蒙古文网站Logo
ᠰᠢᠨᠬᠤᠸᠠ ᠮᠤᠩᠭ᠋ᠤᠯ ᠨᠧᠲ

ᠰᠢᠨᠬᠤᠧᠠ ᠺᠢᠷᠢᠯ ᠨᠧᠲ ᠡᠭᠦᠲᠠ ᠪᠠᠨ ᠨᠡᠬᠡᠬᠡᠵᠦ ᠡᠷᠦᠬᠡ ᠪᠠᠨ ᠰᠡᠬᠦᠯ᠎ᠡ

2017-12-08 16:25

    ᠰᠢᠨᠬᠤᠧᠠ ᠮᠤᠩᠭᠤᠯ ᠨᠧᠲ   ᠬᠦᠬᠡᠬᠤᠲᠠ ᠶᠢᠨ 12 ᠰᠠᠷ᠎ᠠ ᠶᠢᠨ 8 ᠤ ᠡᠲᠦᠷ ᠤᠨ ᠴᠠᠬᠢᠯᠭᠠᠨ ᠮᠡᠲᠡᠭᠡ ( ᠬ • ᠦᠵᠡᠰᠭᠦᠯᠡᠩ ) ᠺᠢᠷᠢᠯ ᠨᠧᠲ ᠠᠰᠢᠭᠯᠠᠭᠴᠢᠳ ᠲᠤ ᠲᠤᠮᠲᠠᠲᠤ ᠤᠯᠤᠰ ᠤᠨ ᠡᠳ᠋ ᠤᠨ ᠵᠠᠰᠠᠭ ᠨᠡᠶᠢᠭᠡᠮ ᠤᠨ ᠬᠦᠭ᠍ᠵᠢᠯᠲᠠ ᠶᠢᠨ ᠪᠠᠶᠢᠲᠠᠯ ᠤᠨ ᠲᠤᠬᠠᠢ ᠤᠶᠢᠯᠠᠭᠠᠭᠤᠯᠬᠤ ᠪᠠ ᠲᠡᠯᠡᠬᠡᠢ ᠨᠡᠶᠢᠲᠡ ᠶᠢᠨ ᠮᠡᠲᠡᠭᠡᠯᠡᠯ ᠤᠨ ᠬᠡᠷᠡᠭᠴᠡᠭᠡᠨ ᠳ᠋ᠤ ᠵᠤᠷᠢᠭᠤᠯᠤᠨ ᠬᠠᠭᠠᠰ ᠵᠢᠯ ᠭᠠᠷᠤᠢ ᠶᠢᠨ ᠨᠢᠮᠪᠠᠢ ᠪᠡᠯᠡᠳᠭᠡᠨ ᠠᠵᠢᠯᠯᠠᠭᠰᠠᠨ ᠶᠢᠡᠷ ᠰᠢᠨᠬᠤᠧᠠ ᠺᠢᠷᠢᠯ ᠨᠧᠲ 12 ᠰᠠᠷ᠎ᠠ ᠶᠢᠨ 8 ᠤ ᠡᠲᠦᠷ ᠡᠭᠦᠲᠡ ᠪᠠᠨ ᠨᠡᠬᠡᠬᠡᠵᠦ ᠡᠷᠦᠬᠡ ᠪᠠᠨ ᠰᠡᠬᠦᠯ᠎ᠡ᠃

    ᠰᠢᠨᠬᠤᠧᠠ ᠺᠢᠷᠢᠯ ᠨᠧᠲ ᠨᠢ 《 ᠮᠡᠲᠡᠭᠡ ᠮᠡᠲᠡᠭᠡᠯᠡᠯ ᠢ ᠲᠠᠨ ᠡᠴᠡ ᠤᠯᠠᠮ ᠤᠶᠢᠷᠠᠬᠠᠨ ᠪᠤᠯᠭᠠᠨ᠎ᠠ》ᠭᠡᠬᠦ ᠵᠤᠷᠢᠯᠲᠠ ᠶᠢᠨ ᠲᠠᠭᠠᠤ ᠰᠢᠭᠤᠷᠬᠠᠢ᠂ ᠤᠨᠤᠪᠴᠢᠲᠠᠢ᠂ ᠪᠤᠰᠤᠳᠴᠢ᠂ ᠪᠦᠬᠦ ᠲᠠᠯ᠎᠎ᠠ ᠪᠡᠷ ᠦᠰᠦᠭ᠂ ᠵᠢᠷᠤᠭ᠂ ᠸᠢᠳᠢᠣ᠋᠂ ᠠᠦ᠋ᠳᠢᠣ᠋ ᠵᠡᠷᠭᠡ ᠮᠡᠲᠡᠭᠡᠯᠡᠯ ᠤᠨ ᠠᠷᠭ᠎ᠠ ᠬᠡᠯᠪᠡᠷᠢ ᠪᠡᠷ ᠺᠢᠷᠢᠯ ᠨᠧᠲ ᠠᠰᠢᠭᠯᠠᠭᠴᠢᠳ ᠲᠤ ᠤᠯᠤᠰ ᠤᠨ ᠲᠤᠲᠤᠭᠠᠲᠤ ᠭᠠᠲᠠᠭᠠᠲᠤ ᠶᠢᠨ ᠤᠯᠤᠰ ᠲᠦᠷᠦ᠂ ᠡᠳ᠋ ᠤᠨ ᠵᠠᠰᠠᠭ᠂ ᠰᠤᠶᠤᠯ ᠪᠤᠯᠪᠠᠰᠤᠷᠠᠯ᠂ ᠨᠡᠶᠢᠭᠡᠮ ᠠᠬᠤᠢ᠂ ᠡᠷᠡᠬᠦᠯ ᠬᠠᠮᠠᠭᠠᠯᠠᠯ᠂ ᠪᠠᠶ᠎ᠠ ᠶᠢᠨ ᠲᠠᠮᠢᠷ ᠵᠡᠷᠭᠡ ᠡᠯ᠎ᠡ ᠰᠠᠯᠪᠤᠷᠢ ᠶᠢᠨ ᠮᠡᠲᠡᠭᠡ ᠮᠡᠲᠡᠭᠡᠯᠡᠯ ᠢ ᠴᠠᠭ ᠲᠤᠬᠠᠢ ᠳ᠋ᠤᠨᠢ ᠲᠠᠮᠵᠢᠭᠤᠯᠬᠤ ᠶᠢᠨ ᠬᠠᠮᠲᠤ ᠲᠤᠮᠲᠠᠲᠤ ᠤᠯᠤᠰ ᠪᠤᠯᠤᠨ ᠮᠤᠩᠭᠤᠯ ᠤᠯᠤᠰ ᠬᠤᠭᠤᠷᠤᠨᠲᠤ ᠶᠢᠨ ᠠᠯᠪᠠᠨ ᠤ ᠪᠠ ᠢᠷᠭᠡᠳ ᠤᠨ ᠬᠠᠷᠢᠯᠴᠠᠭ᠎ᠠ ᠰᠤᠯᠢᠯᠴᠠᠭᠠᠨ ᠤ ᠠᠵᠢᠯᠯᠠᠭᠠᠨ ᠢ ᠮᠡᠲᠡᠭᠡᠯᠡᠬᠦ ᠪᠤᠯᠤᠨ᠎ᠠ᠃ ᠬᠠᠮᠲᠤ ᠳ᠋ᠤᠨᠢ ᠤᠯᠤᠰ ᠤᠨ ᠲᠤᠲᠤᠭᠠᠲᠤ ᠶᠢᠨ ᠡᠯ᠎ᠡ ᠱᠠᠲᠤᠨ ᠤ ᠵᠠᠰᠠᠭ ᠤᠨ ᠤᠷᠲᠤᠨ ᠪᠠ ᠬᠠᠮᠢᠶᠠᠲᠠᠢ ᠠᠵᠤ ᠠᠬᠤᠶᠢᠯᠠᠯ ᠳ᠋ᠤ ᠲᠠᠪᠴᠠᠩ ᠬᠠᠩᠭᠠᠨ᠂ ᠮᠤᠩᠭᠤᠯ ᠤᠯᠤᠰ ᠲᠤ ᠡᠯ᠎ᠡ ᠲᠦᠷᠦᠯ ᠤᠨ ᠡᠳ᠋ ᠤᠨ ᠵᠠᠰᠠᠭ᠂ ᠰᠤᠶᠤᠯ᠂ ᠠᠶᠠᠯᠠᠯ ᠵᠢᠭᠤᠯᠴᠢᠯᠠᠯ ᠤᠨ ᠤᠬᠠᠭᠤᠯᠭ᠎ᠠ ᠶᠢᠨ ᠠᠵᠢᠯᠯᠠᠭ᠎ᠠ ᠦᠷᠨᠢᠬᠦᠯᠬᠦ ᠳ᠋ᠤᠨᠢ ᠲᠡᠮᠵᠢᠯᠭᠡ ᠦᠵᠡᠬᠦᠯᠦᠨ᠎ᠡ᠃

( ᠵᠢᠷᠤᠭ ᠢ ᠶᠠᠩ ᠲᠡᠭᠷᠢ᠂ ᠱᠢ ᠢ )

    ᠤᠳᠤᠬᠠᠨ ᠳᠤ᠂ ᠰᠢᠨᠬᠤᠧᠠ ᠨᠧᠲ ᠨᠢ ᠨᠢᠬᠡᠨᠳᠡ《ᠬᠤᠶᠠᠷ ᠨᠧᠲ ᠨᠢᠬᠡ ᠸᠢᠴᠠᠲ ᠨᠢᠬᠡ APP》 ᠲᠠᠢ ᠮᠤᠩᠭᠤᠯ ᠬᠡᠯᠡᠨ ᠤ ᠳᠠᠮᠵᠢᠭᠤᠯᠭ᠎ᠠ ᠶᠢᠨ ᠳᠠᠪᠴᠠᠩ ᠢ ᠪᠦᠷᠢᠯᠳᠦᠬᠦᠯᠵᠠᠢ᠃ ᠳᠤᠳᠤᠷᠠᠭᠤᠯᠪᠠᠯ᠄ ᠰᠢᠨᠬᠤᠧᠠ ᠮᠤᠩᠭᠤᠯ ᠨᠧᠲ᠂ ᠰᠢᠨᠬᠤᠧᠠ ᠺᠢᠷᠢᠯ ᠨᠧᠲ᠂ ᠰᠢᠨᠬᠤᠧᠠ ᠮᠤᠩᠭᠤᠯ ᠨᠧᠲ ᠤᠨ ᠠᠯᠪᠠᠨ ᠤ ᠸᠢᠴᠠᠲ᠂ ᠰᠠᠨᠰᠠᠷ APP ᠵᠡᠷᠬᠡ ᠪᠤᠯᠤᠨ᠎ᠠ᠃ ᠡᠬᠦᠨ ᠳᠤ᠂ ᠰᠢᠨᠬᠤᠧᠠ ᠮᠤᠩᠭᠤᠯ ᠨᠧᠲ ᠬᠢᠬᠡᠳ ᠰᠢᠨᠬᠤᠧᠠ ᠺᠢᠷᠢᠯ ᠨᠧᠲ ᠨᠢ ᠳᠡᠯᠡᠬᠡᠢ ᠶᠢᠨ ᠪᠦᠬᠦ ᠮᠤᠩᠭᠤᠯ ᠬᠡᠯᠡᠨ ᠤ ᠤᠩᠰᠢᠭᠴᠢᠳ ᠲᠤ ᠬᠠᠨᠳᠤᠨ ᠮᠡᠳᠡᠬᠡ ᠮᠡᠳᠡᠬᠡᠯᠡᠯ ᠬᠠᠩᠭ᠋ᠠᠨ᠎ᠠ᠃ ᠰᠢᠨᠬᠤᠧᠠ ᠮᠤᠩᠭᠤᠯ ᠨᠧᠲ ᠤᠨ ᠠᠯᠪᠠᠨ ᠤ ᠸᠢᠴᠠᠲ᠂ ᠰᠠᠨᠰᠠᠷ APP ᠤᠨ ᠳᠤᠭᠳᠠᠮᠠᠯ ᠬᠡᠷᠡᠭᠯᠡᠭᠴᠢᠳ ᠨᠢ ᠤᠯᠤᠰ ᠲᠠᠶᠠᠭᠠᠷ ᠤᠨ ᠬᠡᠮᠵᠢᠶᠡᠨ ᠳᠤ ᠳᠠᠷᠬᠠᠨ ᠰᠠᠭᠤᠷᠢᠰᠢᠭ᠎ᠠ ᠪᠤᠯᠬᠤᠷ ᠬᠦᠯᠢᠶᠡᠨ ᠠᠪᠤᠭᠴᠢᠳ ᠤᠨ ᠢᠶᠡᠨ ᠳᠤᠮᠳᠠ ᠨᠡᠯᠢᠶᠡᠳ ᠦᠷᠬᠡᠨ ᠨᠦᠯᠦᠬᠡ ᠳᠤᠰᠬᠠᠯ ᠲᠠᠢ ᠪᠠᠶᠢᠳᠠᠭ᠃

    ᠡᠷᠬᠢᠮ ᠬᠦᠨᠳᠦᠳᠦ ᠨᠧᠲ ᠠᠰᠢᠭᠯᠠᠭᠴᠢᠳ ᠲᠠ ᠪᠦᠬᠦᠨ ᠤ ᠰᠢᠨᠬᠤᠧᠠ ᠺᠢᠷᠢᠯ ᠨᠧᠲ ᠲᠤ ᠪᠠᠶᠢᠩᠭᠤ ᠠᠩᠬᠠᠷᠤᠯ ᠶᠢᠡᠨ ᠬᠠᠨᠲᠤᠭᠤᠯᠵᠤ ᠰᠡᠳᠬᠢᠭ᠍ᠲᠡᠯ ᠶᠢᠡᠨ ᠲᠤᠤᠷᠠᠬᠢ ᠬᠠᠶ᠊ᠢᠭ ᠶᠢᠡᠷ ᠬᠤᠪᠢᠶᠠᠯᠴᠠᠵᠤ ᠪᠠᠶᠢᠬᠤ ᠶᠢ ᠬᠦᠰᠡᠨ ᠨᠠᠶᠢᠲᠠᠵᠤ ᠪᠠᠶᠢᠨ᠎ᠠ᠃

    ᠨᠧᠲ ᠤᠨ ᠬᠠᠶ᠊ᠢᠭ᠄ http://mn.news.cn

    ᠤᠲᠠᠰᠤ᠄ 0471 – 6307547

    ᠢᠮᠧᠯ᠄ xhw_mn@yahoo.com 

ᠢᠷᠡᠯᠳᠡ᠄ ᠰᠢᠨᠬᠤᠧᠠ ᠮᠤᠩᠭᠤᠯ ᠨᠧᠲ ᠪᠡᠯᠡᠳᠭᠡᠭ᠍ᠰᠡᠨ ᠨᠢ᠄ ᠬ • ᠦᠵᠡᠰᠭᠦᠯᠡᠩ

ᠨᠡᠶᠢᠬᠡᠮ ᠠᠬᠤᠢ

ᠰᠣᠶᠤᠯ ᠤᠷᠠᠯᠢᠭ

  • ᠶᠤᠸᠠᠨ ᠤ ᠲᠡᠭᠡᠲᠤ ᠨᠡᠶᠢᠰᠯᠡᠯ ᠳᠤ ᠪᠤᠯᠤᠭᠰᠠᠨ ᠴᠠᠭᠠᠨ ᠢᠳᠡᠭᠡᠨ ᠤ ᠰᠤᠶᠤᠯ ᠤᠨ ᠨᠠᠶᠢᠷ
  • 26 ᠳ᠋ᠤᠭᠠᠷ ᠬᠤᠭᠤᠴᠠᠭᠠᠨ ᠤ ᠠᠯᠳᠠᠨ ᠳᠠᠬᠢᠶ᠎ᠠ ᠴᠡᠴᠡᠬᠡᠰ ᠺᠢᠨᠣ᠋ ᠶᠢᠨ ᠨᠠᠶᠢᠷ ᠬᠦᠬᠡᠬᠤᠳᠠ ᠳᠤ ᠨᠡᠬᠡᠬᠡᠯᠳᠡ ᠪᠡᠨ ᠬᠢᠪᠡ
  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
关闭
010070230030000000000000011120701122081014