ᠰᠢ ᠶᠢᠨ ᠫᠢᠩ ᠤᠨ 2017 ᠤᠨ ᠤ ᠭᠤᠸᠠᠩᠵᠸᠥ ᠶᠢᠨ 《ᠡᠳ᠋ ᠬᠦᠷᠦᠩᠬᠡ》 ᠪᠦᠬᠦ ᠪᠦᠮᠪᠦᠷᠴᠡᠭ ᠤᠨ ᠶᠠᠷᠢᠶᠠᠨ ᠤ ᠲᠠᠪᠴᠠᠩ ᠳᠤ ᠢᠯᠡᠭᠡᠭ᠍ᠰᠡᠨ ᠪᠠᠶᠠᠷ ᠤᠨ ᠵᠠᠬᠢᠳᠠᠯ 2017-12-08 17:05

    ᠰᠢᠨᠬᠤᠸᠠ ᠬᠤᠷᠢᠶ᠎ᠠ  ᠪᠡᠭᠡᠵᠢᠩ ᠤᠨ 12 ᠰᠠᠷ᠎ᠠ ᠶᠢᠨ 6 ᠤ ᠴᠠᠬᠢᠯᠭᠠᠨ ᠮᠡᠳᠡᠭᠡ   2017 ᠤᠨ ᠤ 《ᠡᠳ᠋ ᠬᠦᠷᠦᠩᠬᠡ》ᠪᠦᠬᠦ ᠪᠦᠮᠪᠦᠷᠴᠡᠭ ᠤᠨ ᠶᠠᠷᠢᠶᠠᠨ ᠤ ᠲᠠᠪᠴᠠᠩ ᠡᠬᠢᠯᠡᠭᠰᠡᠡ ᠲᠠᠰᠢᠷᠠᠮ ᠢᠶᠠᠷ᠂ ᠪᠢ ᠶᠠᠷᠢᠶᠠᠨ ᠤ ᠲᠠᠪᠴᠠᠩ ᠢ ᠡᠷᠬᠢᠯᠡᠭᠰᠡᠡ ᠳᠤ ᠬᠠᠯᠠᠭᠤᠨ ᠪᠠᠶᠠᠷ ᠬᠦᠷᠬᠡᠵᠥ ᠪᠠᠶᠢᠨ᠎ᠠ!ᠡᠯ᠎ᠡ ᠲᠠᠯ᠎ᠠ ᠶᠢᠨ ᠬᠦᠨᠳᠤᠳᠤ ᠵᠤᠴᠢᠳ ᠤᠨ ᠲᠤᠮᠳᠠᠳᠤ ᠤᠯᠤᠰ ᠲᠤ ᠢᠷᠡᠵᠥ ᠬᠤᠷᠠᠯ ᠳᠤ ᠤᠷᠤᠯᠴᠠᠭᠰᠠᠠ ᠢ ᠴᠢᠩ ᠰᠡᠳᠬᠢᠯ ᠠᠴᠠ ᠪᠠᠨ ᠤᠬᠳᠤᠵᠥ ᠪᠠᠶᠢᠨ᠎ᠠ!

    ᠲᠤᠰ ᠬᠤᠭᠤᠴᠠᠭᠠᠨ ᠤ 《ᠡᠳ᠋ ᠬᠦᠷᠦᠩᠬᠡ》ᠪᠦᠬᠦ ᠪᠦᠮᠪᠦᠷᠴᠡᠭ ᠤᠨ ᠶᠠᠷᠢᠶᠠᠨ ᠤ ᠲᠠᠪᠴᠠᠩ ᠨᠢ 《ᠨᠡᠬᠡᠬᠡᠯᠳᠡ ᠪᠡ ᠰᠢᠨ᠎ᠡ ᠡᠬᠦᠳᠦᠯᠳᠡ᠄ ᠠᠵᠤ ᠠᠬᠤᠢ ᠶᠢᠨ ᠰᠢᠨ᠎ᠡ ᠪᠠᠶᠢᠷᠢᠰᠢᠯ ᠢ ᠪᠠᠶᠢᠭᠤᠯᠤᠶ᠎ᠠ》 ᠪᠠᠷ ᠭᠤᠤᠯ ᠰᠡᠳᠤᠪ ᠪᠤᠯᠭᠠᠵᠥ᠂ ᠪᠦᠬᠦ ᠪᠦᠮᠪᠦᠷᠴᠡᠭ ᠤᠨ ᠬᠦᠭ᠍ᠵᠢᠯᠳᠡ ᠳᠤ ᠲᠤᠯᠭᠠᠷᠠᠵᠥ ᠪᠠᠶᠢᠭ᠎ᠠ ᠵᠠᠩᠬᠢᠯᠠᠭ᠎ᠠ ᠶᠢᠨ ᠠᠰᠠᠭᠤᠳᠠᠯ ᠢᠶᠠᠷ ᠭᠤᠤᠯᠳᠠᠭᠤᠯᠵᠥ᠂ ᠬᠤᠷᠡᠯ ᠳᠤ ᠤᠷᠤᠯᠴᠠᠭᠰᠠᠠ ᠬᠦᠨᠳᠤᠳᠤ ᠵᠤᠴᠢᠳ ᠡᠨᠡ ᠲᠤᠬᠠᠢ ᠦᠵᠡᠯ ᠰᠠᠨᠠᠭ᠎ᠠ ᠪᠠᠨ ᠰᠤᠯᠢᠯᠴᠠᠵᠥ᠂ ᠠᠷᠭ᠎ᠠ ᠤᠬᠠᠭᠠᠨ ᠭᠠᠷᠭᠠᠬᠤ ᠪᠤᠯᠬᠤᠷ᠂ ᠲᠡᠯᠡᠬᠡᠢ ᠶᠢᠨ ᠠᠵᠥ ᠠᠬᠤᠢ ᠶᠢᠨ ᠨᠡᠮᠡᠭᠳᠡᠯ ᠢ ᠠᠬᠢᠭᠤᠯᠬᠤ ᠳᠤ ᠢᠳᠡᠪᠬᠢ ᠠᠴᠢ ᠬᠤᠯᠪᠤᠭᠳᠠᠯ ᠲᠠᠢ ᠶᠤᠮ᠃

    ᠲᠦᠷᠦᠬᠦᠬᠡᠨ ᠬᠤᠷᠠᠯᠳᠤᠭᠰᠠᠠ ᠲᠤᠮᠳᠠᠳᠤ ᠤᠯᠤᠰ ᠤᠨ ᠡᠪ ᠬᠠᠮᠳᠤ ᠨᠠᠮ ᠤᠨ ᠠᠷᠪᠠ ᠶᠢᠰᠦᠳᠦᠭᠡᠷ ᠤᠳᠠᠭ᠎ᠠ ᠶᠢᠨ ᠪᠦᠬᠦ ᠤᠯᠤᠰ ᠤᠨ ᠲᠦᠯᠥᠬᠡᠯᠡᠭᠴᠢᠳ ᠤᠨ ᠶᠡᠭᠡ ᠬᠤᠷᠡᠯ ᠠᠴᠠ ᠰᠢᠨ᠎ᠡ ᠴᠠᠭ ᠦᠶ᠎ᠡ ᠶᠢᠨ ᠲᠤᠮᠳᠠᠳᠤ ᠤᠯᠤᠰ ᠤᠨ ᠤᠨᠴᠠᠯᠢᠭ ᠲᠠᠢ ᠨᠡᠶᠢᠬᠡᠮ ᠵᠢᠷᠤᠮ ᠤᠨ ᠠᠵᠢᠯᠯᠠᠭᠠᠨ ᠤ ᠬᠦᠳᠦᠯᠪᠤᠷᠢ ᠪᠤᠯᠤᠨ ᠬᠦᠭ᠍ᠵᠢᠯᠳᠡ ᠶᠢᠨ ᠠᠤᠭ᠎ᠠ ᠲᠦᠯᠥᠪᠯᠡᠭᠡ ᠶᠢ ᠲᠤᠭᠳᠠᠭᠠᠪᠠ᠃ ᠪᠢᠳᠡ ᠠᠷᠠᠳ ᠲᠦᠮᠡᠨ ᠢᠶᠠᠷ ᠭᠤᠤᠯ ᠪᠤᠯᠭᠠᠬᠤ ᠬᠦᠭ᠍ᠵᠢᠯᠳᠡ ᠶᠢᠨ ᠦᠵᠡᠯ ᠰᠠᠨᠠᠭ᠎ᠠ ᠶᠢ ᠪᠠᠷᠢᠮᠳᠠᠯᠠᠵᠥ᠂ ᠰᠢᠨ᠎ᠡ ᠬᠦᠭ᠍ᠵᠢᠯᠳᠡ ᠶᠢᠨ ᠤᠢᠢᠯᠠᠭᠠᠬᠳᠠᠬᠤᠨ ᠢ ᠬᠦᠨᠵᠡᠬᠡᠢ ᠲᠤᠤᠱᠯᠠᠭᠤᠯᠵᠥ᠂ ᠤᠳᠤᠬᠢᠴᠢᠯᠠᠭᠰᠠᠠ ᠠᠵᠥ ᠠᠬᠤᠢ ᠶᠢᠨ ᠰᠢᠰᠲ᠋ᠧᠮ ᠢ ᠪᠠᠶᠢᠭᠤᠯᠤᠨ᠎ᠠ;ᠦᠭᠡᠷᠡᠴᠢᠯᠡᠯᠳᠡ ᠶᠢ ᠪᠦᠬᠦ ᠲᠠᠯ᠎ᠠ ᠪᠠᠷ ᠬᠦᠨᠵᠡᠬᠡᠶᠢᠷᠡᠬᠦᠯᠵᠥ᠂ ᠨᠡᠶᠢᠬᠡᠮ ᠤᠨ ᠡᠬᠦᠳᠦᠨ ᠪᠦᠳᠦᠭᠡᠬᠦ ᠬᠦᠴᠦᠨ ᠢ ᠶᠡᠬᠡᠪᠡᠷ ᠬᠦᠭ᠍ᠵᠢᠬᠡᠵᠥ᠂ ᠬᠦᠭ᠍ᠵᠢᠯᠳᠡ ᠶᠢᠨ ᠠᠮᠢᠵᠢᠷᠠᠯ ᠤᠨ ᠬᠦᠴᠦᠨ ᠢ ᠦᠷᠬᠦᠯᠵᠢᠯᠡᠨ ᠲᠠᠶᠢᠴᠢᠯᠠᠨ᠎ᠠ;ᠨᠡᠩ ᠦᠨᠳᠤᠷ ᠲᠡᠰ ᠲᠠᠪᠬᠤᠷᠭ᠎ᠠ ᠶᠢᠨ ᠨᠡᠬᠡᠬᠡᠯᠳᠡᠳᠤ ᠮᠠᠶ᠊ᠢᠭ ᠤᠨ ᠠᠵᠥ ᠠᠬᠤᠢ ᠶᠢ ᠬᠦᠭ᠍ᠵᠢᠬᠦᠯᠵᠥ᠂ 《ᠨᠢᠬᠡ ᠪᠦᠰᠡ ᠨᠢᠬᠡ ᠵᠠᠮ》 ᠤᠨ ᠪᠦᠳᠦᠭᠡᠨ ᠪᠠᠶᠢᠭᠤᠯᠤᠯᠳᠠ ᠶᠢ ᠬᠦᠨᠵᠡᠬᠡᠢ ᠠᠬᠢᠭᠤᠯᠵᠥ᠂ ᠪᠦᠬᠦ ᠲᠠᠯ᠎ᠠ ᠪᠠᠷ ᠨᠡᠬᠡᠬᠡᠯᠳᠡ ᠬᠢᠬᠦ ᠰᠢᠨ᠎ᠡ ᠪᠠᠶᠢᠷᠢᠰᠢᠯ ᠤᠨ ᠪᠦᠷᠢᠯᠳᠦᠬᠦ ᠶᠢ ᠠᠬᠢᠭᠤᠯᠤᠨ᠎ᠠ᠃ ᠢᠷᠡᠬᠡᠳᠤᠢ ᠪᠠᠨ ᠪᠠᠷᠠᠯᠠᠬᠤᠶ᠎ᠠ᠂ ᠲᠤᠮᠳᠠᠳᠤ ᠤᠯᠤᠰ ᠤᠨ ᠬᠦᠭ᠍ᠵᠢᠯᠳᠡ ᠶᠢᠨ ᠬᠦᠳᠡᠯᠭᠡᠬᠦ ᠬᠦᠴᠦᠨ ᠨᠡᠩ ᠭᠦᠢᠴᠡᠳ᠂ ᠠᠷᠠᠳ ᠲᠦᠮᠡᠨ ᠤ ᠬᠦᠷᠳᠡᠮᠵᠢ ᠶᠢᠨ ᠲᠦᠷᠦᠭᠳᠡᠯ ᠨᠡᠩ ᠤᠯᠠᠨ᠂ ᠲᠡᠯᠡᠬᠡᠢ ᠳ᠋ᠡᠬᠢᠨ ᠯᠤᠭ᠎ᠠ ᠶᠢᠨ ᠬᠤᠷᠰᠢᠯᠴᠠᠯ ᠨᠡᠩ ᠬᠦᠨᠵᠡᠬᠡᠢ ᠪᠤᠯᠵᠥ᠂ ᠪᠦᠬᠦ ᠪᠦᠮᠪᠦᠷᠴᠡᠭ ᠤᠨ ᠬᠦᠭ᠍ᠵᠢᠯᠳᠡ ᠳᠤ ᠨᠡᠩ ᠤᠯᠠᠨ ᠠᠵᠠ ᠲᠤᠬᠢᠶᠠᠯ ᠢ ᠡᠬᠦᠳᠴᠦ᠂ ᠨᠡᠩ ᠶᠡᠭᠡ ᠬᠤᠪᠢ ᠨᠡᠮᠡᠷᠢ ᠦᠵᠡᠬᠦᠯᠬᠦ ᠪᠤᠯᠤᠨ᠎ᠠ᠃

    ᠲᠤᠮᠳᠠᠳᠤ ᠤᠯᠤᠰ ᠤᠨ ᠠᠵᠥ ᠠᠬᠤᠢ ᠤᠷᠳᠤ ᠬᠤᠭᠤᠴᠠᠭ᠎ᠠ ᠪᠠᠷ ᠰᠠᠶᠢᠵᠢᠷᠠᠬᠤ ᠬᠡᠬᠡᠨ ᠰᠠᠷᠠᠭᠤᠯ ᠠᠯᠤᠰ ᠢᠷᠡᠭᠡᠳᠤᠢ ᠲᠠᠢ᠂ ᠲᠤᠭᠳᠠᠭᠤᠨ ᠤ ᠲᠤᠮᠳᠠ ᠤᠷᠤᠭᠰᠢᠯᠠᠨ ᠲᠠᠪᠰᠢᠬᠤ᠂ ᠦᠷᠬᠦᠯᠵᠢᠯᠡᠨ ᠰᠠᠶᠢᠵᠢᠷᠠᠬᠤ ᠶᠢ ᠪᠡᠶᠡᠯᠡᠬᠦᠯᠬᠦ ᠰᠠᠭᠤᠷᠢ ᠲᠠᠢ᠂ ᠨᠦᠬᠦᠴᠡᠯ ᠲᠠᠢ᠂ ᠬᠦᠳᠡᠯᠬᠡᠬᠦ ᠬᠦᠴᠦᠨ ᠲᠠᠢ ᠶᠤᠮ᠃ ᠲᠤᠮᠳᠠᠳᠤ ᠤᠯᠤᠰ ᠨᠡᠬᠡᠬᠡᠯᠳᠡ ᠬᠢᠬᠦ ᠡᠬᠦᠳᠡ ᠪᠠᠨ ᠬᠠᠭᠠᠬᠤ ᠦᠬᠡᠢ᠂ ᠤᠯᠠᠮ ᠶᠡᠭᠡ ᠨᠡᠬᠡᠬᠡᠵᠥ᠂ ᠡᠵᠡᠩᠨᠡᠯᠳᠡ ᠶᠢᠨ ᠤᠷᠴᠢᠨ ᠲᠤᠭᠤᠷᠢᠨ ᠤᠯᠠᠮ ᠴᠢᠯᠥᠬᠡᠳᠡᠢ᠂ ᠢᠯᠡ᠂ ᠵᠢᠷᠤᠮᠵᠢᠯ ᠲᠠᠢ ᠪᠤᠯᠬᠤ ᠶᠤᠮ᠃ ᠲᠤᠮᠳᠠᠳᠤ ᠤᠯᠤᠰ ᠪᠦᠬᠦ ᠪᠦᠮᠪᠦᠷᠴᠡᠭ ᠤᠨ ᠬᠠᠨᠢᠳᠠᠨ ᠤ ᠬᠠᠷᠢᠯᠴᠠᠭ᠎ᠠ ᠪᠠᠨ ᠦᠷᠬᠦᠯᠵᠢᠯᠡᠨ ᠬᠦᠭ᠍ᠵᠢᠬᠦᠯᠵᠥ᠂ ᠡᠯ᠎ᠡ ᠤᠯᠤᠰ ᠯᠤᠭ᠎ᠠ ᠶᠢᠨ ᠠᠰᠢᠬ ᠲᠤᠰᠠ ᠶᠢᠨ ᠰᠤᠯᠪᠢᠴᠠᠯ ᠤᠨ ᠴᠡᠭ ᠢᠶᠠᠨ ᠦᠷᠬᠡᠳᠭᠡᠵᠥ᠂ ᠠᠷᠠᠯᠵᠢᠶ᠎ᠠ ᠪᠤᠯᠤᠨ ᠪᠡᠯᠡ ᠤᠷᠤᠭᠤᠯᠤᠯᠳᠠ ᠶᠢᠨ ᠴᠢᠯᠥᠬᠡᠵᠢᠯ ᠲᠦᠬᠦᠮᠵᠢᠯ ᠢ ᠠᠬᠢᠭᠤᠯᠵᠥ᠂ ᠠᠵᠥ ᠠᠬᠤᠢ ᠶᠢᠨ ᠲᠡᠯᠡᠬᠡᠶᠢᠵᠢᠯᠲᠡ ᠨᠡᠩ ᠨᠡᠬᠡᠬᠡᠯᠳᠡᠳᠡᠢ᠂ ᠪᠠᠭᠳᠠᠭᠠᠮᠵᠢᠳᠠᠢ᠂ ᠨᠡᠶᠢᠳᠡᠮ ᠠᠰᠢᠭ ᠬᠦᠷᠳᠡᠭᠡᠬᠦ᠂ ᠲᠠᠩᠴᠠᠬᠦᠷᠢᠳᠡᠢ᠂ ᠬᠠᠮᠳᠤᠪᠡᠷ ᠠᠰᠢᠬ ᠬᠦᠷᠳᠡᠬᠦ ᠴᠢᠭᠯᠡᠯ ᠢᠶᠠᠷ ᠤᠷᠤᠭᠰᠢ ᠬᠦᠭ᠍ᠵᠢᠬᠦ ᠶᠢ ᠠᠬᠢᠭᠤᠯᠤᠨ᠎ᠠ᠃ ᠪᠢᠳᠡ ᠪᠦᠬᠦ ᠪᠦᠮᠪᠦᠷᠴᠡᠭ ᠤᠨ ᠠᠵᠥ ᠠᠬᠤᠢᠢᠯᠠᠯᠳᠠᠳ ᠤᠨ ᠲᠤᠮᠳᠠᠳᠤ ᠤᠯᠤᠰ ᠲᠤ ᠢᠷᠡᠵᠥ ᠪᠡᠯᠡ ᠤᠷᠤᠭᠤᠯᠤᠨ ᠦᠢᠯᠡᠰ ᠢᠶᠠᠨ ᠬᠦᠭ᠍ᠵᠢᠬᠦᠯᠵᠥ᠂ ᠲᠤᠮᠳᠠᠳᠤ ᠤᠯᠤᠰ ᠤᠨ ᠦᠭᠡᠷᠡᠴᠢᠯᠡᠯᠳᠡ ᠬᠦᠭ᠍ᠵᠢᠯᠳᠡ ᠶᠢᠨ ᠠᠪᠴᠢᠷᠠᠭᠰᠠᠠ ᠠᠵᠠ ᠲᠤᠬᠢᠶᠠᠯ ᠢ ᠬᠠᠮᠳᠤᠪᠡᠷ ᠡᠳ᠋ᠯᠡᠵᠥ᠂ ᠲᠤᠮᠳᠠᠳᠤ ᠭᠠᠳᠠᠭᠠᠳᠤ ᠶᠢᠨ ᠠᠵᠥ ᠠᠬᠤᠢ ᠠᠷᠠᠯᠵᠢᠶᠠᠨ ᠤ ᠬᠠᠮᠳᠤᠷᠠᠯᠴᠠᠭ᠎ᠠ ᠶᠢᠨ ᠰᠠᠶᠢᠨ ᠰᠠᠶᠢᠬᠠᠨ ᠢᠷᠡᠭᠡᠳᠤᠢ ᠶᠢ ᠬᠠᠮᠳᠤᠪᠡᠷ ᠴᠤᠭᠴᠠᠯᠠᠬᠤ ᠶᠢ ᠬᠠᠯᠠᠭᠤᠨ ᠢᠶᠠᠷ ᠤᠬᠳᠤᠨ᠎ᠠ!

    2017ᠤᠨ ᠤ ᠭᠤᠸᠠᠩᠵᠸᠥ ᠶᠢᠨ《ᠡᠳ᠋ ᠬᠦᠷᠦᠩᠬᠡ》ᠪᠦᠬᠦ ᠪᠦᠮᠪᠦᠷᠴᠡᠭ ᠤᠨ ᠶᠠᠷᠢᠶᠠᠨ ᠤ ᠲᠠᠪᠴᠠᠩ ᠲᠡᠬᠦᠰ ᠠᠮᠵᠢᠯᠳᠠ ᠲᠠᠢ ᠪᠤᠯᠬᠤ ᠶᠢ ᠵᠦᠩᠨᠡᠶ᠎ᠡ!

    ᠪᠦᠬᠦᠳᠡ ᠨᠠᠶᠢᠷᠠᠮᠳᠠᠬᠤ ᠲᠤᠮᠳᠠᠳᠤ ᠠᠷᠠᠳ ᠤᠯᠤᠰ ᠤᠨ ᠲᠡᠷᠢᠬᠦᠯᠡᠭᠴᠢ ᠰᠢ ᠶᠢᠨ ᠫᠢᠩ

    2017 ᠤᠨ ᠤ 12 ᠰᠠᠷ᠎ᠠ ᠶᠢᠨ 6  ᠤ᠋ ᠡᠳᠤᠷ

ᠢᠷᠡᠯᠳᠡ᠄ ᠰᠢᠨᠬᠤᠸᠠ ᠬᠤᠷᠢᠶ᠎ᠠ ᠪᠡᠯᠡᠳᠭᠡᠭ᠍ᠰᠡᠨ ᠨᠢ᠄ ᠬ • ᠦᠵᠡᠰᠭᠦᠯᠡᠩ

ᠨᠡᠶᠢᠬᠡᠮ ᠠᠬᠤᠢ

ᠰᠣᠶᠤᠯ ᠤᠷᠠᠯᠢᠭ

  • ᠶᠤᠸᠠᠨ ᠤ ᠲᠡᠭᠡᠲᠤ ᠨᠡᠶᠢᠰᠯᠡᠯ ᠳᠤ ᠪᠤᠯᠤᠭᠰᠠᠨ ᠴᠠᠭᠠᠨ ᠢᠳᠡᠭᠡᠨ ᠤ ᠰᠤᠶᠤᠯ ᠤᠨ ᠨᠠᠶᠢᠷ
  • 26 ᠳ᠋ᠤᠭᠠᠷ ᠬᠤᠭᠤᠴᠠᠭᠠᠨ ᠤ ᠠᠯᠳᠠᠨ ᠳᠠᠬᠢᠶ᠎ᠠ ᠴᠡᠴᠡᠬᠡᠰ ᠺᠢᠨᠣ᠋ ᠶᠢᠨ ᠨᠠᠶᠢᠷ ᠬᠦᠬᠡᠬᠤᠳᠠ ᠳᠤ ᠨᠡᠬᠡᠬᠡᠯᠳᠡ ᠪᠡᠨ ᠬᠢᠪᠡ
  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
010070230030000000000000011120701122081627