蒙古文网站Logo
ᠰᠢᠨᠬᠤᠸᠠ ᠮᠤᠩᠭ᠋ᠤᠯ ᠨᠧᠲ

ᠰᠢ ᠵᠢᠨ ᠫᠢᠩ ᠵᠠᠬᠢᠳᠠᠯ ᠢᠯᠡᠬᠡᠵᠥ 2017 ᠤᠨ ᠤ ᠭᠤᠧᠠᠩᠵᠧᠥ ᠶᠢᠨ 《ᠡᠳ᠋ ᠬᠦᠷᠦᠩᠬᠡ》ᠪᠦᠬᠦ ᠪᠦᠮᠪᠦᠷᠴᠡᠭ ᠤᠨ ᠶᠠᠷᠢᠶᠠᠨ ᠤ ᠲᠠᠪᠴᠠᠩ ᠡᠬᠢᠯᠡᠭᠰᠡᠡ ᠳ᠋ᠤ ᠪᠠᠶᠠᠷ ᠬᠦᠷᠬᠡᠵᠡᠢ

2017-12-08 17:23

    ᠲᠤᠮᠳᠠᠳᠤ ᠤᠯᠤᠰ ᠨᠡᠩ ᠦᠨᠳᠤᠷ ᠲᠡᠰ ᠲᠠᠪᠬᠤᠷᠭ᠎ᠠ ᠶᠢᠨ ᠨᠡᠬᠡᠬᠡᠯᠳᠡᠳᠤ ᠮᠠᠶ᠊ᠢᠭ ᠤᠨ ᠠᠵᠥ ᠠᠬᠤᠢ ᠶᠢ ᠬᠦᠭ᠍ᠵᠢᠬᠦᠯᠵᠥ ᠲᠤᠮᠳᠠᠳᠤ ᠭᠠᠳᠠᠭᠠᠳᠤ ᠶᠢᠨ ᠠᠵᠥ ᠠᠬᠤᠢ ᠠᠷᠠᠯᠵᠢᠶᠠᠨ ᠤ ᠬᠠᠮᠳᠤᠷᠠᠯᠴᠠᠭ᠎ᠠ ᠶᠢᠨ ᠰᠠᠢᠢᠨ ᠰᠠᠢᠢᠬᠠᠨ ᠢᠷᠡᠭᠡᠳᠤᠢ ᠶᠢ ᠬᠠᠮᠳᠤᠪᠡᠷ ᠴᠤᠭᠴᠠᠯᠠᠨ᠎ᠠ ᠬᠡᠵᠥ ᠴᠢᠬᠤᠯᠠᠴᠢᠯᠠᠪᠠ

    ᠸᠠᠩ ᠶᠠᠩ ᠡᠬᠢᠯᠡᠯᠳᠡ ᠶᠢᠨ ᠶᠤᠰᠤᠯᠠᠯ ᠳ᠋ᠤ ᠤᠷᠤᠯᠴᠠᠵᠥ ᠶᠠᠷᠢᠶ᠎ᠠ ᠲᠠᠯᠪᠢᠵᠠᠢ

    ᠰᠢᠨᠬᠤᠸᠠ ᠬᠤᠷᠢᠢ᠎ᠠ   ᠭᠤᠧᠠᠩᠵᠧᠥ ᠶᠢᠨ 12 ᠰᠠᠷ᠎ᠠ ᠶᠢᠨ 6 ᠤ ᠡᠳᠤᠷ ᠤᠨ ᠴᠠᠬᠢᠯᠭᠠᠨ ᠮᠡᠳᠡᠭᠡ (ᠰᠤᠷᠪᠤᠯᠵᠢᠯᠠᠭᠴᠢ ᠸᠠᠩ ᠬᠤᠢ ᠬᠤᠢ ᠶᠧ ᠴᠢᠶᠠᠨ) 2017 ᠤᠨ ᠤ ᠭᠤᠧᠠᠩᠵᠧᠥ ᠶᠢᠨ《ᠡᠳ᠋ ᠬᠦᠷᠦᠩᠬᠡ》ᠪᠦᠬᠦ ᠪᠦᠮᠪᠦᠷᠴᠡᠭ ᠤᠨ ᠶᠠᠷᠢᠶᠠᠨ ᠤ ᠲᠠᠪᠴᠠᠩ 6 ᠤ ᠦᠳᠡ ᠶᠢᠨ ᠡᠮᠤᠨ᠎ᠡ ᠡᠬᠢᠯᠡᠪᠡ᠃ ᠤᠯᠤᠰ ᠤᠨ ᠲᠡᠷᠢᠬᠦᠯᠡᠭᠴᠢ ᠰᠢ ᠵᠢᠨ ᠫᠢᠩ ᠪᠠᠶᠠᠷ ᠤᠨ ᠵᠠᠬᠢᠳᠠᠯ ᠢᠷᠡᠬᠦᠯᠵᠥ᠂ ᠶᠠᠷᠢᠶᠠᠨ ᠤ ᠲᠠᠪᠴᠠᠩ ᠢ ᠡᠷᠬᠢᠯᠡᠭᠰᠡᠡ ᠳ᠋ᠤ ᠬᠠᠯᠠᠭᠤᠨ ᠪᠠᠶᠠᠷ ᠬᠦᠷᠬᠡᠵᠥ᠂ ᠡᠯ᠎ᠡ ᠲᠠᠯ᠎ᠠ ᠶᠢᠨ ᠬᠦᠨᠳᠤᠳᠤ ᠵᠤᠴᠢᠳ ᠤᠨ ᠲᠤᠮᠳᠠᠳᠤ ᠤᠯᠤᠰ ᠲᠥ ᠢᠷᠡᠵᠥ ᠬᠤᠷᠠᠯ ᠳ᠋ᠤ ᠤᠷᠤᠯᠴᠠᠭᠰᠠᠠ ᠢ ᠴᠢᠩ ᠰᠡᠳᠬᠢᠯ ᠡᠴᠡ ᠪᠡᠨ ᠤᠬᠳᠤᠵᠥ ᠪᠠᠢᠢᠬᠤ ᠪᠡᠨ ᠢᠯᠡᠳᠬᠡᠪᠡ᠃ ᠲᠡᠷᠡ᠂ ᠲᠤᠰ ᠬᠤᠭᠤᠴᠠᠭᠠᠨ ᠤ ᠶᠠᠷᠢᠶᠠᠨ ᠤ ᠲᠠᠪᠴᠠᠩ ᠨᠢ ᠪᠦᠬᠦ ᠪᠦᠮᠪᠦᠷᠴᠡᠭ ᠤᠨ ᠬᠦᠭ᠍ᠵᠢᠯᠳᠡ ᠳ᠋ᠤ ᠲᠤᠯᠭᠠᠷᠠᠵᠥ ᠪᠠᠢᠢᠭ᠎ᠠ ᠵᠠᠩᠬᠢᠯᠠᠭ᠎ᠠ ᠶᠢᠨ ᠠᠰᠠᠭᠤᠳᠠᠯ ᠢᠶᠡᠷ ᠭᠤᠤᠯᠳᠠᠭᠤᠯᠵᠥ᠂ ᠬᠤᠷᠡᠯ ᠳ᠋ᠤ ᠤᠷᠤᠯᠴᠠᠭᠰᠠᠠ ᠬᠦᠨᠳᠤᠳᠤ ᠵᠤᠴᠢᠳ ᠡᠨᠡ ᠲᠤᠬᠠᠢ ᠦᠵᠡᠯ ᠰᠠᠨᠠᠭ᠎ᠠ ᠪᠡᠨ ᠰᠤᠯᠢᠯᠴᠠᠵᠥ᠂ ᠠᠷᠭ᠎ᠠ ᠤᠬᠠᠭᠠᠨ ᠭᠠᠷᠭᠠᠬᠤ ᠪᠤᠯᠬᠤᠷ᠂ ᠲᠡᠯᠡᠬᠡᠢ ᠶᠢᠨ ᠠᠵᠥ ᠠᠬᠤᠢ ᠶᠢᠨ ᠨᠡᠮᠡᠭᠳᠡᠯ ᠢ ᠠᠬᠢᠭᠤᠯᠬᠤ ᠳ᠋ᠤ ᠢᠳᠡᠪᠬᠢ ᠠᠴᠢ ᠬᠤᠯᠪᠤᠭᠳᠠᠯ ᠲᠠᠢ ᠶᠤᠮ ᠬᠡᠵᠥ ᠵᠢᠭᠠᠵᠥ ᠭᠠᠷᠭᠠᠪᠠ᠃

    ᠰᠢ ᠵᠢᠨ ᠫᠢᠩ ᠪᠠᠶᠠᠷ ᠤᠨ ᠵᠠᠬᠢᠳᠠᠯ ᠳ᠋ᠠᠭᠠᠨ᠂ ᠲᠦᠷᠦᠬᠦᠬᠡᠨ ᠬᠤᠷᠠᠯᠳᠤᠭᠰᠠᠠ ᠲᠤᠮᠳᠠᠳᠤ ᠤᠯᠤᠰ ᠤᠨ ᠡᠪ ᠬᠠᠮᠳᠤ ᠨᠠᠮ ᠤᠨ ᠠᠷᠪᠠ ᠶᠢᠰᠦᠳᠦᠭᠡᠷ ᠤᠳᠠᠭ᠎ᠠ ᠶᠢᠨ ᠪᠦᠬᠦ ᠤᠯᠤᠰ ᠤᠨ ᠲᠦᠯᠥᠬᠡᠯᠡᠭᠴᠢᠳ ᠤᠨ ᠶᠡᠬᠡ ᠬᠤᠷᠡᠯ ᠡᠴᠡ ᠰᠢᠨ᠎ᠡ ᠴᠠᠭ ᠦᠶ᠎ᠡ ᠶᠢᠨ ᠲᠤᠮᠳᠠᠳᠤ ᠤᠯᠤᠰ  ᠤᠨ ᠤᠨᠴᠠᠯᠢᠭ ᠲᠠᠢ ᠨᠡᠢᠢᠬᠡᠮ ᠵᠢᠷᠤᠮ ᠤᠨ ᠠᠵᠢᠯᠯᠠᠭᠠᠨ ᠤ ᠬᠦᠳᠦᠯᠪᠤᠷᠢ ᠪᠤᠯᠤᠨ ᠬᠦᠭ᠍ᠵᠢᠯᠳᠡ ᠶᠢᠨ ᠠᠤᠭ᠎ᠠ ᠲᠦᠯᠥᠪᠯᠡᠬᠡ ᠶᠢ ᠲᠤᠭᠳᠠᠭᠠᠪᠠ᠃ ᠪᠢᠳᠡ ᠠᠷᠠᠳ ᠲᠦᠮᠡᠨ ᠢᠶᠡᠨ ᠭᠤᠤᠯ ᠪᠤᠯᠭᠠᠬᠤ ᠬᠦᠭ᠍ᠵᠢᠯᠳᠡ ᠶᠢᠨ ᠦᠵᠡᠯ ᠰᠠᠨᠠᠭ᠎ᠠ ᠶᠢ ᠪᠠᠷᠢᠮᠳᠠᠯᠠᠵᠥ᠂ ᠰᠢᠨ᠎ᠡ ᠬᠦᠭ᠍ᠵᠢᠯᠳᠡ ᠶᠢᠨ ᠤᠢᠢᠯᠠᠭᠠᠬᠳᠠᠬᠤᠨ ᠢ ᠬᠦᠨᠵᠡᠬᠡᠢ ᠲᠤᠤᠱᠯᠠᠭᠤᠯᠵᠥ᠂ ᠤᠳᠤᠬᠢᠴᠢᠯᠠᠭᠰᠠᠠ ᠠᠵᠥ ᠠᠬᠤᠢ ᠶᠢᠨ ᠰᠢᠰᠲ᠋ᠧᠮ ᠢ ᠪᠠᠢᠢᠭᠤᠯᠤᠨ᠎ᠠ ; ᠦᠭᠡᠷᠡᠴᠢᠯᠡᠯᠳᠡ ᠶᠢ ᠪᠦᠬᠦ ᠲᠠᠯ᠎ᠠ ᠪᠡᠷ ᠬᠦᠨᠵᠡᠬᠡᠢᠢᠷᠡᠬᠦᠯᠵᠥ᠂ ᠨᠡᠢᠢᠬᠡᠮ ᠤᠨ ᠡᠬᠦᠳᠦᠨ ᠪᠦᠳᠦᠭᠡᠬᠦ ᠬᠦᠴᠦᠨ ᠢ ᠶᠡᠬᠡᠪᠡᠷ ᠬᠦᠭ᠍ᠵᠢᠬᠡᠵᠥ᠂ ᠬᠦᠭ᠍ᠵᠢᠯᠳᠡ ᠶᠢᠨ ᠠᠮᠢᠵᠢᠷᠠᠯ ᠤᠨ ᠬᠦᠴᠦᠨ ᠢ ᠦᠷᠬᠦᠯᠵᠢᠯᠡᠨ ᠲᠠᠢᠢᠴᠢᠯᠠᠨ᠎ᠠ; ᠨᠡᠩ ᠦᠨᠳᠤᠷ ᠲᠡᠰ ᠲᠠᠪᠬᠤᠷᠭ᠎ᠠ ᠶᠢᠨ ᠨᠡᠬᠡᠬᠡᠯᠳᠡᠳᠤ ᠮᠠᠶ᠊ᠢᠭ ᠤᠨ ᠠᠵᠥ ᠠᠬᠤᠢ ᠶᠢ ᠬᠦᠭ᠍ᠵᠢᠬᠦᠯᠵᠥ᠂ 《ᠨᠢᠬᠡ ᠪᠦᠰᠡ ᠨᠢᠬᠡ ᠵᠠᠮ》 ᠤᠨ ᠪᠦᠳᠦᠭᠡᠨ ᠪᠠᠢᠢᠭᠤᠯᠤᠯᠳᠠ ᠶᠢ ᠬᠦᠨᠵᠡᠬᠡᠢ ᠠᠬᠢᠭᠤᠯᠵᠥ᠂ ᠪᠦᠬᠦ ᠲᠠᠯ᠎ᠠ ᠪᠡᠷ ᠨᠡᠬᠡᠬᠡᠯᠳᠡ ᠬᠢᠬᠦ ᠰᠢᠨ᠎ᠡ ᠪᠠᠢᠢᠷᠢᠰᠢᠯ  ᠤᠨ ᠪᠦᠷᠢᠯᠳᠦᠬᠦ ᠶᠢ ᠠᠬᠢᠭᠤᠯᠤᠨ᠎ᠠ᠃ ᠢᠷᠡᠬᠡᠳᠤᠢ ᠪᠡᠨ ᠪᠠᠷᠠᠯᠠᠬᠤᠶ᠎ᠠ᠂ ᠲᠤᠮᠳᠠᠳᠤ ᠤᠯᠤᠰ ᠤᠨ ᠬᠦᠭ᠍ᠵᠢᠯᠳᠡ ᠶᠢᠨ ᠬᠦᠳᠡᠯᠭᠡᠬᠦ ᠬᠦᠴᠦᠨ ᠨᠡᠩ ᠭᠦᠢᠴᠡᠳ᠂ ᠠᠷᠠᠳ ᠲᠦᠮᠡᠨ ᠤ ᠬᠦᠷᠳᠡᠮᠵᠢ ᠶᠢᠨ ᠲᠦᠷᠦᠭᠳᠡᠯ ᠨᠡᠩ ᠤᠯᠠᠨ᠂ ᠲᠡᠯᠡᠬᠡᠢ ᠳ᠋ᠡᠬᠢᠨ ᠯᠤᠭ᠎ᠠ ᠶᠢᠨ ᠬᠤᠷᠰᠢᠯᠴᠠᠯ ᠨᠡᠩ ᠬᠦᠨᠵᠡᠬᠡᠢ ᠪᠤᠯᠵᠥ᠂ ᠪᠦᠬᠦ ᠪᠦᠮᠪᠦᠷᠴᠡᠭ ᠤᠨ ᠬᠦᠭ᠍ᠵᠢᠯᠳᠡ ᠳ᠋ᠤ ᠨᠡᠩ ᠤᠯᠠᠨ ᠠᠵᠠ ᠲᠤᠬᠢᠶᠠᠯ ᠢ ᠡᠬᠦᠳᠴᠦ᠂ ᠨᠡᠩ ᠶᠡᠬᠡ ᠬᠤᠪᠢ ᠨᠡᠮᠡᠷᠢ ᠦᠵᠡᠬᠦᠯᠬᠦ ᠪᠤᠯᠤᠨ᠎ᠠ ᠭᠡᠵᠤ ᠵᠢᠭᠠᠵᠤ ᠭᠠᠷᠭᠠᠵᠠᠢ᠃

    ᠰᠢ ᠵᠢᠨ ᠫᠢᠩ᠂ ᠲᠤᠮᠳᠠᠳᠤ ᠤᠯᠤᠰ ᠤᠨ ᠠᠵᠥ ᠠᠬᠤᠢ ᠤᠷᠳᠤ ᠬᠤᠭᠤᠴᠠᠭ᠎ᠠ ᠪᠡᠷ ᠰᠠᠢᠢᠵᠢᠷᠠᠬᠤ ᠬᠡᠬᠡᠨ ᠰᠠᠷᠠᠭᠤᠯ ᠠᠯᠤᠰ ᠢᠷᠡᠭᠡᠳᠤᠢ ᠲᠠᠢ᠂ ᠲᠤᠭᠳᠠᠭᠤᠨ ᠤ ᠲᠤᠮᠳᠠ ᠤᠷᠤᠭᠰᠢᠯᠠᠨ ᠲᠠᠪᠰᠢᠬᠤ᠂ ᠦᠷᠬᠦᠯᠵᠢᠯᠡᠨ ᠰᠠᠢᠢᠵᠢᠷᠠᠬᠤ ᠶᠢ ᠪᠡᠶᠡᠯᠡᠬᠦᠯᠬᠦ ᠰᠠᠭᠤᠷᠢ ᠲᠠᠢ᠂ ᠨᠦᠬᠦᠴᠡᠯ ᠲᠠᠢ᠂ ᠬᠦᠳᠡᠯᠬᠡᠬᠦ ᠬᠦᠴᠦᠨ ᠲᠠᠢ ᠶᠤᠮ᠃ ᠲᠤᠮᠳᠠᠳᠤ ᠤᠯᠤᠰ ᠨᠡᠬᠡᠬᠡᠯᠳᠡ ᠬᠢᠬᠦ ᠡᠬᠦᠳᠡ ᠪᠡᠨ ᠬᠠᠭᠠᠬᠤ ᠦᠬᠡᠢ᠂ ᠤᠯᠠᠮ ᠶᠡᠬᠡ ᠨᠡᠬᠡᠬᠡᠵᠥ᠂ ᠡᠵᠡᠩᠨᠡᠯᠳᠡ ᠶᠢᠨ ᠤᠷᠴᠢᠨ ᠲᠤᠭᠤᠷᠢᠨ ᠤᠯᠠᠮ ᠴᠢᠯᠥᠬᠡᠳᠡᠢ᠂ ᠢᠯᠡ᠂ ᠵᠢᠷᠤᠮᠵᠢᠯ ᠲᠠᠢ ᠪᠤᠯᠬᠤ ᠶᠤᠮ᠃ ᠲᠤᠮᠳᠠᠳᠤ ᠤᠯᠤᠰ ᠪᠦᠬᠦ ᠪᠦᠮᠪᠦᠷᠴᠡᠭ ᠤᠨ ᠬᠠᠨᠢᠳᠠᠨ ᠤ ᠬᠠᠷᠢᠯᠴᠠᠭ᠎ᠠ ᠪᠡᠨ ᠦᠷᠬᠦᠯᠵᠢᠯᠡᠨ ᠬᠦᠭ᠍ᠵᠢᠬᠦᠯᠵᠥ᠂ ᠡᠯ᠎ᠡ ᠤᠯᠤᠰ ᠯᠤᠭ᠎ᠠ ᠶᠢᠨ ᠠᠰᠢᠬ ᠲᠤᠰᠠ ᠢᠢᠨ ᠰᠤᠯᠪᠢᠴᠠᠯ ᠤᠨ ᠴᠡᠭ ᠢᠶᠡᠨ ᠦᠷᠬᠡᠳᠭᠡᠵᠥ᠂ ᠠᠷᠠᠯᠵᠢᠶ᠎ᠠ ᠪᠤᠯᠤᠨ ᠪᠡᠯᠡ ᠤᠷᠤᠭᠤᠯᠤᠯᠳᠠ ᠶᠢᠨ ᠴᠢᠯᠥᠬᠡᠵᠢᠯ ᠲᠦᠬᠦᠮᠵᠢᠯ ᠢ ᠠᠬᠢᠭᠤᠯᠵᠥ᠂ ᠠᠵᠥ ᠠᠬᠤᠢ ᠶᠢᠨ ᠲᠡᠯᠡᠬᠡᠢᠢᠵᠢᠯᠲᠡ ᠨᠡᠩ ᠨᠡᠬᠡᠬᠡᠯᠳᠡᠳᠡᠢ᠂ ᠪᠠᠭᠳᠠᠭᠠᠮᠵᠢᠳᠠᠢ᠂ ᠨᠡᠢᠢᠳᠡᠮ ᠠᠰᠢᠭ ᠬᠦᠷᠳᠡᠭᠡᠬᠦ᠂ ᠲᠠᠩᠴᠠᠬᠦᠷᠢᠳᠡᠢ᠂ ᠬᠠᠮᠳᠤᠪᠡᠷ ᠠᠰᠢᠬ ᠬᠦᠷᠳᠡᠬᠦ ᠴᠢᠭᠯᠡᠯ ᠢᠶᠡᠷ ᠤᠷᠤᠭᠰᠢ ᠬᠦᠭ᠍ᠵᠢᠬᠦ ᠶᠢ ᠠᠬᠢᠭᠤᠯᠤᠨ᠎ᠠ᠃ ᠪᠢᠳᠡ ᠪᠦᠬᠦ ᠪᠦᠮᠪᠦᠷᠴᠡᠭ ᠤᠨ ᠠᠵᠥ ᠠᠬᠤᠢᠢᠯᠠᠯᠳᠠᠳ ᠤᠨ ᠲᠤᠮᠳᠠᠳᠤ ᠤᠯᠤᠰ ᠲᠥ ᠢᠷᠡᠵᠥ ᠪᠡᠯᠡ ᠤᠷᠤᠭᠤᠯᠤᠨ ᠦᠢᠯᠡᠰ ᠢᠶᠡᠨ ᠬᠦᠭ᠍ᠵᠢᠬᠦᠯᠵᠥ᠂ ᠲᠤᠮᠳᠠᠳᠤ ᠤᠯᠤᠰ ᠤᠨ ᠦᠭᠡᠷᠡᠴᠢᠯᠡᠯᠳᠡ ᠬᠦᠭ᠍ᠵᠢᠯᠳᠡ ᠶᠢᠨ ᠠᠪᠴᠢᠷᠠᠭᠰᠠᠠ ᠠᠵᠠ ᠲᠤᠬᠢᠶᠠᠯ ᠢ ᠬᠠᠮᠳᠤᠪᠡᠷ ᠡᠳ᠋ᠯᠡᠵᠥ᠂ ᠲᠤᠮᠳᠠᠳᠤ ᠭᠠᠳᠠᠭᠠᠳᠤ ᠶᠢᠨ ᠠᠵᠥ ᠠᠬᠤᠢ ᠠᠷᠠᠯᠵᠢᠶᠠᠨ ᠤ ᠬᠠᠮᠳᠤᠷᠠᠯᠴᠠᠭ᠎ᠠ ᠶᠢᠨ ᠰᠠᠢᠢᠨ ᠰᠠᠢᠢᠬᠠᠨ ᠢᠷᠡᠭᠡᠳᠤᠢ ᠶᠢ ᠬᠠᠮᠳᠤ ᠪᠡᠷ ᠴᠤᠭᠴᠠᠯᠠᠬᠤ ᠶᠢ ᠬᠠᠯᠠᠭᠤᠨ ᠢᠶᠡᠷ ᠤᠬᠳᠤᠨ᠎ᠠ ᠭᠡᠵᠤ ᠴᠢᠬᠤᠯᠠᠴᠢᠯᠠᠪᠠ᠃

    ᠲᠦᠷᠦ ᠶᠢᠨ ᠶᠠᠪᠤᠲᠠᠯ ᠤᠨ ᠬᠤᠷᠢᠶᠠᠠ ᠤ ᠲᠡᠳ᠋ ᠶᠡᠷᠦᠩᠭᠡᠢ ᠰᠠᠢᠢᠳ ᠸᠠᠩ ᠶᠠᠩ ᠡᠬᠢᠯᠡᠯᠳᠡ ᠶᠢᠨ ᠶᠤᠰᠤᠯᠠᠯ ᠳ᠋ᠤ ᠤᠷᠤᠯᠴᠠᠭᠰᠠᠠ ᠪᠦᠭᠡᠳ ᠭᠤᠤᠯ ᠵᠤᠷᠢᠯᠲᠠᠲᠦ ᠶᠠᠷᠢᠶ᠎ᠠ ᠲᠠᠯᠪᠢᠵᠠᠢ᠃ ᠲᠡᠷᠡ᠂ ᠲᠡᠷᠢᠭᠦᠯᠡᠭᠴᠢ ᠰᠢ ᠵᠢᠨ ᠫᠢᠩ ᠤᠨ ᠪᠠᠶᠠᠷ ᠤᠨ ᠵᠠᠬᠢᠲᠠᠯ ᠲᠤᠮᠲᠠᠲᠤ ᠤᠯᠤᠰ ᠤᠨ ᠵᠠᠰᠠᠭ ᠤᠨ ᠤᠷᠲᠤᠨ ᠶᠠᠷᠢᠶᠠᠠ ᠤ ᠲᠠᠪᠴᠠᠩ ᠢ ᠲᠡᠭᠡᠲᠦ ᠬᠡᠮᠵᠢᠶ᠎ᠠ ᠪᠠᠷ ᠴᠢᠬᠤᠯᠠᠴᠢᠯᠠᠠ ᠦᠵᠡᠵᠦ ᠪᠠᠢᠢᠬᠤ ᠪᠦᠭᠡᠳ ᠬᠦᠰᠡᠡ ᠬᠦᠯᠢᠶᠡᠵᠦ ᠪᠠᠢᠢᠬᠤ ᠶᠢ ᠬᠠᠷᠠᠭᠤᠯᠵᠦ᠂ ᠰᠢᠨ᠎ᠠ ᠴᠠᠭ ᠦᠶ᠎ᠠ ᠶᠢᠨ ᠲᠤᠮᠲᠠᠲᠤ ᠤᠯᠤᠰ ᠤᠨ ᠬᠦᠭ᠍ᠵᠢᠯᠲᠠ ᠶᠢᠨ ᠲᠦᠷᠦ ᠶᠢᠨ ᠪᠤᠲᠤᠯᠭ᠎ᠠ ᠶᠢᠨ ᠬᠠᠠᠲᠤᠰᠢ ᠶᠢᠨ ᠲᠤᠬᠢᠶ᠎ᠠ ᠶᠢ ᠲᠠᠮᠵᠢᠭᠤᠯᠵᠤ᠂ ᠲᠤᠮᠲᠠᠲᠤ ᠤᠯᠤᠰ ᠲᠤᠷᠠᠲᠠᠶ᠎ᠠ ᠡᠯ᠎ᠠ ᠲᠠᠯ᠎ᠠ ᠶᠢᠨ ᠬᠢᠨ ᠲᠠᠢ ᠬᠦᠮᠦᠨ ᠲᠦᠷᠦᠯᠬᠢᠲᠠᠠ ᠤ ᠬᠤᠪᠢ ᠵᠠᠶᠠᠠᠭᠠ ᠤ ᠬᠠᠮᠲᠤ ᠶᠢᠨ ᠴᠤᠭᠴᠠ ᠶᠢ ᠪᠠᠢᠢᠭᠤᠯᠬᠤ ᠶᠢ ᠠᠬᠢᠭᠤᠯᠬᠤ ᠦᠨᠡᠡᠴᠢ ᠬᠦᠰᠡᠯ ᠢ ᠲᠤᠩᠬᠠᠭᠯᠠᠭᠰᠠᠠ ᠪᠠᠢᠢᠨ᠎ᠠ ᠬᠡᠵᠥ ᠢᠯᠡᠳᠬᠡᠪᠡ᠃

    ᠸᠠᠩ ᠶᠠᠩ᠂ ᠲᠤᠮᠲᠠᠲᠤ ᠤᠯᠤᠰ ᠤᠨ ᠠᠵᠦ ᠠᠬᠤᠢ ᠶᠢᠨ ᠪᠠᠢᠢᠷᠢᠰᠢᠯ ᠶᠠᠭ ᠬᠦᠨᠵᠡᠭᠡᠢ ᠬᠤᠪᠢᠰᠤᠯᠲᠠ ᠶᠢ ᠦᠩᠭᠡᠷᠡᠭᠡᠵᠦ ᠪᠤᠢ᠃ ᠲᠤᠮᠲᠠᠲᠤ ᠤᠯᠤᠰ ᠤᠨ ᠢᠷᠡᠭᠡᠲᠦᠢ ᠶᠢᠨ ᠬᠦᠭ᠍ᠵᠢᠯᠲᠠ ᠪᠤᠯ ᠠᠷᠠᠳ ᠲᠦᠮᠡᠡ ᠢᠶᠡᠷ ᠭᠤᠤᠯ ᠪᠤᠯᠭᠠᠭᠰᠠᠠ ᠬᠦᠭ᠍ᠵᠢᠯᠲᠠ ᠪᠤᠯᠤᠨ᠎ᠠ᠂ ᠶᠠᠰᠤ ᠴᠢᠨᠠᠷ ᠨᠢᠭᠡᠲᠦᠭᠡᠷ᠂ ᠦᠷ᠎ᠠ ᠠᠰᠢᠭ ᠢ ᠲᠦᠷᠦᠭᠦᠨ ᠳ᠋ᠤ ᠲᠠᠯᠪᠢᠬᠤ ᠬᠦᠭ᠍ᠵᠢᠯᠲᠠ ᠮᠦᠨ᠂ ᠰᠢᠨ᠎ᠠ ᠶᠢ ᠡᠭᠦᠳᠬᠦ ᠪᠠᠷ ᠬᠦᠲᠡᠯᠭᠡᠬᠦᠷ ᠪᠤᠯᠭᠠᠭᠰᠠᠠ ᠬᠦᠭ᠍ᠵᠢᠯᠲᠠ᠂ ᠪᠦᠬᠦ ᠲᠠᠯ᠎ᠠ ᠪᠠᠡᠷ ᠨᠡᠭᠡᠭᠡᠯᠲᠡ ᠬᠢᠵᠦ᠂ ᠬᠠᠷᠢᠯᠴᠠᠠ ᠠᠰᠢᠭ ᠲᠠᠢ ᠬᠠᠮᠲᠤᠪᠠᠷ ᠠᠰᠢᠭ ᠬᠦᠷᠲᠡᠬᠦ ᠬᠦᠭ᠍ᠵᠢᠯᠲᠠ ᠮᠦᠨ᠃

    ᠲᠤᠮᠲᠠᠲᠤ ᠤᠯᠤᠰ ᠤᠨ ᠦᠩᠭᠡᠷᠡᠭᠰᠡᠡ ᠤ ᠬᠦᠭ᠍ᠵᠢᠯᠲᠠ ᠨᠡᠭᠡᠭᠡᠯᠲᠡ ᠬᠢᠭ᠍ᠰᠡᠡ ᠡᠴᠡ ᠠᠰᠢᠭ ᠬᠦᠷᠲᠡᠵᠠᠢ᠂ ᠬᠤᠢᠢᠰᠢᠲᠠ ᠰᠢᠨ᠎ᠠ ᠶᠢ ᠡᠭᠦᠳᠬᠦ ᠪᠠᠷ ᠬᠦᠲᠡᠯᠭᠡᠭᠦᠷ ᠪᠤᠯᠭᠠᠵᠦ᠂ ᠴᠢᠨᠠᠷᠯᠢᠬ ᠬᠦᠭ᠍ᠵᠢᠭᠦᠯᠬᠦ ᠵᠠᠮ ᠢᠶᠡᠷ ᠵᠠᠮᠨᠠᠬᠤ ᠳ᠋ᠤ ᠨᠡᠭᠡᠭᠡᠯᠲᠡ ᠶᠢ ᠦᠷᠭᠡᠳᠭᠡᠬᠦ ᠨᠡᠩ ᠴᠢᠬᠤᠯᠠᠲᠠᠢ᠃ ᠪᠢᠲᠠ ᠭᠠᠲᠠᠭᠠᠲᠤ ᠪᠡᠯᠡ ᠶᠢ ᠠᠰᠢᠠᠠᠯᠠᠬᠤ ᠢᠲᠡᠪᠬᠢᠲᠠᠢ ᠪᠦᠭᠡᠳ ᠪᠦᠲᠦᠮᠵᠢᠲᠠᠢ ᠴᠢᠭᠯᠡᠯᠲᠡ ᠶᠢ ᠪᠠᠷᠢᠮᠲᠠᠯᠠᠵᠦ᠂ ᠵᠠᠬ᠎ᠠ ᠲᠡᠯᠭᠡᠭᠦᠷ ᠲᠤ ᠤᠷᠤᠬᠤ ᠶᠢ ᠵᠦᠪᠰᠢᠶᠡᠷᠡᠬᠦ ᠡᠴᠡ ᠡᠮᠦᠨᠡᠬᠢ ᠤᠯᠤᠰ ᠠᠷᠠᠳ ᠤᠨ ᠤᠯᠭᠤᠮᠵᠢ ᠪᠤᠯᠤᠨ ᠨᠠᠵᠠᠭᠠᠢ ᠲᠠᠯ᠎ᠠ ᠶᠢᠨ ᠨᠠᠷᠢᠨ ᠲᠠᠩᠰᠠ ᠶᠢᠨ ᠬᠠᠮᠢᠶᠠᠷᠤᠯᠲᠠ ᠶᠢᠨ ᠠᠷᠭ᠎ᠠ ᠬᠡᠯᠪᠡᠷᠢ ᠶᠢ ᠪᠦᠬᠦ ᠲᠠᠯ᠎ᠠ ᠪᠠᠷ ᠭᠡᠷᠡᠭᠵᠢᠭᠦᠯᠵᠦ᠂ ᠭᠤᠤᠯᠲᠠᠯᠭ᠎ᠠ ᠲᠠᠢ ᠬᠦᠷᠢᠶ᠎ᠠ ᠬᠡᠪᠴᠢᠶᠠᠠ ᠳ᠋ᠡᠬᠢ ᠨᠡᠭᠡᠭᠡᠯᠲᠡ ᠶᠢ ᠦᠷᠭᠡᠳᠭᠡᠬᠦ ᠴᠠᠭ ᠤᠨ ᠬᠦᠰᠦᠨᠦᠭᠲᠦ ᠪᠤᠯᠤᠨ ᠱᠤᠭᠤᠮ ᠤᠨ ᠵᠢᠷᠤᠭ ᠢ ᠱᠠᠯᠠᠪᠲᠠᠠ ᠲᠤᠭᠲᠠᠭᠠᠵᠦ᠂ ᠭᠠᠲᠠᠭᠠᠲᠤ ᠶᠢᠨ ᠬᠤᠲᠠᠯᠲᠤᠭᠠᠴᠢᠠ ᠤ ᠪᠡᠯᠡ ᠤᠷᠤᠭᠤᠯᠤᠯᠲᠠ ᠶᠢᠨ ᠬᠠᠤᠯᠢ ᠶᠤᠰᠤᠨ ᠤ ᠡᠷᠭᠡ ᠠᠰᠢᠭ ᠢ ᠬᠠᠮᠠᠭᠠᠯᠠᠵᠦ᠂ ᠠᠲᠠᠯᠢ ᠪᠠᠷ ᠬᠠᠠᠲᠤᠬᠤ᠂ ᠭᠤᠤᠯᠴᠢ ᠪᠠᠷ ᠦᠷᠢᠰᠦᠯᠲᠦᠬᠦ ᠡᠵᠡᠩᠨᠡᠯᠲᠡ ᠶᠢᠨ ᠤᠷᠴᠢᠨ ᠲᠤᠭᠤᠷᠢᠨ ᠢ ᠪᠤᠢ ᠪᠤᠯᠭᠠᠬᠤ ᠭᠡᠷᠡᠭᠲᠡᠢ ᠭᠡᠵᠦ ᠴᠢᠬᠤᠯᠠᠴᠢᠯᠠᠪᠠ᠃

    ᠲᠦᠷᠦ ᠵᠢᠨ ᠶᠠᠪᠤᠳᠠᠯ ᠤᠨ ᠬᠤᠷᠢᠶᠠᠨ ᠤ ᠰᠤᠨᠢᠨ ᠮᠡᠳᠡᠭᠡᠨ ᠤ ᠠᠯᠪᠠᠨ ᠭᠡᠷ ᠤᠨ ᠡᠷᠬᠢᠯᠡᠭᠴᠢ ᠵᠢᠶᠠᠩ ᠵᠢᠶᠠᠨ ᠭᠥᠧᠧ ᠡᠬᠢᠯᠡᠯᠳᠡ ᠵᠢᠨ ᠶᠤᠰᠤᠯᠠᠯ ᠳᠡᠭᠡᠷ᠎ᠡ ᠰᠢ ᠵᠢᠨ ᠫᠢᠩ ᠤᠨ ᠪᠠᠶᠠᠷ ᠤᠨ ᠵᠠᠬᠢᠲᠠᠯ ᠢ ᠤᠩᠰᠢᠨ ᠨᠡᠢᠢᠲᠡᠯᠡᠪᠡ᠃

    2017 ᠤᠨ ᠤ ᠭᠤᠸ᠋ᠠᠩᠵᠸ᠋ᠤ ᠵᠢᠨ《ᠡᠳ᠋ ᠬᠦᠷᠦᠩᠭᠡ》ᠪᠦᠬᠦ ᠪᠦᠮᠪᠦᠷᠴᠡᠭ ᠤᠨ ᠶᠠᠷᠢᠶᠠᠨ ᠤ ᠲᠠᠪᠴᠠᠩ 12 ᠰᠠᠷ᠎ᠠ ᠵᠢᠨ 6 ᠡᠴᠡ 8 ᠤ ᠡᠳᠦᠷ ᠪᠤᠯᠲᠠᠯ᠎ᠠ ᠶᠠᠪᠤᠬᠳᠠᠵᠤ᠂ ᠭᠠᠳᠠᠭᠠᠳᠤ ᠵᠢᠨ ᠤᠯᠤᠰ ᠲᠦᠷᠦ ᠵᠢᠨ ᠴᠢᠬᠤᠯᠠ ᠬᠦᠮᠦᠰ᠂ 《ᠡᠳ᠋ ᠬᠦᠷᠦᠩᠭᠡ》ᠪᠦᠬᠦ ᠪᠦᠮᠪᠦᠷᠴᠡᠭ ᠤᠨ 500 ᠬᠦᠴᠦᠷᠬᠡᠭ᠌᠌ ᠠᠵᠤ ᠠᠬᠤᠢᠢᠯᠠᠯ ᠤᠨ ᠲᠦᠯᠦᠭᠡᠯᠡᠭᠴᠢ᠂ ᠳᠤᠮᠳᠠᠳᠤ ᠭᠠᠳᠠᠭᠠᠳᠤ ᠵᠢᠨ ᠳᠠᠭᠠᠭᠤᠯᠤᠬᠴᠢ ᠠᠵᠤ ᠠᠬᠤᠢᠢᠯᠠᠯ ᠤᠨ ᠲᠦᠯᠦᠭᠡᠯᠡᠭᠴᠢ ᠂ ᠨᠡᠷᠡᠲᠤ ᠲᠤᠰᠬᠠᠢ ᠮᠡᠷᠭᠡᠵᠢᠯᠲᠡᠨ ᠡᠷᠲᠡᠮᠳᠡᠳ ᠵᠡᠷᠭᠡ 1100 ᠳᠤᠮᠳᠠᠳᠤ ᠭᠠᠳᠠᠭᠠᠳᠤ ᠵᠢᠨ ᠵᠤᠴᠢᠨ ᠶᠠᠷᠢᠶᠠᠨ ᠤ ᠲᠠᠪᠴᠠᠩ ᠳ᠋ᠤ ᠤᠷᠤᠯᠴᠠᠵᠤ᠂ ᠶᠠᠷᠢᠶᠠᠨ ᠤ ᠲᠠᠪᠴᠠᠩ ᠤᠨ ᠬᠡᠪᠴᠢᠶ᠎ᠡ ᠨᠢ ᠦᠩᠭᠡᠷᠡᠭᠰᠡᠨ ᠬᠤᠭᠤᠴᠠᠭᠠᠨ ᠤ ᠬᠢ ᠡᠴᠡ ᠴᠦᠮ ᠳᠠᠪᠠᠪᠠ᠃ ᠲᠦᠷᠦ ᠵᠢᠨ ᠶᠠᠪᠤᠳᠠᠯ ᠤᠨ ᠬᠤᠷᠢᠶᠠᠨ ᠤ ᠰᠤᠨᠢᠨ ᠮᠡᠳᠡᠭᠡᠨ ᠤ ᠠᠯᠪᠠᠨ ᠭᠡᠷ ᠪᠠ ᠤᠯᠤᠰ ᠤᠨ ᠬᠦᠭ᠍ᠵᠢᠭᠦᠯᠦᠯᠲᠡ ᠦᠭᠡᠷᠡᠴᠢᠯᠡᠯᠲᠡ ᠵᠢᠨ ᠵᠦᠪᠯᠡᠯ᠂ ᠬᠤᠳᠠᠯᠳᠤᠭᠠᠨ ᠤ ᠶᠠᠪᠤᠳᠠᠯ ᠤᠨ ᠶᠠᠮᠤᠨ᠂ ᠠᠷᠠᠳ ᠤᠨ ᠪᠠᠩᠬᠢ᠂ ᠲᠦᠷᠦ ᠵᠢᠨ ᠶᠠᠪᠤᠳᠠᠯ ᠤᠨ ᠬᠤᠷᠢᠶᠠᠨ ᠤ ᠤᠯᠤᠰ ᠤᠨ ᠦᠮᠴᠢᠯᠡᠯ ᠤᠨ ᠡᠳ᠋ ᠬᠦᠷᠦᠩᠭᠡ ᠵᠢᠨ ᠬᠢᠨᠠᠯᠳᠠ ᠬᠠᠮᠢᠶᠠᠷᠤᠯᠳᠠ ᠶᠢᠨ ᠵᠦᠪᠯᠡᠯ ᠵᠡᠷᠭᠡ ᠰᠠᠯᠠᠭ᠎ᠠ ᠮᠦᠴᠢᠷ ᠤᠨ ᠬᠠᠷᠢᠭᠤᠴᠠᠯᠭᠠᠲᠠᠳ ᠲᠤᠰ ᠡᠳᠦᠷ ᠤᠨ ᠦᠳᠡ ᠵᠢᠨ ᠡᠮᠦᠨᠡᠬᠢ ᠪᠦᠭᠦᠳᠡ ᠬᠤᠷᠠᠯ ᠳᠡᠭᠡᠷ᠎ᠡ ᠬᠤᠷᠠᠯ ᠳ᠋ᠤ ᠤᠷᠤᠯᠴᠠᠬᠰᠠᠨ ᠵᠤᠴᠢᠳ ᠲᠤ ᠨᠠᠮ ᠤᠨ ᠠᠷᠪᠠ ᠶᠢᠰᠦᠳᠦᠭᠡᠷ ᠶᠡᠬᠡ ᠬᠤᠷᠠᠯ ᠤᠨ ᠭᠤᠤᠯ ᠪᠤᠯᠬᠤ ᠦᠷ᠎ᠡ ᠪᠦᠲᠦᠭᠡᠯ ᠪᠠ ᠳᠤᠮᠳᠠᠳᠤ ᠤᠯᠤᠰ ᠤᠨ ᠨᠡᠭᠡᠭᠡᠯᠲᠡ ᠲᠡᠢ ᠬᠦᠭ᠍ᠵᠢᠯᠲᠡ ᠵᠢᠨ ᠲᠦᠷᠦ ᠵᠢᠨ ᠪᠤᠳᠤᠯᠭ᠎ᠠ ᠵᠢᠨ ᠵᠤᠷᠢᠯᠲᠠ ᠵᠢ ᠲᠠᠨᠢᠯᠴᠠᠭᠤᠯᠪᠠ᠃

ᠢᠷᠡᠯᠳᠡ᠄ ᠦᠪᠦᠷ ᠮᠤᠩᠭ᠋ᠤᠯ ᠤᠨ ᠡᠳᠤᠷ ᠤᠨ ᠰᠤᠨᠢᠨ ᠪᠡᠯᠡᠳᠭᠡᠭ᠍ᠰᠡᠨ ᠨᠢ᠄ ᠪᠠᠢ ᠯᠢᠩ ᠳ᠋ᠢ

ᠨᠡᠶᠢᠬᠡᠮ ᠠᠬᠤᠢ

ᠰᠣᠶᠤᠯ ᠤᠷᠠᠯᠢᠭ

  • ᠶᠤᠸᠠᠨ ᠤ ᠲᠡᠭᠡᠲᠤ ᠨᠡᠶᠢᠰᠯᠡᠯ ᠳᠤ ᠪᠤᠯᠤᠭᠰᠠᠨ ᠴᠠᠭᠠᠨ ᠢᠳᠡᠭᠡᠨ ᠤ ᠰᠤᠶᠤᠯ ᠤᠨ ᠨᠠᠶᠢᠷ
  • 26 ᠳ᠋ᠤᠭᠠᠷ ᠬᠤᠭᠤᠴᠠᠭᠠᠨ ᠤ ᠠᠯᠳᠠᠨ ᠳᠠᠬᠢᠶ᠎ᠠ ᠴᠡᠴᠡᠬᠡᠰ ᠺᠢᠨᠣ᠋ ᠶᠢᠨ ᠨᠠᠶᠢᠷ ᠬᠦᠬᠡᠬᠤᠳᠠ ᠳᠤ ᠨᠡᠬᠡᠬᠡᠯᠳᠡ ᠪᠡᠨ ᠬᠢᠪᠡ
  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
关闭
010070230030000000000000011120701122081568