ᠰᠢ ᠶᠢᠨ ᠫᠢᠩ ᠠᠷᠪᠠᠨ ᠨᠢᠭᠡᠨ ᠤᠯᠤᠰ ᠤᠨ ᠰᠢᠨ᠎ᠠ ᠪᠠᠷ ᠲᠤᠰᠢᠶᠠᠯ ᠳᠤ ᠭᠠᠷᠤᠭᠰᠠᠨ ᠳᠤᠮᠳᠠᠳᠤ ᠤᠯᠤᠰ ᠲᠤ ᠰᠠᠭᠤᠬᠤ ᠡᠯᠴᠢᠨ ᠰᠠᠶᠢᠳ ᠤᠨ ᠳᠡᠪᠰᠢᠭᠦᠯᠦᠭᠰᠡᠨ ᠲᠦᠷᠦ ᠶᠢᠨ ᠪᠢᠴᠢᠭ᠌ ᠢ ᠬᠦᠯᠢᠶᠠᠨ ᠠᠪᠴᠠᠢ 2017-12-06 17:12

    ᠰᠢᠨᠬᠤᠧᠠ ᠬᠤᠷᠢᠶ᠎ᠠ   ᠪᠡᠭᠡᠵᠢᠩ ᠤᠨ 12 ᠰᠠᠷ᠎ᠠ ᠶᠢᠨ 6 ᠤ ᠴᠠᠬᠢᠯᠭᠠᠨ ᠮᠡᠳᠡᠭᠡ   ᠤᠯᠤᠰ ᠤᠨ ᠲᠡᠷᠢᠭᠦᠯᠡᠭᠴᠢ ᠰᠢ ᠶᠢᠨ ᠫᠢᠩ 5 ᠤ ᠦᠳᠡ ᠶᠢᠨ ᠡᠮᠦᠨ᠎ᠠ ᠠᠷᠠᠳ ᠤᠨ ᠶᠡᠭᠡ ᠬᠤᠷᠡᠯ ᠤᠨ ᠲᠠᠩᠭᠢᠮ ᠳᠤ 11 ᠤᠯᠤᠰ ᠤᠨ ᠰᠢᠨ᠎ᠠ ᠪᠠᠷ ᠲᠤᠰᠢᠶᠠᠯ ᠳ᠋ᠤ ᠭᠠᠷᠤᠭᠰᠠᠨ ᠳᠤᠮᠳᠠᠳᠤ ᠤᠯᠤᠰ ᠲᠤ ᠰᠠᠭᠤᠬᠤ ᠡᠯᠴᠢᠨ ᠰᠠᠶᠢᠳ ᠤᠨ ᠳᠡᠪᠰᠢᠭᠦᠯᠦᠭᠰᠡᠨ ᠲᠦᠷᠦ ᠶᠢᠨ ᠪᠢᠴᠢᠭ᠌ ᠢ ᠬᠦᠯᠢᠶᠡᠨ ᠠᠪᠴᠠᠢ᠃         

    ᠡᠪᠦᠯ ᠤᠨ ᠤᠯᠠᠷᠢᠯ ᠤᠨ ᠨᠠᠷᠠᠨ ᠤ ᠭᠡᠷᠡᠯ ᠳᠤᠤᠷᠠᠬᠢ ᠪᠡᠭᠡᠵᠢᠩ ᠤᠨ ᠠᠭᠠᠷ ᠲᠡᠭᠷᠢ ᠠᠷᠴᠢᠭᠰᠠᠠ ᠲᠤᠯᠢ ᠮᠡᠲᠦ ᠲᠤᠩᠭ᠋ᠠᠯᠠᠭ᠃ ᠠᠷᠠᠳ ᠤᠨ ᠶᠡᠭᠡ ᠬᠤᠷᠠᠯ ᠤᠨ ᠲᠠᠩᠭᠢᠮ ᠤᠨ ᠬᠤᠶᠢᠳᠤ ᠡᠭᠦᠳᠡ ᠶᠢᠨ ᠭᠠᠳᠠᠨ᠎ᠠ᠂ ᠶᠤᠰᠤᠯᠠᠯ ᠤᠨ ᠴᠡᠷᠢᠭ ᠤᠯᠠᠭᠠᠨ ᠬᠡᠪᠢᠰ ᠤᠨ ᠬᠤᠶᠠᠷ ᠲᠠᠯ᠎ᠠ ᠪᠠᠷ ᠮᠦᠷᠯᠡᠨ ᠵᠢᠬᠰᠠᠪᠠ᠃ ᠪᠦᠷᠢᠶᠡᠴᠢᠨ ᠵᠤᠴᠢᠨ ᠤᠭᠳᠤᠬᠤ ᠪᠦᠷᠢᠶ᠎ᠠ ᠦᠯᠢᠶᠡᠵᠤ᠂ ᠰᠢᠨ᠎ᠠ ᠪᠠᠷ ᠲᠤᠰᠢᠶᠠᠯ ᠳᠤ ᠭᠠᠷᠤᠭᠰᠠᠨ ᠡᠯᠴᠢᠨ ᠰᠠᠶᠢᠳ ᠨᠠᠷ ᠤᠷᠢᠳ ᠬᠤᠵᠢᠳ ᠬᠦᠷᠦᠯᠴᠡᠨ ᠢᠷᠡᠵᠤ᠂ ᠢᠨᠳᠡᠷ ᠦᠭᠰᠦᠨ ᠪᠡᠭᠡᠵᠢᠩ ᠲᠢᠩᠭᠢᠮ ᠳᠤ ᠤᠷᠤᠵᠠᠢ᠃《ᠪᠡᠭᠡᠵᠢᠩ ᠤᠨ ᠲᠦᠢᠮᠤ ᠵᠢᠷᠤᠭ》 ᠋  ᠋ ᠤᠨ ᠡᠮᠦᠨ᠎ᠠ᠂ ᠡᠯᠴᠢᠨ ᠰᠠᠶᠢᠳ ᠨᠠᠷ ᠬᠤᠶᠢᠨ᠎ᠠ ᠬᠤᠶᠢᠨ᠎ᠠ ᠠᠴᠠ ᠪᠠᠨ ᠵᠠᠯᠭᠠᠨ ᠰᠢ ᠶᠢᠨ ᠫᠢᠩ ᠳᠤ ᠲᠦᠷᠦ ᠶᠢᠨ ᠪᠢᠴᠢᠭ᠌ ᠢᠶᠠᠨ ᠳᠡᠪᠰᠢᠭᠦᠯᠵᠤ᠂ ᠰᠢ ᠶᠢᠨ ᠫᠢᠩ ᠲᠡᠳᠡᠨ ᠲᠠᠢ ᠳᠤᠳᠤᠨᠤ ᠪᠠᠷ ᠭᠠᠷ ᠠᠳᠬᠤᠵᠤ᠂ ᠰᠡᠭᠦᠳᠡᠷ ᠳᠠᠳᠠᠭᠤᠯᠵᠤ ᠳᠤᠷᠠᠰᠬᠠᠯ ᠦᠯᠡᠳᠡᠭᠡᠪᠡ᠃ ᠡᠳᠡᠭᠡᠷ11 ᠰᠢᠨ᠎ᠠ ᠪᠠᠷ ᠲᠤᠰᠢᠶᠠᠯ ᠳᠤ ᠭᠠᠷᠤᠭᠰᠠᠨ ᠳᠤᠮᠳᠠᠳᠤ ᠤᠯᠤᠰ ᠲᠤ ᠰᠠᠭᠤᠬᠤ ᠡᠯᠴᠢᠨ ᠰᠠᠶᠢᠳ ᠪᠤᠯ᠄ ᠨᠤᠷᠸᠠᠢ ᠶᠢᠨ ᠳᠤᠮᠳᠠᠳᠤ ᠤᠯᠤᠰ ᠲᠤ ᠰᠠᠭᠤᠬᠤ ᠡᠯᠴᠢᠨ ᠰᠠᠶᠢᠳ ᠫᠸᠢᠢᠺᠠᠶᠢᠷᠦ᠋᠂ ᠺᠤᠷᠢᠶᠠ ᠶᠢᠨ ᠳᠤᠮᠳᠠᠳᠤ ᠤᠯᠤᠰ ᠲᠤ ᠰᠠᠭᠤᠬᠤ ᠡᠯᠴᠢᠨ ᠰᠠᠶᠢᠳ ᠯᠦ ᠶᠢᠩ ᠮᠢᠨ᠂ ᠠᠷᠠᠪ ᠤᠨ ᠬᠤᠯᠪᠤᠭᠠᠲᠦ ᠠᠬᠠᠮᠠᠳᠳᠤ ᠤᠯᠤᠰ ᠤᠨ ᠳᠤᠮᠳᠠᠳᠤ ᠤᠯᠤᠰ ᠲᠤ ᠰᠠᠭᠤᠬᠤ ᠡᠯᠴᠢᠨ ᠰᠠᠶᠢᠳ ᠵᠠᠰᠢᠯᠢ᠂ ᠷᠤᠮᠠᠨᠢᠶ᠎ᠠ ᠶᠢᠨ ᠳᠤᠮᠳᠠᠳᠤ ᠤᠯᠤᠰ ᠲᠤ ᠰᠠᠭᠤᠬᠤ ᠡᠯᠴᠢᠨ ᠰᠠᠶᠢᠳ ᠺᠠᠩᠰᠲ᠋ᠠᠨᠳᠢᠩᠨᠸᠢᠢᠰᠺᠦ᠋᠂ ᠭᠠᠮᠪᠢᠶ᠎ᠠ ᠶᠢᠨ ᠳᠤᠮᠳᠠᠳᠤ ᠤᠯᠤᠰ ᠲᠤ ᠰᠠᠭᠤᠬᠤ ᠡᠯᠴᠢᠨ ᠰᠠᠶᠢᠳ ᠰᠢᠰᠠᠢ᠂ ᠡᠧᠽᠢᠤᠫᠢᠶ᠎ᠠ ᠶᠢᠨ ᠳᠤᠮᠳᠠᠳᠤ ᠤᠯᠤᠰ ᠲᠤ ᠰᠠᠭᠤᠬᠤ ᠡᠯᠴᠢᠨ ᠰᠠᠶᠢᠳ ᠪᠦᠸᠧᠬᠠᠨ᠋ᠸᠢ᠂ ᠢᠰᠫᠠᠨᠢ ᠶᠢᠨ ᠳᠤᠮᠳᠠᠳᠤ ᠤᠯᠤᠰ ᠲᠤ ᠰᠠᠭᠤᠬᠤ ᠡᠯᠴᠢᠨ ᠰᠠᠶᠢᠳ ᠺᠠᠨ᠋ᠸᠢᠢᠯᠦ᠋ᠸᠧ᠂ ᠯᠧᠪᠠᠨᠤᠨ ᠤ ᠳᠤᠮᠳᠠᠳᠤ ᠤᠯᠤᠰ ᠲᠤ ᠰᠠᠭᠤᠬᠤ ᠡᠯᠴᠢᠨ ᠰᠠᠶᠢᠳ ᠵᠢᠶᠠᠪᠦ᠋ᠷ᠂ ᠡᠨᠡᠳᠭᠡᠭ ᠤᠨ ᠳᠤᠮᠳᠠᠳᠤ ᠤᠯᠤᠰ ᠲᠤ ᠰᠠᠭᠤᠬᠤ ᠡᠯᠴᠢᠨ ᠰᠠᠶᠢᠳ ᠪᠠᠨᠬᠤᠤᠷᠠᠨ᠂ ᠲᠦᠷᠺ ᠤᠨ ᠳᠤᠮᠳᠠᠳᠤ ᠤᠯᠤᠰ ᠲᠤ ᠰᠠᠭᠤᠬᠤ ᠡᠯᠴᠢᠨ ᠰᠠᠶᠢᠳ ᠶᠤᠸᠠᠨᠠᠨ᠂ ᠫᠤᠷᠲ᠋ᠦ᠋ᠭᠠᠯ ᠤᠨ ᠳᠤᠮᠳᠠᠳᠤ ᠤᠯᠤᠰ ᠲᠤ ᠰᠠᠭᠤᠬᠤ ᠡᠯᠴᠢᠨ ᠰᠠᠶᠢᠳ ᠳ᠋ᠦᠸᠧᠵᠢᠶᠧ ᠨᠠᠷ ᠪᠤᠯᠤᠨ᠎ᠠ᠃        

    ᠰᠢ ᠶᠢᠨ ᠫᠢᠩ ᠡᠯ᠎ᠠ ᠤᠯᠤᠰ ᠤᠨ ᠡᠯᠴᠢᠨ ᠰᠠᠶᠢᠳ ᠤᠨ ᠳᠤᠮᠳᠠᠳᠤ ᠤᠯᠤᠰ ᠲᠤ ᠢᠷᠡᠵᠤ ᠲᠤᠰᠢᠶᠠᠯ ᠳᠤ ᠭᠠᠷᠤᠭᠰᠠᠨ ᠢ ᠬᠠᠯᠠᠭᠤᠨ ᠶᠢᠡᠷ ᠤᠭᠲᠤᠵᠤ᠂ ᠡᠯ᠎ᠠ ᠬᠤᠯᠪᠤᠭᠳᠠᠯ ᠪᠦᠬᠦᠢ ᠤᠯᠤᠰ ᠤᠨ ᠤᠳᠤᠷᠢᠳᠬᠤ ᠬᠦᠮᠦᠰ ᠪᠤᠯᠤᠨ ᠠᠷᠠᠳ ᠲᠦᠮᠡᠨ ᠳᠤ ᠴᠢᠩ ᠰᠡᠳᠭᠢᠯ ᠤᠨ ᠮᠡᠨᠳᠦᠴᠢᠯᠡᠯ ᠪᠠ ᠰᠠᠶᠢᠨ ᠰᠠᠶᠢᠬᠠᠨ ᠢᠷᠦᠭᠡᠯ ᠳᠡᠪᠰᠢᠭᠦᠯᠵᠤ ᠪᠠᠶᠢᠬᠤ ᠶᠢ ᠳᠠᠮᠵᠢᠭᠤᠯᠵᠤ ᠦᠭ᠍ᠬᠦ ᠶᠢ ᠬᠦᠰᠡᠭᠰᠡᠡ ᠪᠦᠭᠡᠳ  ᠳᠤᠮᠳᠠᠳᠤ ᠤᠯᠤᠰ ᠤᠨ ᠵᠠᠰᠠᠭ ᠤᠨ ᠤᠷᠳᠤᠨ ᠡᠯᠴᠢᠨ ᠰᠠᠶᠢᠳ ᠨᠠᠷ ᠤᠨ ᠲᠤᠰᠢᠶᠠᠯ ᠢᠶᠠᠨ ᠭᠦᠢᠴᠡᠳᠭᠡᠬᠦ ᠳᠤ ᠳᠦᠭᠦᠮ ᠦᠵᠡᠭᠦᠯᠵᠤ ᠳᠡᠮᠵᠢᠯᠭᠡ ᠬᠠᠩᠭ᠋ᠠᠵᠤ᠂ ᠡᠯᠴᠢᠨ ᠰᠠᠶᠢᠳ ᠨᠠᠷ ᠡᠯ᠎ᠠ ᠤᠯᠤᠰ ᠪᠤᠯᠤᠨ ᠳᠤᠮᠳᠠᠳᠤ ᠤᠯᠤᠰ ᠤᠨ ᠨᠦᠬᠦᠷᠯᠡᠯ ᠢ ᠵᠤᠵᠠᠭᠠᠳᠬᠠᠬᠤ ᠳᠤ᠂ ᠬᠤᠶᠠᠷ ᠲᠠᠯ᠎ᠠ ᠶᠢᠨ ᠬᠠᠷᠢᠯᠴᠠᠭᠠᠨ ᠤ ᠬᠦᠭ᠍ᠵᠢᠯᠲᠠ ᠶᠢ ᠠᠬᠢᠭᠤᠯᠬᠤ ᠳᠤ ᠢᠳᠡᠪᠬᠢ ᠦᠢᠯᠡᠳᠦᠯ ᠦᠵᠡᠭᠦᠯᠬᠦ ᠶᠢ ᠬᠦᠰᠡᠵᠤ ᠪᠠᠶᠢᠨ᠎ᠠ ᠭᠡᠵᠤ ᠢᠯᠡᠳᠭᠡᠵᠠᠢ᠃ ᠰᠢ ᠶᠢᠨ ᠫᠢᠩ᠂ ᠳᠤᠮᠳᠠᠳᠤ ᠤᠯᠤᠰ ᠳᠤᠷᠠᠳᠠᠶ᠎ᠠ ᠡᠯ᠎ᠠ ᠤᠯᠤᠰ ᠲᠠᠢ ᠤᠯᠤᠰ ᠲᠦᠷᠦ ᠶᠢᠨ ᠢᠳᠡᠭᠡᠯᠴᠡᠭᠡ ᠪᠠᠨ ᠨᠡᠮᠡᠭᠳᠡᠭᠦᠯᠵᠤ᠂ ᠪᠤᠳᠠᠳᠠᠢ ᠶᠢ ᠡᠷᠬᠢᠮᠯᠡᠭᠰᠡᠨ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠬᠦ ᠶᠢᠨ ᠬᠠᠮᠲᠦ ᠨᠡᠩ ᠢᠳᠡᠪᠬᠢᠲᠠᠢ ᠦᠷ᠎ᠠ ᠪᠦᠲᠦᠭᠡᠯ ᠤᠯᠬᠤ ᠪᠠᠷ ᠴᠢᠷᠮᠠᠶᠢᠵᠤ᠂ ᠤᠯᠠᠨ ᠤᠯᠤᠰ ᠤᠨ ᠬᠡᠷᠡᠭ ᠶᠠᠪᠤᠳᠠᠯ ᠳᠠᠬᠢ ᠬᠠᠮᠲᠤᠷᠠᠯᠴᠠᠭ᠎ᠠ ᠪᠠᠨ ᠴᠢᠩᠭ᠋ᠠᠳᠬᠠᠵᠤ᠂ ᠭᠠᠷ ᠬᠤᠯᠪᠤᠨ ᠬᠠᠮᠲᠦᠪᠡᠷ ᠴᠢᠷᠮᠠᠶᠢᠵᠤ᠂ ᠬᠤᠪᠢ ᠵᠠᠶᠠᠭ᠎ᠠ ᠪᠠᠨ ᠬᠠᠮᠳᠤᠳᠬᠠᠵᠤ᠂ ᠬᠠᠮᠲᠦ ᠶᠢᠨ ᠬᠦᠭ᠍ᠵᠢᠯᠲᠠ ᠶᠢ ᠪᠡᠶᠡᠯᠡᠭᠦᠯᠵᠤ᠂  ᠳᠡᠯᠡᠬᠡᠢ ᠶᠢᠨ ᠡᠩᠬᠡ ᠲᠠᠶᠢᠪᠤᠩ᠂ ᠲᠤᠭᠳᠠᠭᠤᠨ᠂ ᠬᠦᠭ᠍ᠵᠢᠯ ᠴᠡᠴᠡᠭᠯᠡᠯ ᠳᠤ ᠬᠤᠪᠢ ᠨᠡᠮᠡᠷᠢ ᠦᠵᠡᠭᠦᠯᠦᠨ᠎ᠠ ᠭᠡᠵᠤ ᠵᠢᠭᠠᠵᠤ ᠭᠠᠷᠭᠠᠵᠠᠢ᠃       

    ᠡᠯ᠎ᠠ ᠤᠯᠤᠰ ᠤᠨ ᠡᠯᠴᠢᠨ ᠰᠠᠶᠢᠳ ᠳᠤᠮᠳᠠᠳᠤ ᠤᠯᠤᠰ ᠤᠨ ᠡᠪ ᠬᠠᠮᠲᠦ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠲᠡᠭᠦᠰ ᠠᠮᠵᠢᠯᠳᠠ ᠤᠯᠤᠭᠰᠠᠨ ᠳᠤ ᠴᠢᠩ ᠰᠡᠳᠭᠢᠯ ᠠᠴᠠ ᠪᠠᠨ ᠪᠠᠶᠠᠷ ᠬᠦᠷᠭᠡᠵᠤ᠂ ᠳᠤᠮᠳᠠᠳᠤ ᠤᠯᠤᠰ ᠤᠨ ᠡᠪ ᠬᠠᠮᠲᠦ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠦᠷ᠎ᠠ ᠪᠦᠲᠦᠭᠡᠯ ᠤᠨ ᠳᠡᠯᠡᠬᠡᠢ ᠶᠢᠨ ᠴᠢᠨᠠᠷᠲᠠᠢ ᠨᠦᠯᠦᠭᠡ ᠶᠢ ᠳᠡᠭᠡᠳᠦ ᠬᠡᠮᠵᠢᠶ᠎ᠠ ᠪᠠᠷ ᠦᠨᠡᠯᠡᠵᠠᠢ᠃ ᠡᠯᠴᠢᠨ ᠰᠠᠶᠢᠳ ᠨᠠᠷ ᠲᠤᠰ ᠲᠤᠰ ᠤᠨ ᠤᠯᠤᠰ ᠤᠨ ᠢᠶᠠᠨ ᠤᠳᠤᠷᠢᠳᠬᠤ ᠬᠦᠮᠦᠰ ᠤᠨ ᠰᠢ ᠶᠢᠨ ᠫᠢᠩ ᠳᠤ ᠳᠡᠪᠰᠢᠭᠦᠯᠦᠭᠰᠡᠨ ᠳᠤᠳᠤᠨᠤ ᠮᠡᠨᠳᠦᠴᠢᠯᠡᠯ ᠪᠤᠯᠤᠨ ᠰᠢ ᠶᠢᠨ ᠫᠢᠩ ᠤᠨ ᠳᠠᠬᠢᠨᠳᠠ ᠳᠤᠮᠳᠠᠳᠤ ᠤᠯᠤᠰ ᠤᠨ ᠡᠪ ᠬᠠᠮᠲᠦ ᠨᠠᠮ ᠤᠨ ᠲᠦᠪ ᠬᠤᠷᠢᠶᠠᠨ ᠤ ᠶᠡᠷᠦᠩᠬᠡᠢ ᠱᠦᠵᠢ ᠪᠠᠷ ᠰᠤᠩᠭ᠋ᠤᠭᠲᠠᠭᠰᠠᠨ ᠳ᠋ᠤ ᠴᠢᠩ ᠰᠡᠳᠭᠢᠯ ᠠᠴᠠ ᠪᠠᠨ ᠪᠠᠶᠠᠷ ᠬᠦᠷᠭᠡᠵᠤ ᠪᠠᠶᠢᠬᠤ ᠶᠢ ᠳᠠᠮᠵᠢᠭᠤᠯᠪᠠ᠃ ᠡᠯᠴᠢᠨ ᠰᠠᠶᠢᠳ ᠨᠠᠷ᠂ ᠳᠤᠮᠳᠠᠳᠤ ᠤᠯᠤᠰ ᠰᠢᠨ᠎ᠠ ᠴᠠᠭ ᠦᠶ᠎ᠠ ᠳᠤ ᠤᠷᠤᠬᠤ ᠲᠠᠰᠢᠷᠠᠮ ᠳᠤ ᠳᠤᠮᠳᠠᠳᠤ ᠤᠯᠤᠰ ᠲᠤ ᠰᠠᠭᠤᠬᠤ ᠡᠯᠴᠢᠨ ᠰᠠᠶᠢᠳ ᠪᠤᠯᠤᠭᠰᠠᠨ ᠳᠠᠭᠠᠨ ᠮᠠᠰᠢ ᠦᠩᠭᠡ ᠭᠡᠷᠡᠯᠳᠠᠢ ᠪᠠᠶᠢᠨ᠎ᠠ᠂ ᠳᠤᠷᠠᠳᠠᠶ᠎ᠠ ᠦᠪᠡᠷ ᠤᠨ ᠤᠯᠤᠰ  ᠪᠤᠯᠤᠨ ᠳᠤᠮᠳᠠᠳᠤ ᠤᠯᠤᠰ ᠤᠨ ᠬᠤᠭᠤᠷᠤᠨᠳᠤᠬᠢ ᠤᠢᠢᠯᠠᠭᠠᠯᠴᠠᠭ᠎ᠠ ᠪᠠ ᠨᠦᠬᠦᠷᠯᠡᠯ ᠢ ᠵᠤᠵᠠᠭᠠᠳᠬᠠᠵᠤ᠂ ᠪᠤᠳᠠᠳᠠᠢ ᠶᠢ ᠡᠷᠬᠢᠮᠯᠡᠭᠰᠡᠨ ᠬᠠᠮᠲᠤᠷᠠᠯᠴᠠᠭ᠎ᠠ ᠶᠢᠨ ᠨᠡᠩ ᠭᠦᠨ ᠳᠡᠰ ᠳᠠᠪᠬᠤᠷᠭ᠎ᠠ᠂ ᠨᠡᠩ ᠦᠷᠭᠡᠨ ᠬᠦᠷᠢᠶ᠎ᠠ ᠬᠡᠪᠴᠢᠶ᠎ᠠ ᠲᠡᠰᠢ ᠳᠠᠪᠰᠢᠬᠤ ᠳᠤ ᠢᠳᠡᠪᠬᠢᠲᠠᠢ ᠴᠢᠷᠮᠠᠶᠢᠯᠭ᠎ᠠ ᠭᠠᠷᠭᠠᠨ᠎ᠠ ᠭᠡᠵᠤ ᠢᠯᠡᠳᠭᠡᠵᠠᠢ᠃      

    ᠨᠠᠮ ᠤᠨ ᠲᠦᠪ ᠬᠤᠷᠢᠶᠠᠨ ᠤ ᠤᠯᠤᠰ ᠲᠦᠷᠦ ᠶᠢᠨ ᠲᠤᠪᠴᠢᠶᠠᠨ ᠤ ᠭᠡᠰᠢᠭᠦᠨ᠂ ᠲᠦᠪ ᠤᠨ ᠱᠦᠵᠢ ᠨᠠᠷ ᠤᠨ ᠭᠠᠵᠠᠷ ᠤᠨ  ᠱᠦᠵᠢ᠂ ᠲᠦᠪ ᠤᠨ ᠠᠯᠪᠠᠨ ᠲᠢᠩᠭᠢᠮ ᠤᠨ ᠡᠷᠬᠢᠯᠡᠭᠴᠢ ᠳ᠋ᠢᠩ ᠰᠢᠤᠸᠠᠢ ᠰᠢᠶᠠᠩ ᠲᠡᠭᠡᠷᠡᠬᠢ ᠠᠵᠢᠯᠯᠠᠭ᠎ᠠ ᠳᠤ ᠤᠷᠤᠯᠴᠠᠪᠠ᠃

ᠢᠷᠡᠯᠳᠡ᠄ ᠰᠢᠨᠬᠤᠧᠠ ᠬᠤᠷᠢᠶ᠎ᠠ ᠪᠡᠯᠡᠳᠭᠡᠭ᠍ᠰᠡᠨ ᠨᠢ᠄ ᠬ • ᠦᠵᠡᠰᠭᠦᠯᠡᠩ

ᠰᠣᠶᠤᠯ ᠤᠷᠠᠯᠢᠭ

  • ᠶᠤᠸᠠᠨ ᠤ ᠲᠡᠭᠡᠲᠤ ᠨᠡᠶᠢᠰᠯᠡᠯ ᠳᠤ ᠪᠤᠯᠤᠭᠰᠠᠨ ᠴᠠᠭᠠᠨ ᠢᠳᠡᠭᠡᠨ ᠤ ᠰᠤᠶᠤᠯ ᠤᠨ ᠨᠠᠶᠢᠷ
  • 26 ᠳ᠋ᠤᠭᠠᠷ ᠬᠤᠭᠤᠴᠠᠭᠠᠨ ᠤ ᠠᠯᠳᠠᠨ ᠳᠠᠬᠢᠶ᠎ᠠ ᠴᠡᠴᠡᠬᠡᠰ ᠺᠢᠨᠣ᠋ ᠶᠢᠨ ᠨᠠᠶᠢᠷ ᠬᠦᠬᠡᠬᠤᠳᠠ ᠳᠤ ᠨᠡᠬᠡᠬᠡᠯᠳᠡ ᠪᠡᠨ ᠬᠢᠪᠡ
  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
010070230030000000000000011120701122067834