蒙古文网站Logo
ᠰᠢᠨᠬᠤᠸᠠ ᠮᠤᠩᠭ᠋ᠤᠯ ᠨᠧᠲ

ᠨᠡᠩ ᠰᠠᠶᠢᠨ ᠰᠠᠶᠢᠬᠠᠨ ᠲᠡᠯᠡᠬᠡᠢ ᠶᠢᠷᠳᠢᠨᠴᠦ ᠶᠢ ᠪᠠᠶᠢᠭᠤᠯᠬᠤ ᠲᠡᠤᠬᠡ ᠶᠢᠨ ᠡᠬᠦᠷᠬᠡᠯᠡᠯ - ᠰᠢ ᠶᠢᠨ ᠫᠢᠩ ᠤᠨ ᠲᠤᠮᠳᠠᠳᠤ ᠤᠯᠤᠰ ᠤᠨ ᠡᠪ ᠬᠠᠮᠳᠤ ᠨᠠᠮ ᠪᠤᠯᠤᠨ ᠲᠡᠯᠡᠬᠡᠢ ᠶᠢᠨ ᠲᠦᠷᠦ ᠶᠢᠨ ᠨᠠᠮ ᠯᠤᠭ᠎ᠠ ᠶᠢᠨ ᠲᠡᠬᠡᠳᠤ ᠲᠡᠰ ᠤᠨ ᠶᠠᠷᠢᠯᠴᠠᠭ᠎ᠠ ᠶᠢᠨ ᠬᠤᠷᠠᠯ ᠲᠡᠭᠡᠷᠡᠬᠢ ᠭᠤᠤᠯ ᠵᠤᠷᠢᠯᠳᠡᠳᠤ ᠶᠠᠷᠢᠶ᠎ᠠ ᠴᠢᠩᠭ᠎ᠠ ᠲᠤᠰᠬᠠᠯ ᠭᠠᠷᠪᠠ

2017-12-04 15:59

ᠰᠢ ᠶᠢᠨ ᠫᠢᠩ ᠤᠨ ᠲᠤᠮᠳᠠᠳᠤ ᠤᠯᠤᠰ ᠤᠨ ᠡᠪ ᠬᠠᠮᠳᠤ ᠨᠠᠮ ᠪᠤᠯᠤᠨ ᠲᠡᠯᠡᠬᠡᠢ ᠶᠢᠨ ᠲᠦᠷᠦ ᠶᠢᠨ ᠨᠠᠮ ᠯᠤᠭ᠎ᠠ ᠶᠢᠨ ᠲᠡᠬᠡᠳᠤ ᠲᠡᠰ ᠤᠨ ᠶᠠᠷᠢᠯᠴᠠᠭ᠎ᠠ ᠶᠢᠨ ᠬᠤᠷᠠᠯ ᠲᠡᠭᠡᠷᠡᠬᠢ ᠭᠤᠤᠯ ᠵᠤᠷᠢᠯᠳᠡᠳᠤ ᠶᠠᠷᠢᠶ᠎ᠠ ᠴᠢᠩᠭ᠎ᠠ ᠲᠤᠰᠬᠠᠯ ᠭᠠᠷᠪᠠ

    12 ᠰᠠᠷ᠎ᠠ ᠶᠢᠨ 1 ᠤ ᠦᠳᠡ ᠶᠢᠨ ᠬᠤᠶᠢᠨ᠎ᠡ᠂ ᠲᠤᠮᠳᠠᠳᠤ ᠤᠯᠤᠰ ᠤᠨ ᠡᠪ ᠬᠠᠮᠳᠤ ᠨᠠᠮ ᠪᠤᠯᠤᠨ ᠲᠡᠯᠡᠬᠡᠢ ᠶᠢᠨ ᠲᠦᠷᠦ ᠶᠢᠨ ᠨᠠᠮ ᠯᠤᠭ᠎ᠠ ᠶᠢᠨ ᠲᠡᠬᠡᠳᠤ ᠲᠡᠰ ᠤᠨ ᠶᠠᠷᠢᠯᠴᠠᠭ᠎ᠠ ᠶᠢᠨ ᠬᠤᠷᠠᠯ ᠦᠪᠡᠳᠡᠭᠰᠢ ᠶᠡᠬᠡᠪᠡᠷ ᠡᠬᠢᠯᠡᠵᠥ᠂ 120 ᠭᠠᠷᠤᠢ ᠤᠯᠤᠰ ᠤᠨ 300 ᠰᠢᠬᠠᠮ ᠲᠦᠷᠦ ᠶᠢᠨ ᠨᠠᠮ ᠪᠤᠯᠤᠨ ᠤᠯᠤᠰ ᠲᠦᠷᠦ ᠶᠢᠨ ᠵᠤᠬᠢᠶᠠᠨ ᠪᠠᠶᠢᠭᠤᠯᠤᠯᠳᠠ ᠶᠢᠨ ᠤᠳᠤᠷᠢᠳᠬᠤ ᠬᠦᠮᠥᠰ ᠪᠡᠭᠡᠵᠢᠩ ᠳᠤ ᠴᠤᠭᠯᠠᠷᠠᠵᠥ᠂ ᠨᠠᠮ ᠢ ᠵᠠᠰᠠᠬᠤ ᠤᠯᠤᠰ ᠢ ᠵᠠᠰᠠᠬᠤ ᠲᠤᠷᠰᠢᠯᠭ᠎ᠠ ᠪᠠᠨ ᠬᠤᠪᠢᠶᠠᠯᠴᠠᠵᠥ᠂ ᠬᠠᠮᠳᠤᠷᠠᠯᠴᠠᠭᠠᠨ ᠤ ᠶᠡᠭᠡ ᠪᠤᠳᠤᠯᠭ᠎ᠠ ᠶᠢ ᠬᠠᠮᠳᠤᠪᠡᠷ ᠵᠦᠪᠯᠡᠪᠡ᠃

    ᠲᠤᠮᠳᠠᠳᠤ ᠤᠯᠤᠰ ᠤᠨ ᠡᠪ ᠬᠠᠮᠳᠤ ᠨᠠᠮ ᠤᠨ ᠲᠦᠪ ᠬᠤᠷᠢᠶᠠᠨ ᠤ ᠶᠡᠷᠤᠩᠬᠡᠢ ᠱᠦᠵᠢ᠂ ᠤᠯᠤᠰ ᠤᠨ ᠲᠡᠷᠢᠬᠦᠯᠡᠭᠴᠢ ᠰᠢ ᠶᠢᠨ ᠫᠢᠩ 《ᠨᠡᠩ ᠰᠠᠶᠢᠨ ᠰᠠᠶᠢᠬᠠᠨ ᠲᠡᠯᠡᠬᠡᠢ ᠶᠢᠷᠳᠢᠨᠴᠦ ᠶᠢ ᠭᠠᠷ ᠬᠤᠯᠪᠤᠨ ᠪᠦᠳᠦᠭᠡᠨ ᠪᠠᠶᠢᠭᠤᠯᠤᠶ᠎ᠠ》 ᠬᠡᠬᠦ ᠰᠡᠳᠤᠪ ᠢᠶᠠᠷ ᠭᠤᠤᠯ ᠵᠤᠷᠢᠯᠳᠡᠳᠤ ᠶᠠᠷᠢᠶ᠎ᠠ ᠲᠠᠯᠪᠢᠵᠥ᠂ ᠡᠯ᠎ᠡ ᠤᠯᠤᠰ ᠤᠨ ᠲᠦᠷᠦ ᠶᠢᠨ ᠨᠠᠮ ᠢ ᠴᠠᠭ ᠦᠶ᠎ᠡ ᠶᠢᠨ ᠬᠦᠭ᠍ᠵᠢᠯᠳᠡ ᠶᠢᠨ ᠤᠷᠤᠰᠬᠠᠯ ᠢ ᠲᠠᠭᠠᠵᠥ᠂ ᠬᠦᠮᠥᠨ ᠲᠦᠷᠦᠯᠬᠢᠳᠡᠨ ᠤ ᠲᠠᠪᠰᠢᠯᠳᠠ ᠶᠢᠨ ᠶᠡᠭᠡ ᠬᠠᠨᠳᠤᠰᠢ ᠶᠢ ᠡᠵᠡᠮᠳᠡᠵᠥ᠂ ᠠᠷᠠᠳ ᠲᠦᠮᠡᠨ ᠤ ᠬᠠᠮᠳᠤ ᠶᠢᠨ ᠡᠷᠢᠯ ᠬᠦᠰᠡᠯ ᠢ ᠲᠠᠭᠠᠵᠥ᠂ ᠬᠦᠮᠥᠨ ᠲᠦᠷᠦᠯᠬᠢᠳᠡᠨ ᠤ ᠬᠤᠪᠢ ᠵᠠᠶᠠᠭᠠᠨ ᠤ ᠬᠠᠮᠳᠤ ᠶᠢᠨ ᠴᠤᠭᠴᠠ ᠶᠢ ᠪᠠᠶᠢᠭᠤᠯᠬᠤ ᠶᠢ ᠤᠷᠢᠶᠠᠯᠠᠭᠠᠳ᠂ ᠬᠤᠷᠠᠯ ᠳᠤ ᠤᠷᠤᠯᠴᠠᠭᠰᠠᠠ ᠲᠦᠯᠥᠬᠡᠯᠡᠭᠴᠢᠳ ᠤᠨ ᠦᠷᠭᠡᠨ ᠲᠡᠯᠭᠡᠷ ᠴᠤᠤᠷᠢᠶᠠᠳᠤᠯ ᠢ ᠤᠯᠤᠭᠰᠠᠠ ᠪᠠᠶᠢᠨ᠎ᠠ᠃

《ᠲᠠᠶᠠᠩ ᠲᠡᠯᠡᠬᠡᠢ ᠪᠠᠷ ᠢᠶᠠᠨ ᠨᠢᠬᠡ ᠬᠡᠷ 》 ᠬᠡᠬᠦ ᠤᠢᠢᠯᠠᠭᠠᠬᠳᠠᠬᠤᠨ ᠢ ᠪᠠᠷᠢᠮᠳᠠᠯᠠᠵᠥ ᠬᠦᠮᠥᠨ ᠲᠦᠷᠦᠯᠬᠢᠳᠡᠨ ᠤ ᠬᠦᠭ᠍ᠵᠢᠯᠳᠡ ᠶᠢᠨ ᠰᠠᠶᠢᠨ ᠰᠠᠶᠢᠬᠠᠨ ᠢᠷᠡᠬᠡᠳᠤᠢ ᠶᠢ ᠵᠢᠷᠤᠭᠯᠠᠪᠠ

    ᠲᠠᠶᠠᠩ ᠲᠡᠯᠡᠬᠡᠢ ᠪᠠᠷ ᠢᠶᠠᠨ ᠨᠢᠬᠡ ᠬᠡᠷ ᠤᠨ ᠬᠢ᠃ ᠲᠡᠯᠡᠬᠡᠶᠢᠵᠢᠯᠳᠡ ᠶᠢᠨ ᠴᠠᠭ ᠦᠶ᠎ᠡ ᠳᠤ ᠤᠷᠤᠰᠢᠵᠥ ᠪᠠᠶᠢᠭ᠎ᠠ ᠦᠨᠦᠳᠦᠷ᠂ ᠲᠡᠯᠡᠬᠡᠢ ᠶᠢᠨ ᠡᠯ᠎ᠡ ᠤᠯᠤᠰ ᠤᠨ ᠠᠷᠠᠳ ᠲᠦᠮᠡᠨ ᠤ ᠠᠯᠤᠰ ᠢᠷᠡᠬᠡᠳᠤᠢ ᠬᠤᠪᠢ ᠵᠠᠶᠠᠭ᠎ᠠ ᠨᠢᠬᠳᠠ ᠬᠤᠯᠪᠤᠯᠳᠤᠵᠥ᠂ ᠢᠯᠠᠪᠠᠯ ᠪᠦᠷ ᠢᠯᠠᠵᠥ᠂ ᠢᠯᠠᠬᠳᠠᠪᠠᠯ ᠪᠦᠷ ᠢᠯᠠᠬᠳᠠᠬᠤ ᠪᠠᠶᠢᠷᠢᠰᠢᠯ ᠪᠦᠷᠢᠯᠳᠦᠵᠥ ᠪᠠᠶᠢᠨ᠎ᠠ᠃ ᠡᠬᠦᠨ ᠳᠤ᠂ ᠡᠷᠬᠡ ᠠᠰᠢᠬ ᠪᠤᠯᠢᠶᠠᠯᠳᠤᠬᠤ ᠶᠢᠨ ᠲᠦᠯᠥᠬᠡ ᠬᠠᠷ᠎ᠠ ᠰᠠᠨᠠᠭ᠎ᠠ ᠲᠠᠢ ᠪᠠᠷ ᠦᠷᠢᠰᠦᠯᠳᠦᠵᠥ ᠴᠢᠨᠠᠭᠰᠢᠯᠠᠪᠠᠯ ᠴᠡᠷᠢᠭ ᠵᠡᠪᠰᠡᠭ ᠬᠦᠳᠡᠯᠬᠡᠬᠦ ᠤᠤ? ᠡᠰᠡᠬᠦᠯ᠎ᠡ ᠴᠠᠭ ᠦᠶ᠎ᠡ ᠶᠢᠨ ᠤᠷᠤᠰᠬᠠᠯ ᠢ ᠲᠠᠭᠠᠵᠥ ᠦᠷᠢᠰᠦᠯᠳᠦᠬᠡᠨ ᠢ ᠬᠠᠮᠳᠤᠪᠡᠷ ᠤᠬᠳᠤᠵᠥ ᠬᠦᠭ᠍ᠵᠢᠯᠳᠡ ᠶᠢ ᠬᠠᠮᠳᠤᠪᠡᠷ ᠡᠷᠢᠯᠬᠢᠯᠡᠬᠦ ᠤᠤ?

    ᠬᠤᠶᠠᠷ ᠵᠦᠢᠯ ᠤᠨ ᠰᠤᠩᠭ᠋ᠤᠯᠳᠠ ᠶᠢᠨ ᠨᠢᠬᠡ ᠵᠦᠢᠯ ᠨᠢ ᠭᠠᠢ ᠭᠠᠮᠰᠢᠭ ᠤᠨ ᠴᠢᠨᠠᠷᠳᠠᠢ ᠬᠢᠮᠤᠷᠠᠯ ᠢ ᠠᠪᠴᠢᠷᠠᠵᠥ ᠮᠡᠳᠡᠨ᠎ᠡ᠂ ᠨᠢᠬᠡ ᠵᠦᠢᠯ ᠨᠢ ᠬᠠᠷᠢᠨ ᠨᠡᠩ ᠬᠡᠬᠡᠨ ᠰᠠᠷᠠᠭᠤᠯ ᠢᠷᠡᠬᠡᠳᠤᠢ ᠶᠢ ᠵᠢᠭᠠᠵᠥ ᠪᠤᠯᠤᠨ᠎ᠠ᠃ ᠬᠠᠷᠢᠭᠤᠯᠳᠡ ᠶᠢ ᠨᠢ ᠬᠡᠯᠡᠬᠦ ᠦᠭᠡᠢ ᠴᠦ ᠪᠦᠷ ᠮᠡᠳᠡᠨ᠎ᠡ᠃

    《ᠬᠦᠮᠥᠨ ᠲᠦᠷᠦᠯᠬᠢᠳᠡᠨ ᠤ ᠬᠤᠪᠢ ᠵᠠᠶᠠᠭᠠᠨ ᠤ ᠬᠠᠮᠳᠤ ᠶᠢᠨ ᠴᠤᠭᠴᠠ ᠶᠢᠨ ᠤᠢᠢᠯᠠᠭᠠᠬᠳᠠᠬᠤᠨ ᠨᠢ ᠬᠦᠮᠥᠨ ᠲᠦᠷᠦᠯᠬᠢᠳᠡᠨ ᠤ ᠠᠯᠤᠰ ᠢᠷᠡᠬᠡᠳᠤᠢ ᠬᠤᠪᠢ ᠵᠠᠶᠠᠭ᠎ᠠ ᠳᠤ ᠬᠤᠯᠪᠤᠭᠳᠠᠬᠤ ᠴᠢᠬᠤᠯᠠ ᠶᠡᠭᠡ ᠠᠰᠠᠭᠤᠳᠠᠯ ᠳᠤ ᠲᠤᠮᠳᠠᠳᠤ ᠤᠯᠤᠰ ᠤᠨ ᠤᠶᠤᠨ ᠤᠬᠠᠭᠠᠨ ᠢ ᠬᠠᠩ᠋ᠭᠠᠪᠠ》᠃ ᠤᠷᠢᠯᠭ᠎ᠠ ᠪᠠᠷ ᠬᠤᠷᠡᠯ ᠳᠤ ᠤᠷᠤᠯᠴᠠᠭᠰᠠᠠ ᠢᠰᠫᠠᠨᠢ ᠶᠢᠨ ᠲᠤᠮᠳᠠᠳᠤ ᠤᠯᠤᠰ ᠤᠨ ᠲᠦᠷᠦ ᠶᠢᠨ ᠪᠤᠳᠤᠯᠭ᠎ᠠ ᠶᠢ ᠠᠵᠢᠬᠯᠠᠬᠤ ᠲᠦᠪ ᠤᠨ ᠡᠷᠬᠢᠯᠡᠭᠴᠢ ᠬᠤᠯᠢ᠊ ᠊ ᠤᠦ᠄ ᠲᠡᠯᠡᠬᠡᠶᠢᠵᠢᠯᠳᠡ ᠶᠢᠨ ᠲᠠᠰᠤᠷᠠᠯᠳᠡ ᠦᠭᠡᠢ ᠠᠬᠢᠬᠤ ᠶᠢ ᠲᠠᠭᠠᠯᠳᠤᠨ᠂ ᠶᠠᠮᠠᠷᠪᠠ ᠨᠢᠬᠡ ᠲᠦᠷᠦ ᠶᠢᠨ ᠨᠠᠮ᠂ ᠤᠶᠤᠨ ᠤ ᠬᠦᠮᠦᠷᠬᠡ ᠪᠤᠯᠤᠨ ᠤᠯᠤᠰ ᠭᠠᠭᠴᠠᠭᠠᠷ ᠢᠶᠠᠨ ᠪᠦᠬᠦ ᠪᠦᠮᠪᠦᠷᠴᠡᠭ ᠤᠨ ᠦᠷᠢᠰᠦᠯᠳᠦᠬᠡᠨ ᠢ ᠠᠷᠭᠠᠴᠠᠬᠤ ᠶᠢᠨ ᠠᠷᠭ᠎ᠠ ᠦᠭᠡᠢ ᠶᠤᠮ᠂ ᠵᠦᠪᠬᠡᠨ ᠭᠠᠷ ᠬᠤᠯᠪᠤᠨ ᠬᠠᠮᠳᠤᠷᠠᠯᠴᠠᠬᠤ ᠪᠤᠯ ᠰᠠᠶ᠊ᠢ ᠬᠦᠭ᠍ᠵᠢᠯᠳᠡ ᠶᠢᠨ ᠵᠠᠮ ᠪᠤᠯᠤᠨ᠎ᠠ ᠬᠡᠵᠥ ᠬᠡᠯᠡᠪᠡ᠃

    《ᠪᠢᠳᠡ ᠲᠡᠷᠢᠬᠦᠯᠡᠭᠴᠢ ᠰᠢ ᠶᠢᠨ ᠫᠢᠩ ᠤᠨ ᠲᠤᠷᠠᠳᠤᠭᠰᠠᠠ ᠬᠦᠮᠥᠨ ᠲᠦᠷᠦᠯᠬᠢᠳᠡᠨ ᠤ ᠬᠤᠪᠢ ᠵᠠᠶᠠᠭᠠᠨ ᠤ ᠬᠠᠮᠳᠤ ᠶᠢᠨ ᠴᠤᠭᠴᠠ ᠶᠢ ᠪᠠᠶᠢᠭᠤᠯᠬᠤ ᠪᠠ ᠠᠷᠠᠳ ᠲᠦᠮᠡᠨ ᠳᠤ ᠪᠤᠶᠠᠨ ᠦᠢᠯᠡᠳᠬᠦ ᠪᠠᠷ ᠬᠠᠷᠠᠯᠳᠡ ᠪᠤᠯᠭᠠᠭᠰᠠᠠ ᠤᠢᠢᠯᠠᠭᠠᠬᠳᠠᠬᠤᠨ ᠢ ᠢᠳᠡᠪᠬᠢᠳᠡᠢ ᠴᠤᠤᠷᠢᠶᠠᠳᠤᠨ᠎ᠠ᠂ ᠡᠨᠡᠬᠦ ᠠᠴᠢ ᠬᠤᠯᠪᠤᠭᠳᠠᠯ ᠤᠨ ᠲᠠᠯ᠎ᠠ ᠠᠴᠠ᠂ ᠮᠢᠨᠦ ᠦᠵᠡᠬᠦ ᠪᠠᠷ ᠲᠡᠷᠢᠬᠦᠯᠡᠭᠴᠢ ᠰᠢ ᠶᠢᠨ ᠫᠢᠩ ᠬᠤᠷᠡᠯ ᠳᠤ ᠤᠷᠤᠯᠴᠠᠭᠰᠠᠠ ᠪᠦᠬᠦ ᠲᠦᠷᠦ ᠶᠢᠨ ᠨᠠᠮ ᠤᠨ ᠬᠠᠮᠳᠤ ᠶᠢᠨ ᠦᠷᠳᠡᠭ ᠢ ᠲᠤᠷᠠᠳᠤᠭᠰᠠᠠ ᠪᠠᠶᠢᠨ᠎ᠠ》 ᠬᠡᠵᠥ ᠺᠠᠮᠪᠤᠵᠠ ᠶᠢᠨ ᠠᠷᠠᠳ ᠤᠨ ᠨᠠᠮ ᠤᠨ ᠲᠡᠷᠢᠬᠦᠯᠡᠭᠴᠢ᠂ ᠵᠠᠰᠠᠭ ᠤᠨ ᠤᠷᠳᠤᠨ ᠤ ᠲᠡᠷᠢᠬᠦᠨ ᠰᠠᠶᠢᠳ ᠬᠤᠩᠰᠧᠨ ᠬᠡᠯᠡᠪᠡ᠃

    《ᠬᠦᠮᠥᠨ ᠲᠦᠷᠦᠯᠬᠢᠳᠡᠨ ᠤ ᠬᠤᠪᠢ ᠵᠠᠶᠠᠭᠠᠨ ᠤ ᠬᠠᠮᠳᠤ ᠶᠢᠨ ᠴᠤᠭᠴᠠ ᠶᠢᠨ ᠤᠢᠢᠯᠠᠭᠠᠬᠳᠠᠬᠤᠨ ᠨᠢ ᠪᠢᠳᠡᠡ ᠳᠤ ᠨᠡᠩ ᠤᠯᠠᠨ ᠬᠦᠰᠡᠯ ᠡᠷᠡᠮᠡᠯᠵᠡᠯ ᠢ ᠠᠪᠴᠢᠷᠠᠭᠰᠠᠠ ᠪᠠᠶᠢᠨ᠎ᠠ》᠃ ᠦᠭᠠᠨᠳᠠ ᠶᠢᠨ ᠪᠦᠬᠦ ᠤᠯᠤᠰ ᠤᠨ ᠡᠰᠡᠷᠬᠦᠴᠡᠬᠦ ᠬᠦᠳᠡᠯᠭᠡᠭᠡᠨ ᠤ ᠲᠡᠳ᠋ ᠶᠡᠷᠤᠩᠬᠡᠢ ᠱᠦᠵᠢ ᠲᠤᠳ᠋ᠸᠧᠠᠩ᠄ ᠲᠤᠮᠳᠠᠳᠤ ᠤᠯᠤᠰ ᠤᠨ ᠡᠪ ᠬᠠᠮᠳᠤ ᠨᠠᠮ ᠤᠨ ᠤᠳᠤᠷᠢᠳᠤᠯᠭ᠎ᠠ ᠲᠤᠤᠷ᠎ᠠ᠂ ᠲᠤᠮᠳᠠᠳᠤ ᠤᠯᠤᠰ ᠦᠨᠠᠨ ᠪᠤᠳᠠᠳᠠᠢ ᠠᠵᠢᠯᠯᠠᠭ᠎ᠠ ᠪᠠᠷ ᠢᠶᠠᠨ ᠬᠦᠮᠥᠨ ᠲᠦᠷᠦᠯᠬᠢᠳᠡᠨ ᠤ ᠬᠤᠪᠢ ᠵᠠᠶᠠᠭᠠᠨ ᠤ ᠬᠠᠮᠳᠤ ᠶᠢᠨ ᠴᠤᠭᠴᠠ ᠶᠢ ᠪᠠᠶᠢᠭᠤᠯᠬᠤ ᠶᠢ ᠠᠬᠢᠭᠤᠯᠬᠤ ᠲᠠᠯ᠎ᠠ ᠪᠠᠷ ᠴᠢᠬᠤᠯᠠ ᠬᠦᠳᠦᠯᠥᠨ ᠲᠠᠭᠠᠭᠤᠯᠬᠤ ᠦᠢᠯᠡᠳᠦᠯ ᠦᠵᠡᠬᠦᠯᠵᠥ ᠪᠠᠶᠢᠨ᠎ᠠ ᠬᠡᠵᠥ ᠦᠵᠡᠪᠡ᠃

ᠲᠦᠷᠦ ᠶᠢᠨ ᠨᠠᠮ ᠤᠨ ᠰᠢᠨ᠎ᠡ ᠮᠠᠶ᠊ᠢᠭ ᠤᠨ ᠬᠠᠷᠢᠯᠴᠠᠭ᠎ᠠ ᠶᠢ ᠰᠦᠪᠡᠭ᠍ᠴᠢᠯᠡᠵᠥ ᠬᠦᠮᠥᠨ ᠲᠦᠷᠦᠯᠬᠢᠳᠡᠨ ᠤ ᠬᠤᠪᠢ ᠵᠠᠶᠠᠭᠠᠨ ᠤ ᠬᠠᠮᠳᠤ ᠶᠢᠨ ᠴᠤᠭᠴᠠ ᠶᠢ ᠪᠠᠶᠢᠭᠤᠯᠬᠤ ᠬᠦᠴᠦᠷᠭᠡᠭ᠌ ᠶᠡᠭᠡ ᠬᠦᠴᠦᠨ ᠢ ᠨᠢᠬᠳᠠᠷᠠᠭᠤᠯᠪᠠ

    ᠲᠦᠷᠦ ᠶᠢᠨ ᠨᠠᠮ ᠨᠢ ᠤᠯᠤᠰ ᠤᠨ ᠲᠦᠷᠦ ᠶᠢᠨ ᠪᠤᠳᠤᠯᠭ᠎ᠠ ᠶᠢᠨ ᠡᠬᠢ ᠰᠤᠷᠪᠤᠯᠵᠢ ᠪᠤᠯᠤᠭᠰᠠᠨ ᠤ ᠬᠤᠪᠢ ᠳᠤ᠂ ᠡᠯ᠎ᠠ ᠤᠯᠤᠰ ᠤᠨ ᠳᠤᠳᠤᠭᠠᠳᠦ ᠶᠢᠨ ᠬᠦᠭ᠍ᠵᠢᠯᠲᠠ ᠪᠤᠯᠤᠨ ᠭᠠᠳᠠᠭᠠᠳᠦ ᠶᠠᠪᠤᠯᠴᠠᠭ᠎ᠠ ᠳᠤ ᠴᠢᠬᠤᠯᠠ ᠨᠦᠯᠦᠭᠡ ᠦᠵᠡᠭᠦᠯᠳᠡᠭ ᠶᠤᠮ᠃ ᠰᠢ ᠶᠢᠨ ᠫᠢᠩ ᠶᠠᠷᠢᠶᠠᠨ ᠳᠠᠭᠠᠨ ᠡᠯ᠎ᠠ ᠤᠯᠤᠰ ᠤᠨ ᠲᠦᠷᠦ ᠶᠢᠨ ᠨᠠᠮ ᠢ ᠠᠯᠤᠰ ᠬᠡᠳᠦ ᠶᠢ ᠪᠠᠷᠠᠯᠠᠵᠤ᠂ ᠵᠤᠷᠢᠭᠳᠠᠢ ᠪᠠᠷ ᠡᠭᠦᠷᠭᠡᠯᠡᠯ ᠡᠭᠦᠷᠭᠡᠯᠡᠵᠤ᠂ ᠲᠤᠰ ᠤᠯᠤᠰ ᠪᠤᠯᠤᠨ ᠳᠡᠯᠡᠬᠡᠢ ᠳ᠋ᠠᠬᠢᠨ ᠢ ᠪᠤᠳᠤᠯᠬᠢᠯᠠᠵᠤ᠂ ᠪᠦᠬᠦ ᠲᠠᠯ᠎ᠠ ᠪᠠ ᠠᠯᠤᠰ ᠬᠤᠯᠠ ᠠᠴᠠ ᠪᠤᠳᠤᠯᠬᠢᠯᠠᠵᠤ᠂ ᠴᠠᠭ ᠦᠶ᠎ᠠ ᠶᠢᠨ ᠡᠭᠦᠷᠭᠡ ᠬᠠᠷᠢᠭᠤᠴᠠᠯᠭ᠎ᠠ ᠶᠢ ᠤᠬᠠᠮᠰᠠᠷ ᠠᠴᠠ ᠪᠠᠨ ᠡᠭᠦᠷᠭᠡᠯᠡᠬᠦ ᠬᠡᠷᠡᠭᠲᠠᠢ ᠭᠡᠵᠤ ᠤᠷᠢᠶᠠᠯᠠᠪᠠ᠃

    300 ᠰᠢᠬᠠᠮ ᠲᠦᠷᠦ ᠶᠢᠨ ᠨᠠᠮ ᠪᠤᠯᠤᠨ ᠤᠯᠤᠰ ᠲᠦᠷᠦ ᠶᠢᠨ ᠵᠤᠬᠢᠶᠠᠨ ᠪᠠᠶᠢᠭᠤᠯᠤᠯᠲᠠ ᠶᠢᠨ ᠤᠳᠤᠷᠢᠳᠬᠤ ᠬᠦᠮᠦᠰ ᠳᠡᠯᠡᠬᠡᠢ ᠶᠢᠨ ᠠᠳᠠᠯᠢ ᠪᠤᠰᠤ ᠭᠠᠵᠠᠷ ᠤᠷᠤᠨ ᠠᠴᠠ ᠬᠦᠷᠦᠯᠴᠡᠨ ᠢᠷᠡᠵᠤ᠂ ᠠᠳᠠᠯᠢ ᠪᠤᠰᠤ ᠲᠦᠷᠦ ᠪᠠᠷᠢᠬᠤ ᠤᠢᠢᠯᠠᠭᠠᠭᠳᠠᠬᠤᠨ ᠲᠠᠢ ᠪᠠᠶᠢᠳᠠᠭ ᠴᠤ᠂ ᠡᠨᠡ ᠡᠳᠦᠷ ᠠᠷᠠᠳ ᠤᠨ ᠶᠡᠭᠡ ᠬᠤᠷᠠᠯ ᠤᠨ ᠲᠠᠩᠭᠢᠮ ᠳᠤ ᠬᠤᠷᠠᠨ ᠴᠤᠭᠯᠠᠷᠠᠭᠰᠠᠨ ᠨᠢ ᠲᠠᠷᠤᠢ ᠬᠦᠮᠦᠨ ᠲᠦᠷᠦᠯᠬᠢᠳᠡᠨ ᠤ ᠲᠡᠤᠬᠡᠨ ᠳᠡᠭᠡᠷᠡᠬᠢ ᠨᠢᠭᠡ ᠤᠳᠠᠭᠠᠨ ᠤ ᠰᠢᠨ᠎ᠠ ᠡᠭᠦᠳᠦᠯᠳᠡ ᠪᠤᠯᠤᠨ᠎ᠠ᠃

    《ᠳᠤᠮᠳᠠᠳᠤ ᠤᠯᠤᠰ ᠪᠠᠶᠢᠭᠰᠠᠨ ᠠᠴᠠ ᠮᠠᠨ ᠤ ᠡᠳᠡᠭᠡᠷ ᠲᠦᠷᠦ ᠶᠢᠨ ᠨᠠᠮ ᠤᠨ ᠤᠳᠤᠷᠢᠳᠬᠤ ᠬᠦᠮᠦᠰ ᠰᠠᠶ᠊ᠢ ᠤᠴᠠᠷᠠᠨ ᠵᠤᠯᠭᠠᠵᠤ᠂ ᠤᠯᠠᠨ ᠤ ᠤᠶᠤᠨ ᠤᠬᠠᠭᠠᠨ ᠦᠵᠡᠯ ᠪᠤᠳᠤᠯ ᠢ ᠨᠢᠬᠳᠠᠷᠠᠭᠤᠯᠬᠤ ᠳᠤᠬᠢᠶᠠᠯ ᠢ ᠤᠯᠪᠠ᠂ ᠲᠤᠮᠤ ᠤᠯᠤᠰ ᠤᠨ ᠲᠦᠷᠦ ᠶᠢᠨ ᠨᠠᠮ ᠪᠠᠶᠢᠬᠤ ᠪᠠᠷ ᠪᠠᠷᠠᠬᠤ ᠦᠭᠡᠢ ᠮᠠᠨ ᠤ ᠺᠤᠰᠲ᠋ᠠ ᠷᠢᠺᠠ ᠰᠢᠭ᠌ ᠵᠢᠵᠢᠭ᠌ ᠤᠯᠤᠰ ᠤᠨ ᠲᠦᠷᠦ ᠶᠢᠨ ᠨᠠᠮ ᠴᠦ ᠪᠠᠶᠢᠨ᠎ᠠ》 ᠭᠡᠵᠤ ᠺᠤᠰᠲ᠋ᠠ ᠷᠢᠺᠠ ᠶᠢᠨ ᠢᠷᠭᠡᠳ ᠤᠨ ᠠᠵᠢᠯᠯᠠᠭ᠎ᠠ ᠨᠠᠮ ᠤᠨ ᠶᠡᠷᠦᠩᠬᠡᠢ ᠱᠦᠵᠢ ᠹᠧᠯᠦ᠋ᠸᠧᠯᠸᠢᠢᠰ ᠬᠡᠯᠡᠪᠡ᠃

    ᠤᠯᠠᠨ ᠵᠢᠯ ᠲᠦᠷᠦ ᠪᠠᠷᠢᠭᠰᠠᠨ ᠲᠤᠷᠰᠢᠯᠭ᠎ᠠ ᠲᠠᠢ ᠠᠮᠧᠷᠢᠺᠠ ᠶᠢᠨ ᠪᠦᠭᠦᠳᠡ ᠨᠠᠶᠢᠷᠠᠮᠳᠠᠬᠤ ᠨᠠᠮ ᠤᠨ ᠪᠦᠬᠦ ᠤᠯᠤᠰ ᠤᠨ ᠬᠤᠷᠢᠶ᠎ᠠ ᠶᠢᠨ ᠡᠳ᠋ ᠤᠨ ᠵᠠᠰᠠᠭ ᠤᠨ ᠠᠵᠢᠯᠲᠠᠨ ᠫᠠᠺᠧ ᠬᠤᠷᠠᠯ ᠤᠨ ᠬᠦᠷᠢᠶ᠎ᠠ ᠬᠡᠪᠴᠢᠶ᠎ᠠ ᠶᠢ ᠶᠡᠬᠡᠳᠡ 《ᠭᠠᠶᠢᠬᠠᠵᠤ》᠄ 《ᠪᠢᠳᠡ ᠬᠡᠳᠦ᠋ᠢᠪᠡᠷ ᠠᠳᠠᠯᠢ ᠪᠤᠰᠤ ᠪᠠᠶᠢᠭᠤᠯᠤᠯ ᠢ ᠲᠦᠯᠦᠭᠡᠯᠡᠵᠤ᠂ ᠠᠳᠠᠯᠢ ᠪᠤᠰᠤ ᠶᠢᠷᠳᠢᠨᠴᠤ ᠶᠢᠨ ᠦᠵᠡᠯᠲᠡ ᠲᠠᠢ ᠪᠤᠯᠪᠠᠴᠤ ᠪᠢᠳᠡ ᠠᠳᠠᠯᠢᠬᠠᠨ ᠬᠦᠰᠡᠯ ᠪᠠᠷᠠᠯᠠᠯ ᠲᠠᠢ ᠶᠤᠮ᠂ ᠳᠠᠷᠤᠢ ᠡᠩᠬᠡ ᠲᠠᠶᠢᠪᠤᠩ ᠢᠶᠠᠷ ᠬᠠᠮᠲᠤᠷᠠᠯᠴᠠᠵᠤ ᠴᠡᠴᠡᠭᠯᠡᠨ ᠬᠦᠭ᠍ᠵᠢᠬᠦ ᠤᠯᠠᠨ ᠤᠯᠤᠰ ᠤᠨ ᠤᠷᠴᠢᠨ ᠲᠤᠭᠤᠷᠢᠨ ᠢ ᠪᠠᠶᠢᠭᠤᠯᠤᠨ᠎ᠠ᠃ ᠪᠢᠳᠡ ᠬᠠᠮᠲᠦ ᠶᠢᠨ ᠶᠡᠷᠦᠩᠬᠡᠢ ᠬᠤᠷᠢᠶᠠᠭᠴᠢ ᠲᠤᠭ᠎ᠠ ᠶᠢ ᠡᠷᠢᠯᠬᠢᠯᠡᠵᠤ᠂ ᠬᠠᠮᠲᠤᠷᠠᠯᠴᠠᠭ᠎ᠠ ᠪᠠᠨ ᠴᠢᠩ᠋ᠭᠠᠳᠬᠠᠬᠤ ᠪᠤᠯ ᠴᠤᠷ ᠤᠨ ᠭᠠᠭᠴᠠ ᠠᠷᠭ᠎ᠠ ᠵᠠᠮ ᠪᠤᠯᠤᠨ᠎ᠠ》 ᠭᠡᠵᠤ ᠬᠡᠯᠡᠪᠡ᠃

    ᠡᠧᠽᠢᠤᠫᠢᠶ᠎ᠠ ᠶᠢᠨ ᠬᠤᠪᠢᠰᠬᠠᠯᠲᠦ ᠠᠷᠠᠳᠴᠢᠯᠠᠭᠰᠠᠨ ᠹᠷᠤᠨᠲ ᠤᠨ ᠳᠡᠳ᠋ ᠲᠡᠷᠢᠭᠦᠯᠡᠭᠴᠢ᠂ ᠵᠠᠰᠠᠭ ᠤᠨ ᠤᠷᠳᠤᠨ ᠤ ᠳᠡᠳ᠋ ᠶᠡᠷᠦᠩᠬᠡᠢ ᠰᠠᠶᠢᠳ ᠳ᠋ᠧᠮᠸᠢᠢᠺ᠄ ᠤᠷᠲᠦ ᠬᠤᠭᠤᠴᠠᠭᠠᠨ ᠤ ᠲᠤᠷᠰᠢ᠂ ᠳᠤᠮᠳᠠᠳᠤ ᠤᠯᠤᠰ ᠤᠨ ᠡᠪ ᠬᠠᠮᠲᠦ ᠨᠠᠮ ᠠᠳᠠᠯᠢ ᠲᠠᠯ᠎ᠠ ᠪᠠᠨ ᠡᠷᠢᠵᠥ ᠵᠦᠷᠢᠶ᠎ᠠ ᠪᠠᠨ ᠦᠯᠡᠳᠡᠬᠡᠵᠥ᠂ ᠬᠠᠷᠢᠯᠴᠠᠨ ᠬᠦᠨᠳᠦᠳᠭᠡᠭ᠍ᠰᠡᠨ ᠰᠠᠭᠤᠷᠢᠨ ᠳᠡᠭᠡᠷ᠎ᠠ ᠠᠹᠷᠢᠺᠠ ᠲᠢᠪ ᠤᠨ ᠡᠯ᠎ᠠ ᠤᠯᠤᠰ ᠤᠨ ᠲᠦᠷᠦ ᠶᠢᠨ ᠨᠠᠮ ᠲᠠᠢ ᠬᠦᠭ᠍ᠵᠢᠯᠲᠠ ᠶᠢᠨ ᠲᠤᠷᠰᠢᠯᠭ᠎ᠠ ᠪᠠᠨ ᠬᠤᠪᠢᠶᠠᠯᠴᠠᠵᠤ᠂ ᠳᠤᠮᠳᠠᠳᠤ ᠠᠹᠷᠢᠺᠠ ᠶᠢᠨ ᠬᠤᠪᠢ ᠵᠠᠶᠠᠭᠠᠨ ᠤ ᠬᠠᠮᠲᠦ ᠶᠢᠨ ᠴᠤᠭᠴᠠ ᠶᠢ ᠪᠠᠶᠢᠭᠤᠯᠬᠤ ᠳᠤ ᠪᠠᠳᠤ ᠪᠠᠬᠢ ᠰᠠᠭᠤᠷᠢ ᠲᠠᠯᠪᠢᠵᠤ ᠦᠭᠴᠠᠢ ᠬᠡᠵᠥ ᠬᠡᠯᠡᠪᠡ᠃

    《ᠳᠤᠮᠳᠠᠳᠤ ᠤᠯᠤᠰ ᠤᠨ ᠡᠪ ᠬᠠᠮᠲᠦ ᠨᠠᠮ ᠪᠢᠳᠡᠨ ᠲᠠᠢ ᠡᠷᠬᠡ ᠲᠡᠭᠰᠢ ᠬᠠᠮᠲᠤᠷᠠᠯᠴᠠᠭᠠᠨ ᠤ ᠬᠠᠷᠢᠯᠴᠠᠭ᠎ᠠ ᠪᠠᠶᠢᠭᠤᠯᠬᠤ ᠶᠢ ᠵᠤᠷᠢᠵᠤ ᠪᠠᠶᠢᠨ᠎ᠠ᠂ ᠡᠨᠡ ᠪᠤᠯ ᠪᠢᠳᠡᠨ ᠤ ᠬᠠᠮᠲᠤᠷᠠᠯᠴᠠᠭ᠎ᠠ ᠬᠢᠬᠦ ᠰᠠᠭᠤᠷᠢ ᠪᠤᠯᠤᠨ᠎ᠠ》 ᠭᠡᠵᠤ ᠵᠢᠪᠦᠲ᠋ᠢ ᠶᠢᠨ ᠠᠷᠠᠳ ᠲᠦᠮᠡᠨ ᠤ ᠳᠠᠪᠰᠢᠯᠲᠠ ᠶᠢ ᠲᠡᠮᠡᠴᠡᠨ ᠤᠯᠬᠤ ᠬᠤᠯᠪᠤᠭ᠎ᠠ ᠶᠢᠨ ᠶᠡᠷᠦᠩᠬᠡᠢ ᠱᠦᠵᠢ ᠳ᠋ᠠᠸᠠᠯᠠᠢ ᠬᠡᠯᠡᠪᠡ᠃

ᠶᠡᠭᠡ ᠨᠠᠮ ᠶᠡᠭᠡ ᠤᠯᠤᠰ ᠤᠨ ᠡᠭᠦᠷᠭᠡᠯᠡᠯ ᠢ ᠡᠭᠦᠷᠭᠡᠯᠡᠵᠤ ᠬᠦᠮᠦᠨ ᠲᠦᠷᠦᠯᠬᠢᠳᠡᠨ ᠤ ᠳᠠᠪᠰᠢᠯᠲᠠ ᠶᠢᠨ ᠦᠢᠯᠡᠰ ᠤᠨ ᠲᠦᠯᠦᠭᠡ ᠴᠦᠬᠦᠷᠡᠰᠢ ᠦᠭᠡᠢ ᠲᠡᠮᠡᠴᠡᠨ᠎ᠠ

    ᠶᠡᠭᠡ ᠪᠤᠯ ᠶᠡᠭᠡ ᠶᠢᠨ ᠶᠠᠩᠵᠤ ᠲᠠᠢ ᠪᠠᠶᠢᠬᠤ ᠭᠡᠷᠡᠭᠳᠠᠢ! ᠲᠡᠯᠡᠬᠡᠢ ᠶᠢᠨ ᠬᠠᠮᠤᠬ ᠤᠨ ᠲᠤᠮᠤ ᠨᠠᠮ ᠪᠤᠯᠤᠬᠰᠠᠨ ᠤ ᠬᠤᠪᠢ ᠳᠤ᠂ ᠳᠤᠮᠳᠠᠳᠤ ᠤᠯᠤᠰ ᠤᠨ ᠡᠪ ᠬᠠᠮᠳᠤ ᠨᠠᠮ ᠤᠬᠠᠮᠰᠠᠷ ᠠᠴᠠ ᠪᠠᠨ ᠬᠦᠮᠤᠨ ᠲᠦᠷᠤᠯᠬᠢᠳᠠᠨ ᠤ ᠲᠠᠪᠰᠢᠯᠳᠠ ᠶᠢᠨ ᠤᠢᠢᠯᠡᠰ ᠤᠨ ᠠᠭᠤᠤ ᠶᠡᠭᠡ ᠡᠬᠦᠷᠬᠡ ᠶᠢ ᠡᠬᠦᠷᠬᠡᠯᠠᠪᠠ᠃ ᠨᠢᠬᠡ ᠰᠠᠷ᠎ᠠ ᠭᠠᠷᠤᠢ ᠶᠢᠨ ᠡᠮᠤᠨ᠎ᠠ ᠲᠡᠬᠦᠰᠦᠭᠰᠡᠨ ᠳᠤᠮᠳᠠᠳᠤ ᠤᠯᠤᠰ ᠤᠨ ᠡᠪ ᠬᠠᠮᠳᠤ ᠨᠠᠮ ᠤᠨ ᠠᠷᠪᠠ ᠶᠢᠰᠤᠳᠤᠭᠡᠷ ᠶᠡᠭᠡ ᠬᠤᠷᠠᠯ ᠠᠴᠠ ᠰᠢ ᠶᠢᠨ ᠫᠢᠩ ᠤᠨ ᠰᠢᠨ᠎ᠠ ᠴᠠᠬ ᠦᠶ᠎ᠠ ᠶᠢᠨ ᠳᠤᠮᠳᠠᠳᠤ ᠤᠯᠤᠰ ᠤᠨ ᠤᠨᠴᠠᠯᠢᠬ ᠲᠠᠢ ᠨᠡᠶᠢᠬᠡᠮ ᠵᠢᠷᠤᠮ ᠤᠨ ᠦᠵᠡᠯ ᠰᠠᠨᠠᠭᠠᠨ ᠤ ᠪᠠᠶᠢᠷᠢ ᠰᠠᠭᠤᠷᠢ ᠶᠢ ᠲᠤᠭᠳᠠᠭᠠᠵᠤ᠂ ᠰᠢᠨ᠎ᠠ ᠴᠠᠬ ᠦᠶ᠎ᠠ ᠶᠢᠨ ᠳᠤᠮᠳᠠᠳᠤ ᠤᠯᠤᠰ ᠤᠨ ᠤᠨᠴᠠᠯᠢᠬ ᠲᠠᠢ ᠨᠡᠶᠢᠬᠡᠮ ᠵᠢᠷᠤᠮ ᠤᠨ ᠠᠵᠢᠯᠯᠠᠭᠠᠨ ᠤ ᠬᠦᠳᠤᠯᠪᠤᠷᠢ ᠪᠤᠯᠤᠨ ᠬᠦᠭ᠍ᠵᠢᠯᠳᠠ ᠶᠢᠨ ᠵᠢᠷᠤᠬ ᠲᠦᠯᠤᠪᠯᠡᠭᠡ ᠶᠢ ᠲᠤᠭᠳᠠᠭᠠᠪᠠ᠃ ᠬᠤᠷᠠᠯ ᠳᠤ ᠤᠷᠤᠯᠴᠠᠬᠰᠠᠨ ᠡᠯ᠎ᠠ ᠤᠯᠤᠰ ᠤᠨ ᠲᠦᠷᠤ ᠶᠢᠨ ᠨᠠᠮ ᠤᠨ ᠤᠳᠤᠷᠢᠳᠬᠤ ᠬᠦᠮᠤᠰ ᠰᠢᠨ᠎ᠠ ᠴᠠᠬ ᠦᠶ᠎ᠠ ᠶᠢᠨ ᠳᠤᠮᠳᠠᠳᠤ ᠤᠯᠤᠰ ᠤᠨ ᠲᠡᠯᠡᠬᠡᠢ ᠶᠢᠨ ᠲᠦᠷᠢ ᠳᠤ ᠦᠨᠳᠤᠷ ᠬᠦᠰᠡᠯ ᠨᠠᠶᠢᠳᠠᠯᠭ᠎ᠠ ᠲᠠᠯᠪᠢᠬᠰᠠᠨ ᠪᠠᠶᠢᠨ᠎ᠠ᠃

    《ᠳᠤᠮᠳᠠᠳᠤ ᠤᠯᠤᠰ ᠤᠨ ᠡᠪ ᠬᠠᠮᠳᠤ ᠨᠠᠮ ᠪᠤᠯ ᠡᠩᠬᠡ ᠲᠠᠶᠢᠪᠤᠩ ᠢ ᠬᠦᠬᠡᠬᠡᠴᠡᠯᠳᠤᠬᠦ ᠲᠦᠷᠤ ᠶᠢᠨ ᠨᠠᠮ᠂ ᠳᠤᠮᠳᠠᠳᠤ ᠤᠯᠤᠰ ᠤᠨ ᠲᠦᠯᠤᠬᠡ ᠭᠡᠰᠡᠨ ᠦᠬᠡᠢ᠂ ᠨᠡᠩ ᠴᠤ ᠲᠡᠯᠡᠬᠡᠢ ᠶᠢᠨ ᠡᠩᠬᠡ ᠲᠠᠶᠢᠪᠤᠩ ᠲᠤᠭᠳᠠᠭᠤᠨ ᠤ ᠲᠦᠯᠤᠬᠡ ᠲᠡᠮᠡᠴᠡᠳᠡᠭ ᠨᠠᠮ ᠶᠤᠮ》᠃ ᠴᠧᠺ ᠪᠤᠯᠤᠨ ᠮᠤᠷᠠᠸᠢᠶ᠎ᠠ ᠶᠢᠨ ᠡᠪ ᠬᠠᠮᠳᠤ ᠨᠠᠮ ᠤᠨ ᠲᠡᠷᠢᠬᠦᠯᠡᠭᠴᠢ᠂ ᠲᠤᠤᠷᠠᠳᠤ ᠵᠦᠪᠯᠡᠯᠭᠡᠨ ᠤ ᠲᠡᠳ᠋ ᠲᠠᠷᠤᠭ᠎ᠠ ᠹᠢᠯᠢᠫᠦ᠋᠄ ᠭᠠᠳᠠᠭᠠᠳᠤ ᠬᠠᠷᠢᠯᠴᠠᠭᠠᠨ ᠤ ᠠᠷᠭ᠎ᠠ ᠵᠠᠮ ᠨᠢ ᠵᠡᠪᠰᠡᠭ ᠬᠦᠳᠡᠯᠬᠡᠬᠦ ᠠᠴᠠ ᠠᠰᠠᠭᠤᠳᠠᠯ ᠢ ᠨᠡᠩ ᠬᠢᠯᠪᠠᠷ ᠰᠢᠢᠳᠪᠤᠷᠢᠯᠠᠵᠤ ᠲᠡᠶᠢᠯᠬᠦ ᠳᠤᠮᠳᠠᠳᠤ ᠤᠯᠤᠰ ᠤᠨ ᠠᠷᠭ᠎ᠠ ᠬᠢᠳᠡᠯ ᠢ ᠲᠡᠯᠡᠬᠡᠢ ᠳ᠋ᠠᠬᠢᠨ ᠢᠶᠠᠷ ᠢᠶᠠᠨ ᠤᠯᠵᠤ ᠬᠠᠷᠠᠪᠠ ᠬᠡᠵᠤ ᠬᠡᠯᠡᠵᠠᠢ᠃

    ᠢᠷᠡᠬᠡᠳᠤᠢ ᠶᠢᠨ 5 ᠵᠢᠯ ᠳᠤ᠂ ᠳᠤᠮᠳᠠᠳᠤ ᠤᠯᠤᠰ ᠤᠨ ᠡᠪ ᠬᠠᠮᠳᠤ ᠨᠠᠮ ᠲᠡᠯᠡᠬᠡᠢ ᠳ᠋ᠡᠬᠢᠨ ᠤ ᠡᠯ᠎ᠠ ᠤᠯᠤᠰ ᠤᠨ ᠲᠦᠷᠤ ᠶᠢᠨ ᠨᠠᠮ ᠳᠤ 1.5 ᠲᠦᠮᠡ ᠭᠠᠷᠤᠢ ᠠᠵᠢᠯᠳᠠᠨ ᠳᠤᠮᠳᠠᠳᠤ ᠤᠯᠤᠰ ᠲᠤ ᠢᠷᠡᠵᠤ ᠰᠤᠯᠢᠯᠴᠠᠭ᠎ᠠ ᠬᠢᠬᠦ ᠠᠵᠠ ᠲᠤᠬᠢᠶᠠᠯ ᠬᠠᠩ᠋ᠭᠠᠨ᠎ᠠ︔ ᠳᠤᠮᠳᠠᠳᠤ ᠤᠯᠤᠰ ᠤᠨ ᠡᠪ ᠬᠠᠮᠳᠤ ᠨᠠᠮ ᠪᠤᠯᠤᠨ ᠲᠡᠯᠡᠬᠡᠢ ᠶᠢᠨ ᠲᠦᠷᠤ ᠶᠢᠨ ᠨᠠᠮ ᠯᠤᠭ᠎ᠠ ᠶᠢᠨ ᠲᠡᠭᠡᠳᠤ ᠲᠡᠰ ᠤᠨ ᠶᠠᠷᠢᠯᠴᠠᠭ᠎ᠠ ᠶᠢᠨ ᠬᠤᠷᠠᠯ ᠢ ᠲᠤᠭᠳᠠᠴᠠ ᠪᠤᠯᠭᠠᠬᠤ ᠪᠠᠷ ᠰᠠᠨᠠᠭᠠᠴᠢᠯᠠᠵᠤ᠂ ᠲᠡᠬᠦᠨ ᠢ ᠦᠷᠬᠡᠨ ᠲᠡᠯᠬᠡᠷ ᠲᠦᠯᠤᠬᠡᠯᠡᠬᠦ ᠴᠢᠨᠠᠷᠳᠠᠢ ᠪᠠ ᠲᠡᠯᠡᠬᠡᠢ ᠳᠤ ᠨᠦᠯᠤᠬᠡ ᠲᠠᠢ ᠲᠡᠭᠡᠳᠤ ᠲᠡᠰ ᠤᠨ ᠤᠯᠤᠰ ᠲᠦᠷᠤ ᠶᠢᠨ ᠶᠠᠷᠢᠯᠴᠠᠭ᠎ᠠ ᠶᠢᠨ ᠲᠠᠪᠴᠠᠩ ᠪᠤᠯᠭᠠᠨ᠎ᠠ ᠁ ᠠᠯᠢ ᠤᠯᠠᠨ ᠪᠤᠳᠠᠳᠠᠢ ᠶᠢ ᠡᠷᠬᠢᠮᠯᠡᠬᠦ ᠠᠷᠭ᠎ᠠ ᠬᠡᠮᠵᠢᠶ᠎ᠠ ᠨᠢ ᠳᠤᠮᠳᠠᠳᠤ ᠤᠯᠤᠰ ᠤᠨ ᠡᠪ ᠬᠠᠮᠳᠤ ᠨᠠᠮ ᠤᠨ ᠴᠢᠩ ᠦᠨᠡᠨᠴᠢ ᠰᠡᠳᠬᠢᠯ ᠪᠤᠯᠤᠨ ᠡᠬᠦᠷᠬᠡᠯᠠᠯ ᠢ ᠬᠠᠷᠠᠭᠤᠯᠪᠠ᠃

    《ᠪᠢᠳᠠ ᠲᠡᠯᠡᠬᠡᠢ ᠶᠢᠨ ᠡᠯ᠎ᠠ ᠤᠯᠤᠰ ᠤᠨ ᠲᠦᠷᠤ ᠶᠢᠨ ᠨᠠᠮ ᠲᠠᠢ ᠤᠯᠠᠨ ᠲᠠᠯ᠎ᠠ ᠶᠢᠨ ᠪᠤᠷᠤ ᠲᠦᠯᠦᠪ ᠳᠤᠳᠤᠷ᠎ᠠ ᠴᠢᠯᠤᠬᠡᠳᠡᠢ ᠪᠠᠷ ᠶᠠᠷᠢᠯᠴᠠᠭ᠎ᠠ ᠬᠢᠵᠤ᠂ ᠪᠤᠰᠤᠳ ᠡᠯ᠎ᠠ ᠲᠠᠯ᠎ᠠ ᠶᠢᠨ ᠤᠢᠢᠯᠠᠭᠠᠭᠳᠠᠬᠤᠨ ᠢ ᠬᠦᠢᠴᠡᠳ ᠤᠢᠢᠯᠠᠭᠠᠬᠤ ᠶᠢ ᠮᠠᠰᠢ ᠵᠦᠪᠰᠢᠶᠡᠷᠡᠵᠤ ᠪᠠᠶᠢᠨ᠎ᠠ》᠃ ᠹᠢᠯᠢᠫᠦ᠋᠄ ᠳᠤᠮᠳᠠᠳᠤ ᠤᠯᠤᠰ ᠤᠨ ᠡᠪ ᠬᠠᠮᠳᠤ ᠨᠠᠮ ᠪᠤᠯᠤᠨ ᠲᠡᠯᠡᠬᠡᠢ ᠶᠢᠨ ᠲᠦᠷᠤ ᠶᠢᠨ ᠨᠠᠮ ᠯᠤᠭ᠎ᠠ ᠶᠢᠨ ᠲᠡᠭᠡᠳᠤ ᠲᠡᠰ ᠤᠨ ᠶᠠᠷᠢᠯᠴᠠᠭ᠎ᠠ ᠶᠢᠨ ᠬᠤᠷᠠᠯ ᠨᠢ ᠲᠡᠯᠡᠬᠡᠢ ᠶᠢᠨ ᠠᠳᠠᠯᠢ ᠪᠤᠰᠤ ᠲᠦᠷᠤ ᠶᠢᠨ ᠨᠠᠮ ᠤᠨ ᠨᠡᠪᠳᠡᠷᠡᠯᠴᠡᠭᠡ᠂ ᠰᠤᠯᠢᠯᠴᠠᠭ᠎ᠠ ᠪᠤᠯᠤᠨ ᠬᠠᠮᠳᠤᠷᠠᠯᠴᠠᠭ᠎ᠠ ᠪᠠᠨ ᠴᠢᠩᠭ᠋ᠠᠳᠬᠠᠬᠤ ᠳᠤ ᠴᠢᠬᠤᠯᠠ ᠲᠠᠪᠴᠠᠩ ᠬᠠᠩᠭ᠋ᠠᠬᠰᠠᠨ ᠪᠠᠶᠢᠨ᠎ᠠ ᠬᠡᠵᠤ ᠬᠡᠯᠡᠪᠡ᠃

    ᠠᠭᠤᠤ ᠶᠡᠭᠡ ᠬᠦᠰᠡᠯ ᠵᠡᠬᠦᠳᠤ ᠶᠢ ᠪᠡᠶᠡᠯᠡᠬᠦᠯᠬᠦ ᠳᠤ ᠡᠯ᠎ᠠ ᠲᠠᠯ᠎ᠠ ᠶᠢᠨ ᠤᠶᠤᠨ ᠤᠬᠠᠭᠠᠨ ᠪᠤᠯᠤᠨ ᠬᠦᠴᠤᠨ ᠴᠢᠳᠠᠯ ᠴᠢᠬᠤᠯᠠᠳᠠᠢ ᠶᠤᠮ᠃ ᠪᠡᠬᠡᠵᠢᠩ ᠠᠴᠠ ᠮᠤᠷᠳᠠᠵᠤ᠂ ᠳᠤᠮᠳᠠᠳᠤ ᠤᠯᠤᠰ ᠤᠨ ᠡᠪ ᠬᠠᠮᠳᠤ ᠨᠠᠮ ᠦᠷᠬᠦᠯᠵᠢᠯᠠᠨ ᠨᠡᠬᠡᠬᠡᠯᠳᠡᠳᠡᠢ ᠬᠠᠷᠠᠴᠠ᠂ ᠠᠭᠤᠲᠠᠮᠴᠢ ᠪᠤᠳᠤᠯ ᠢᠶᠠᠷ ᠲᠡᠯᠡᠬᠡᠢ ᠶᠢᠨ ᠡᠯ᠎ᠠ ᠤᠯᠤᠰ ᠤᠨ ᠲᠦᠷᠤ ᠶᠢᠨ ᠨᠠᠮ ᠯᠤᠭ᠎ᠠ ᠶᠠᠪᠤᠯᠴᠠᠭ᠎ᠠ ᠪᠠᠨ ᠴᠢᠩ᠋ᠭᠠᠳᠬᠠᠵᠤ᠂ ᠰᠤᠯᠢᠯᠴᠠᠭ᠎ᠠ ᠬᠢᠵᠤ ᠬᠠᠷᠢᠯᠴᠠᠨ ᠲᠤᠯᠢᠳᠠᠵᠤ᠂ ᠲᠡᠯᠡᠬᠡᠢ ᠶᠢᠨ ᠡᠯ᠎ᠠ ᠤᠯᠤᠰ ᠤᠨ ᠠᠷᠠᠳ ᠲᠦᠮᠡᠨ ᠲᠠᠢ ᠭᠠᠷ ᠬᠤᠯᠪᠤᠨ ᠤᠷᠤᠬᠰᠢᠯᠠᠵᠤ᠂ ᠨᠡᠩ ᠦᠵᠡᠰᠬᠦᠯᠡᠩᠳᠤ ᠰᠠᠶᠢᠬᠠᠨ ᠲᠡᠯᠡᠬᠡᠢ ᠶᠢᠷᠳᠢᠨᠴᠤ ᠶᠢ ᠪᠦᠳᠤᠬᠡᠨ ᠪᠠᠶᠢᠭᠤᠯᠬᠤ ᠪᠤᠯᠤᠨ᠎ᠠ᠃

ᠢᠷᠡᠯᠳᠡ᠄ ᠥᠪᠦᠷ ᠮᠣᠩ᠋ᠭᠤᠯ ᠤᠨ ᠡᠳᠦᠷ ᠤᠨ ᠰᠣᠨᠢᠨ ᠪᠡᠯᠡᠳᠭᠡᠭ᠍ᠰᠡᠨ ᠨᠢ᠄ ᠰᠤᠷᠤᠶ᠎ᠠ

ᠰᠣᠶᠤᠯ ᠤᠷᠠᠯᠢᠭ

  • ᠶᠤᠸᠠᠨ ᠤ ᠲᠡᠭᠡᠲᠤ ᠨᠡᠶᠢᠰᠯᠡᠯ ᠳᠤ ᠪᠤᠯᠤᠭᠰᠠᠨ ᠴᠠᠭᠠᠨ ᠢᠳᠡᠭᠡᠨ ᠤ ᠰᠤᠶᠤᠯ ᠤᠨ ᠨᠠᠶᠢᠷ
  • 26 ᠳ᠋ᠤᠭᠠᠷ ᠬᠤᠭᠤᠴᠠᠭᠠᠨ ᠤ ᠠᠯᠳᠠᠨ ᠳᠠᠬᠢᠶ᠎ᠠ ᠴᠡᠴᠡᠬᠡᠰ ᠺᠢᠨᠣ᠋ ᠶᠢᠨ ᠨᠠᠶᠢᠷ ᠬᠦᠬᠡᠬᠤᠳᠠ ᠳᠤ ᠨᠡᠬᠡᠬᠡᠯᠳᠡ ᠪᠡᠨ ᠬᠢᠪᠡ
  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
关闭
010070230030000000000000011120701122054297