠯ᠎ᠡ ᠤᠯᠤᠰ ᠤᠨ ᠠᠷᠠᠳ ᠲᠦᠮᠡᠨ ᠤ ᠡᠭᠦᠳᠦᠨ ᠪᠦᠲᠦᠭᠡᠭ᠍ᠰᠡᠨ ᠪᠤᠯᠪᠠᠰᠤᠨ ᠤ ᠦᠷ᠎ᠡ ᠪᠦᠲᠦᠭᠡᠯ ᠢ ᠢᠳᠡᠪᠬᠢᠲᠡᠢ ᠪᠠᠷ ᠰᠤᠷᠤᠯᠴᠠᠨ ᠲᠤᠯᠢ ᠪᠤᠯᠭᠠᠬᠤ ᠶᠢ ᠴᠢᠬᠤᠯᠠᠴᠢᠯᠠᠵᠤ᠂ ᠳᠤᠮᠳᠠᠳᠤ ᠤᠯᠤᠰ ᠤᠨ ᠪᠤᠲᠠᠲᠠᠢ ᠪᠠᠶᠢᠳᠠᠯ ᠲᠠᠢ ᠤᠶᠠᠯᠳᠤᠭᠤᠯᠤᠨ ᠠᠰᠢᠬᠯᠠᠬᠤ ᠶᠢ ᠴᠢᠬᠤᠯᠠᠴᠢᠯᠠᠬᠰᠠᠭᠠᠷ ᠢᠷᠡᠵᠡᠢ᠃ ᠮᠠᠷᠺᠰ ᠤᠨ ᠦᠵᠡᠯ ᠪᠤᠯ ᠳᠠᠷᠤᠢ ᠳᠤᠮᠳᠠᠳᠤ ᠤᠯᠤᠰ ᠤᠨ ᠡᠪ ᠬᠠᠮᠲᠤᠴᠤᠳ ᠤᠨ ᠭᠠᠳᠠᠭᠠᠳᠤ ᠠᠴᠠ ᠰᠤᠷᠤᠬᠰᠠᠨ ᠰᠢᠨᠵᠢᠯᠡᠬᠦ ᠤᠬᠠᠭᠠᠨᠴᠢ ᠦᠨᠡᠨ ᠶᠤᠰᠤ ᠪᠤᠯᠤᠨ᠎ᠠ᠃ ᠪᠢᠳᠠ ᠳᠤᠮᠳᠠᠳᠤ ᠤᠯᠤᠰ ᠤᠨ ᠪᠤᠲᠠᠲᠠᠢ ᠪᠠᠶᠢᠳᠠᠯ ᠲᠠᠢ ᠤᠶᠠᠯᠳᠤᠭᠤᠯᠤᠨ᠂ ᠮᠠᠷᠺᠰ ᠤᠨ ᠦᠵᠡᠯ ᠤᠨ ᠳᠤᠮᠳᠠᠳᠤ ᠤᠯᠤᠰᠴᠢᠯᠠᠯᠲᠠ ᠴᠠᠬ ᠦᠶᠡᠴᠢᠯᠠᠯᠲᠠ ᠤᠯᠠᠨ ᠲᠦᠮᠡᠨᠴᠢᠯᠠᠯᠲᠠ ᠶᠢ ᠲᠠᠰᠤᠷᠠᠯᠲᠠ ᠦᠭᠡᠢ ᠠᠬᠢᠭᠤᠯᠵᠤ᠂ ᠲᠡᠭᠦᠨ ᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠳᠤᠮᠳᠠᠳᠤ ᠤᠯᠤᠰ ᠤᠨ ᠠᠷᠠᠳ ᠲᠦᠮᠡᠨ ᠢ ᠤᠳᠤᠷᠢᠳᠤᠨ ᠲᠠᠰᠤᠷᠠᠯᠲᠠ ᠦᠭᠡᠢ ᠤᠷᠤᠬᠰᠢᠯᠠᠬᠤ ᠰᠢᠨᠵᠢᠯᠡᠬᠦ ᠤᠬᠠᠭᠠᠨ ᠤ ᠤᠨᠤᠯ ᠪᠤᠯᠭᠠᠪᠠ᠃ ᠳᠤᠮᠳᠠᠳᠤ ᠤᠯᠤᠰ ᠤᠨ ᠡᠪ ᠬᠠᠮᠲᠤ ᠨᠠᠮ ᠨᠡᠭᠡᠭᠡᠯᠲᠡᠲᠡᠢ ᠬᠠᠷᠠᠴᠠ᠂ ᠠᠭᠤᠲᠠᠮᠴᠢ ᠬᠡᠭᠦᠳᠡᠭ ᠴᠡᠭᠡᠵᠢ ᠪᠠᠷ ᠳᠡᠯᠡᠬᠡᠢ ᠶᠢᠨ ᠡᠯ᠎ᠡ ᠤᠯᠤᠰ ᠤᠨ ᠪᠤᠯᠪᠠᠰᠤᠨ ᠤ ᠡᠭᠦᠳᠦᠨ ᠪᠦᠲᠦᠭᠡᠯᠲᠡ ᠳᠤ ᠬᠠᠨᠳᠤᠵᠤ᠂ ᠳᠤᠷᠠᠲᠠᠶ᠎ᠠ ᠳᠡᠯᠡᠬᠡᠢ ᠶᠢᠨ ᠡᠯ᠎ᠡ ᠤᠯᠤᠰ ᠤᠨ ᠠᠷᠠᠳ ᠲᠦᠮᠡᠨ ᠪᠠ ᠡᠯ᠎ᠡ ᠤᠯᠤᠰ ᠤᠨ ᠲᠦᠷᠦ ᠶᠢᠨ ᠨᠠᠮ ᠲᠠᠢ ᠶᠠᠷᠢᠯᠴᠠᠭ᠎ᠠ ᠪᠠ ᠰᠤᠯᠢᠯᠴᠠᠭ᠎ᠠ ᠶᠢᠨ ᠬᠠᠮᠲᠤᠷᠠᠯᠴᠠᠭ᠎ᠠ ᠶᠢ ᠦᠷᠨᠢᠭᠦᠯᠵᠦ᠂ ᠡᠯ᠎ᠡ ᠤᠯᠤᠰ ᠤᠨ ᠠᠷᠠᠳ ᠲᠦᠮᠡᠨ ᠤ ᠰᠤᠶᠤᠯ ᠢᠷᠭᠡᠨᠰᠢᠯ ᠤᠨ ᠰᠤᠯᠢᠯᠴᠠᠭ᠎ᠠ ᠪᠠ ᠠᠷᠠᠳ ᠤᠨ ᠬᠤᠭᠤᠷᠤᠨᠳᠤᠬᠢ ᠨᠦᠬᠦᠷᠯᠡᠯ ᠢᠶᠠᠨ ᠴᠢᠩᠭ᠋ᠠᠳᠬᠠᠬᠤ ᠶᠢ ᠳᠡᠮᠵᠢᠨ᠎ᠡ᠃ ᠬᠤᠶᠢᠰᠢᠲᠠ ᠶᠢᠨ 5 ᠵᠢᠯ ᠳᠤ᠂ ᠳᠤᠮᠳᠠᠳᠤ ᠤᠯᠤᠰ ᠤᠨ ᠡᠪ ᠬᠠᠮᠲᠤ ᠨᠠᠮ ᠳᠡᠯᠡᠬᠡᠢ ᠶᠢᠨ ᠡᠯ᠎ᠡ ᠤᠯᠤᠰ ᠤᠨ ᠲᠦᠷᠦ ᠶᠢᠨ ᠨᠠᠮ ᠳᠤ 1.5 ᠲᠦᠮᠡᠨ ᠬᠦᠮᠦᠨ ᠤᠳᠠᠭ᠎ᠠ ᠶᠢᠨ ᠳᠤᠮᠳᠠᠳᠤ ᠳᠤ ᠢᠷᠡᠵᠦ ᠰᠤᠯᠢᠯᠴᠠᠬᠤ ᠵᠠᠪᠰᠢᠶᠠᠨ ᠬᠠᠩᠭ᠋ᠠᠨ᠎ᠠ᠃ ᠪᠢᠳᠠ ᠳᠤᠮᠳᠠᠳᠤ ᠤᠯᠤᠰ ᠤᠨ ᠡᠪ ᠬᠠᠮᠲᠤ ᠨᠠᠮ ᠪᠠ ᠳᠡᠯᠡᠬᠡᠢ ᠶᠢᠨ ᠲᠦᠷᠦ ᠶᠢᠨ ᠨᠠᠮ ᠯᠤᠭ᠎ᠠ ᠶᠢᠨ ᠳᠡᠭᠡᠳᠦ ᠳᠡᠰ ᠤᠨ ᠶᠠᠷᠢᠯᠴᠠᠭ᠎ᠠ ᠶᠢᠨ ᠬᠤᠷᠠᠯ ᠢ ᠲᠤᠬᠲᠠᠴᠠ ᠪᠤᠯᠭᠠᠵᠤ᠂ ᠲᠡᠭᠦᠨ ᠢ ᠦᠷᠭᠡᠨ ᠳᠡᠯᠭᠡᠷᠡᠩᠭᠦᠢ ᠲᠦᠯᠦᠭᠡᠯᠡᠬᠦ ᠴᠢᠨᠠᠷ ᠪᠠ ᠤᠯᠠᠨ ᠤᠯᠤᠰ ᠲᠤ ᠨᠦᠯᠦᠭᠡᠯᠡᠬᠦ ᠬᠦᠴᠦᠨ ᠲᠠᠢ ᠦᠵᠦᠭᠦᠷᠯᠢᠭ᠌ ᠤᠯᠤᠰ ᠲᠦᠷᠦ ᠶᠢᠨ ᠶᠠᠷᠢᠯᠴᠠᠭᠠᠨ ᠤ ᠲᠠᠪᠴᠠᠩ ᠪᠤᠯᠭᠠᠬᠤ ᠶᠢ ᠰᠠᠨᠠᠭᠠᠴᠢᠯᠠᠵᠤ ᠪᠠᠶᠢᠨ᠎ᠠ᠃

    ᠠᠪᠠᠭ᠋ᠠᠢ ᠨᠠᠷ᠂ ᠠᠪᠤᠭᠠᠢ ᠨᠠᠷ᠂ ᠨᠠᠶᠢᠵᠢ ᠨᠠᠷ ᠡ!

    2000 ᠭᠠᠷᠤᠢ ᠵᠢᠯ ᠤᠨ ᠡᠮᠦᠨ᠎ᠡ᠂ ᠳᠤᠮᠳᠠᠳᠤ ᠤᠯᠤᠰ ᠤᠨ ᠡᠷᠲᠡᠨ ᠤ ᠪᠤᠳᠤᠯᠭᠠᠲᠠᠨ ᠺᠦᠩᠽᠢ᠄ ᠨᠦᠬᠦᠷᠯᠡᠯ ᠳᠤ ᠭᠤᠷᠪᠠᠨ ᠵᠦᠢᠯ ᠪᠤᠢ᠂ ᠲᠦᠪ ᠭᠤᠤᠯᠴᠢ ᠬᠦᠮᠦᠨ ᠲᠠᠢ ᠨᠠᠶᠢᠵᠢᠯᠠᠵᠤ᠂ ᠦᠨᠡᠨᠴᠢ ᠰᠢᠳᠤᠷᠭᠤ ᠬᠦᠮᠦᠨ ᠲᠠᠢ ᠨᠠᠶᠢᠵᠢᠯᠠᠵᠤ᠂ ᠤᠷᠴᠢᠯᠠᠩ ᠢ ᠲᠤᠭᠤᠷᠢᠵᠤ ᠤᠯᠠᠨ ᠢ ᠮᠡᠳᠡᠬᠦ ᠬᠦᠮᠦᠨ ᠲᠠᠢ ᠨᠠᠶᠢᠵᠢᠯᠠᠭᠠᠷᠠᠢ ᠭᠡᠵᠦ ᠬᠡᠯᠡᠭᠰᠡᠡ ᠪᠠᠶᠢᠲᠠᠭ᠃ ᠳᠤᠮᠳᠠᠳᠤ ᠤᠯᠤᠰ ᠤᠨ ᠡᠪ ᠬᠠᠮᠲᠤ ᠨᠠᠮ ᠳᠤᠷᠠᠲᠠᠶ᠎ᠠ ᠳᠠᠶᠠᠩ ᠳᠡᠯᠡᠬᠡᠢ ᠶᠢᠨ ᠨᠠᠶᠢᠵᠢ ᠨᠠᠷ ᠲᠠᠢ ᠦᠷᠭᠡᠨ ᠢᠶᠠᠷ ᠨᠠᠶᠢᠵᠢᠯᠠᠨ᠎ᠠ᠃ ᠤᠷᠲᠤ ᠬᠤᠭᠤᠴᠠᠭᠠᠨ ᠠᠴᠠ ᠨᠠᠰᠢ᠂ ᠳᠤᠮᠳᠠᠳᠤ ᠤᠯᠤᠰ ᠤᠨ ᠡᠪ ᠬᠠᠮᠲᠤ ᠨᠠᠮ ᠳᠡᠯᠡᠬᠡᠢ ᠶᠢᠨ 160 ᠭᠠᠷᠤᠢ ᠤᠯᠤᠰ ᠪᠠ ᠭᠠᠵᠠᠷ ᠤᠷᠤᠨ ᠤ 400 ᠭᠠᠷᠤᠢ ᠲᠦᠷᠦ ᠶᠢᠨ ᠨᠠᠮ ᠪᠠ ᠤᠯᠤᠰ ᠲᠦᠷᠦ ᠶᠢᠨ ᠵᠤᠬᠢᠶᠠᠨ ᠪᠠᠶᠢᠭᠤᠯᠤᠯᠲᠠ ᠲᠠᠢ ᠪᠠᠶᠢᠡᠭᠭᠤ ᠶᠢᠨ ᠴᠢᠨᠠᠷᠲᠠᠢ ᠬᠠᠷᠢᠯᠴᠠᠭ᠎ᠠ ᠪᠠᠨ ᠪᠠᠲᠤᠯᠠᠵᠤ᠂ᠨᠠᠶᠢᠵᠢ ᠶᠢᠨ ᠲᠤᠭᠤᠷᠢᠬᠲᠠᠰᠤᠷᠠᠯᠲᠠ ᠦᠭᠡᠢ ᠦᠷᠭᠡᠳᠪᠡ᠃ ᠢᠷᠡᠭᠡᠳᠦᠢ ᠳᠤ ᠬᠠᠨᠳᠤᠵᠤ᠂ ᠳᠤᠮᠳᠠᠳᠤ ᠤᠯᠤᠰ ᠤᠨ ᠡᠪ ᠬᠠᠮᠲᠤ ᠨᠠᠮ ᠳᠤᠷᠠᠲᠠᠶ᠎ᠠ ᠳᠡᠯᠡᠬᠡᠢ ᠶᠢᠨ ᠡᠯ᠎ᠡ ᠤᠯᠤᠰ ᠤᠨ ᠲᠦᠷᠦ ᠶᠢᠨ ᠨᠠᠮ ᠲᠠᠢ ᠶᠠᠪᠤᠯᠴᠠᠭ᠎ᠠ ᠪᠠᠨ ᠴᠢᠩᠭ᠋ᠠᠳᠬᠠᠵᠤ᠂ ᠨᠠᠮ ᠢ ᠵᠠᠰᠠᠬᠤ ᠲᠦᠷᠦ ᠶᠢ ᠵᠠᠰᠠᠬᠤ ᠲᠤᠷᠰᠢᠯᠭ᠎ᠠ ᠪᠠᠨ ᠬᠤᠪᠢᠶᠠᠯᠴᠠᠵᠤ᠂ ᠰᠤᠶᠤᠯ ᠢᠷᠭᠡᠨᠰᠢᠯ ᠤᠨ ᠰᠤᠯᠢᠯᠴᠠᠭ᠎ᠠ ᠶᠠᠷᠢᠯᠴᠠᠭ᠎ᠠ ᠦᠷᠨᠢᠭᠦᠯᠵᠦ᠂ ᠪᠠᠶᠢᠯᠳᠤᠬᠤ ᠪᠤᠳᠤᠯᠭ᠎ᠠ ᠶᠢᠨ ᠢᠲᠡᠭᠡᠯᠴᠡᠭᠡ ᠪᠠᠨ ᠨᠡᠮᠡᠭᠳᠡᠭᠦᠯᠵᠦ᠂ ᠬᠦᠮᠦᠨ ᠲᠦᠷᠦᠯᠬᠢᠲᠡᠨ ᠤ ᠬᠤᠪᠢ ᠵᠠᠶᠠᠭᠠᠨ ᠤ ᠬᠠᠮᠲᠤ ᠶᠢᠨ ᠴᠤᠬᠴᠠ ᠶᠢ ᠪᠠᠶᠢᠭᠤᠯᠬᠤ ᠶᠢ ᠠᠬᠢᠭᠤᠯᠵᠤ᠂ ᠨᠡᠩ ᠰᠠᠶᠢᠨ ᠰᠠᠶᠢᠬᠠᠨ ᠳᠡᠯᠡᠬᠡᠢ ᠶᠢᠷᠲᠢᠨᠴᠤ ᠶᠢ ᠭᠠᠷ ᠬᠤᠯᠪᠤᠨ ᠪᠦᠲᠦᠭᠡᠨ ᠪᠠᠶᠢᠭᠤᠯᠤᠨ᠎ᠠ!

    ᠬᠠᠮᠤᠬ ᠤᠨ ᠡᠴᠦᠰ ᠲᠤ᠂ ᠳᠤᠮᠳᠠᠳᠤ ᠤᠯᠤᠰ ᠤᠨ ᠡᠪ ᠬᠠᠮᠲᠤ ᠨᠠᠮ ᠪᠠ ᠳᠡᠯᠡᠬᠡᠢ ᠶᠢᠨ ᠲᠦᠷᠦ ᠶᠢᠨ ᠨᠠᠮ  ᠯᠤᠭ᠎ᠠ ᠶᠢᠨ ᠳᠡᠭᠡᠳᠦ ᠲᠡᠰ ᠤᠨ ᠶᠠᠷᠢᠯᠴᠠᠭ᠎ᠠ ᠶᠢᠨ ᠬᠤᠷᠠᠯ ᠲᠡᠭᠦᠰ ᠠᠮᠵᠢᠯᠲᠠ ᠲᠠᠢ ᠪᠤᠯᠬᠤ ᠶᠢ ᠵᠦᠩᠨᠡᠶ᠎ᠡ!ᠤᠯᠠᠨ ᠳᠤ ᠲᠠᠯᠠᠷᠬᠠᠯ᠎ᠠ᠃

ᠢᠷᠡᠯᠳᠡ᠄ ᠦᠪᠦᠷ ᠮᠤᠩᠭ᠋ᠤᠯ ᠤᠨ ᠡᠳᠦᠷ ᠤᠨ ᠰᠤᠨᠢᠨ ᠪᠡᠯᠡᠳᠭᠡᠭ᠍ᠰᠡᠨ ᠨᠢ᠄ ᠬ • ᠦᠵᠡᠰᠭᠦᠯᠡᠩ

ᠰᠣᠶᠤᠯ ᠤᠷᠠᠯᠢᠭ

  • ᠶᠤᠸᠠᠨ ᠤ ᠲᠡᠭᠡᠲᠤ ᠨᠡᠶᠢᠰᠯᠡᠯ ᠳᠤ ᠪᠤᠯᠤᠭᠰᠠᠨ ᠴᠠᠭᠠᠨ ᠢᠳᠡᠭᠡᠨ ᠤ ᠰᠤᠶᠤᠯ ᠤᠨ ᠨᠠᠶᠢᠷ
  • 26 ᠳ᠋ᠤᠭᠠᠷ ᠬᠤᠭᠤᠴᠠᠭᠠᠨ ᠤ ᠠᠯᠳᠠᠨ ᠳᠠᠬᠢᠶ᠎ᠠ ᠴᠡᠴᠡᠬᠡᠰ ᠺᠢᠨᠣ᠋ ᠶᠢᠨ ᠨᠠᠶᠢᠷ ᠬᠦᠬᠡᠬᠤᠳᠠ ᠳᠤ ᠨᠡᠬᠡᠬᠡᠯᠳᠡ ᠪᠡᠨ ᠬᠢᠪᠡ
  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
010070230030000000000000011120701122054213