蒙古文网站Logo
ᠰᠢᠨᠬᠤᠸᠠ ᠮᠤᠩᠭ᠋ᠤᠯ ᠨᠧᠲ

ᠰᠢ ᠵᠢᠨ ᠫᠢᠩ ᠪᠤᠲ᠋ᠧᠹᠯᠢᠺ ᠶᠡᠷᠦᠩᠬᠡᠶᠢᠯᠡᠭᠴᠢ ᠶᠢᠨ ᠬᠠᠮᠲᠤ《ᠠᠯᠵᠧᠷᠢᠶ᠎ᠠ -1》ᠬᠤᠯᠪᠤᠭᠠᠨ ᠤ ᠳᠠᠭᠠᠭᠤᠯᠢ ᠶᠢ ᠠᠮᠵᠢᠯᠲᠠ ᠲᠠᠢ ᠬᠥᠭᠡᠷᠭᠡᠭᠰᠡᠨ ᠳᠤ ᠬᠠᠷᠢᠯᠴᠠᠨ ᠪᠠᠶᠠᠷ ᠤᠨ ᠵᠠᠬᠢᠶ᠎ᠠ ᠢᠯᠡᠬᠡᠵᠡᠢ

2017-12-12 10:25

    ᠰᠢᠨᠬᠤᠧᠠ ᠬᠤᠷᠢᠶ᠎ᠠ   ᠪᠡᠭᠡᠵᠢᠩ ᠦᠨ 12 ᠰᠠᠷ᠎ᠠ ᠶᠢᠨ 11 ᠍ ᠦ ᠡᠳᠦᠷ ᠦᠨ ᠴᠠᠬᠢᠯᠭᠠᠨ ᠮᠡᠳᠡᠭᠡ   ᠤᠯᠤᠰ ᠤᠨ ᠳᠡᠷᠢᠬᠦᠯᠡᠭᠴᠢ ᠰᠢ ᠵᠢᠨ ᠫᠢᠩ 12 ᠰᠠᠷ᠎ᠠ ᠶᠢᠨ 11 ᠍ ᠦ ᠡᠳᠦᠷ ᠠᠯᠵᠧᠷᠢᠶ᠎ᠠ ᠶᠢᠨ ᠶᠡᠷᠦᠩᠬᠡᠶᠢᠯᠡᠭᠴᠢ ᠪᠤᠲ᠋ᠧᠹᠯᠢᠺ ᠶᠢᠨ ᠬᠠᠮᠲᠤ《ᠠᠯᠵᠧᠷᠢᠶ᠎ᠠ -1》 ᠬᠤᠯᠪᠤᠭᠠᠨ ᠤ ᠳᠠᠭᠠᠭᠤᠯᠢ ᠶᠢ ᠰᠢᠴᠡᠩ ᠳᠠᠭᠠᠭᠤᠯᠢ ᠬᠦᠬᠡᠷᠬᠡᠬᠦ ᠲᠥᠪ ᠡᠴᠡ ᠠᠮᠵᠢᠯᠲᠠ ᠲᠠᠢ ᠬᠥᠭᠡᠷᠭᠡᠭᠰᠡᠨ ᠳᠦ ᠬᠠᠷᠢᠯᠴᠠᠨ ᠪᠠᠶᠠᠷ ᠬᠦᠷᠭᠡᠵᠦ ᠵᠠᠬᠢᠶ᠎ᠠ ᠳᠠᠮᠵᠢᠭᠤᠯᠵᠠᠢ᠃

    ᠰᠢ ᠵᠢᠨ ᠫᠢᠩ ᠪᠠᠶᠠᠷ ᠤᠨ ᠵᠠᠬᠢᠶᠠᠨ ᠳᠤ ᠪᠠᠨ《ᠠᠯᠵᠧᠷᠢᠶ᠎ᠠ -1》 ᠬᠤᠯᠪᠤᠭᠠᠨ ᠤ ᠳᠠᠭᠠᠭᠤᠯᠢ ᠶᠢᠨ ᠲᠥᠰᠦᠯ ᠪᠣᠯ ᠳᠤᠮᠳᠠᠳᠤ ᠠᠯᠵᠧᠷᠢᠶ᠎ᠠ ᠶᠢᠨ ᠰᠲ᠋ᠷᠠᠲ᠋ᠧᠭᠢ ᠶᠢᠨ ᠢᠵᠢ ᠪᠦᠷᠢᠨ ᠲᠦᠩᠰᠢᠯᠡᠯ ᠦᠨ ᠬᠠᠷᠢᠯᠴᠠᠭᠠᠨ ᠤ ᠴᠢᠬᠤᠯᠠ ᠢᠯᠡᠷᠡᠯ᠂ ᠮᠥᠨ ᠳᠤᠮᠳᠠᠳᠤ ᠠᠯᠵᠧᠷᠢᠶ᠎ᠠ ᠶᠢᠨ ᠰᠠᠨᠰᠠᠷ ᠠᠶᠠᠯᠠᠯ ᠤᠨ ᠬᠦᠷᠢᠶ᠎ᠡ ᠴᠠᠷᠠᠭᠠᠨ ᠳ᠋ᠠᠬᠢ ᠬᠠᠮᠲᠤ ᠶᠢᠨ ᠠᠵᠢᠯᠯᠠᠭᠠᠨ ᠤ ᠠᠮᠵᠢᠯᠲᠠ ᠪᠦᠲᠦᠮᠵᠢ ᠶᠢᠨ ᠦᠯᠢᠭᠡᠷ ᠵᠢᠱᠢᠶ᠎ᠡ ᠪᠣᠯᠬᠤ ᠶᠤᠮ᠃ ᠠᠯᠵᠧᠷᠢᠶ᠎ᠠ ᠶᠢᠨ ᠡᠳ᠋ ᠍ ᠦᠨ ᠵᠠᠰᠠᠭ ᠤᠨ ᠬᠥᠭᠵᠢᠯ᠂ ᠢᠷᠭᠡᠳ ᠦᠨ ᠠᠮᠢᠵᠢᠷᠭ᠎ᠠ ᠶᠢ ᠳᠡᠭᠡᠭᠰᠢᠯᠡᠭᠦᠯᠬᠦ᠂ ᠨᠡᠶᠢᠭᠡᠮ ᠤᠨ ᠠᠬᠢᠯᠲᠠ ᠳᠠᠪᠰᠢᠯᠲᠠ ᠳᠤ ᠴᠢᠬᠤᠯᠠ ᠡᠭᠦᠷᠭᠡ ᠭᠦᠢᠴᠡᠳᠭᠡᠬᠦ ᠪᠣᠯᠤᠨ᠎ᠠ᠃ ᠢᠷᠡᠬᠦ ᠵᠢᠯ ᠳᠤᠮᠳᠠᠳᠤ ᠠᠯᠵᠧᠷᠢᠶ᠎ᠠ ᠶᠢᠨ ᠬᠠᠷᠢᠯᠴᠠᠭ᠎ᠠ ᠪᠠᠶᠢᠭᠤᠯᠤᠭᠰᠠᠨ 60 ᠵᠢᠯ ᠦᠨ ᠣᠢ ᠲᠣᠬᠢᠶᠠᠨ᠎ᠠ᠂ ᠳᠤᠮᠳᠠᠳᠤ ᠶᠢᠨ ᠲᠠᠯ᠎ᠠ ᠠᠯᠵᠧᠷᠢᠶ᠎ᠠ ᠶᠢᠨ ᠲᠠᠯ᠎ᠠ ᠲᠠᠢ ᠬᠠᠮᠲᠤ ᠪᠠᠷ ᠪᠦᠬᠦ ᠬᠦᠷᠢᠶ᠎ᠡ ᠴᠠᠷᠠᠭᠠᠨ ᠤ ᠬᠠᠷᠢᠯᠴᠠᠭ᠎ᠠ ᠬᠠᠮᠲᠤ ᠶᠢᠨ ᠠᠵᠢᠯᠯᠠᠭ᠎ᠠ ᠪᠠᠨ ᠡᠷᠴᠢᠮᠵᠢᠭᠦᠯᠵᠦ᠂ ᠬᠣᠶᠠᠷ ᠣᠷᠣᠨ ᠤ ᠰᠲ᠋ᠷᠠᠲ᠋ᠧᠭᠢ ᠶᠢᠨ ᠢᠵᠢ ᠪᠥᠷᠢᠨ ᠲᠦᠩᠰᠢᠯᠡᠯ ᠦᠨ ᠬᠠᠷᠢᠯᠴᠠᠭ᠎ᠠ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠦᠡ ᠬᠥᠭᠵᠢᠬᠦᠯᠬᠦ ᠶᠢ ᠠᠬᠢᠭᠤᠯᠵᠤ᠂ ᠬᠣᠶᠠᠷ ᠣᠷᠣᠨ ᠵᠢᠴᠢ ᠬᠣᠶᠠᠷ ᠣᠷᠣᠨ ᠤ ᠢᠷᠭᠡᠳ ᠲᠦ ᠠᠵᠠ ᠪᠤᠶᠠᠨ ᠡᠳ᠋ᠯᠡᠭᠦᠯᠦᠨ᠎ᠡ ᠭᠡᠵᠡᠢ᠃

    ᠪᠤᠲ᠋ᠧᠹᠯᠢᠺ ᠪᠠᠶᠠᠷ ᠤᠨ ᠵᠠᠬᠢᠶᠠᠨ ᠳᠤ ᠪᠠᠨ《ᠠᠯᠵᠧᠷᠢᠶ᠎ᠠ -1》 ᠬᠤᠯᠪᠤᠭᠠᠨ ᠤ ᠳᠠᠭᠠᠭᠤᠯᠢ ᠶᠢ ᠠᠮᠵᠢᠯᠲᠠ ᠲᠠᠢ ᠬᠥᠭᠡᠷᠭᠡᠭᠰᠡᠨ ᠨᠢ ᠳᠤᠮᠳᠠᠳᠤ ᠠᠯᠵᠧᠷᠢᠶ᠎ᠠ ᠶᠢᠨ ᠰᠠᠨᠰᠠᠷ ᠠᠶᠠᠯᠠᠯ ᠤᠨ ᠬᠦᠷᠢᠶ᠎ᠡ ᠴᠠᠷᠠᠭᠠᠨ ᠳ᠋ᠡᠬᠢ ᠦᠯᠡᠮᠵᠢ ᠠᠮᠵᠢᠯᠲᠠ ᠪᠣᠯᠬᠤ ᠳᠡᠳᠦᠢ ᠦᠬᠡᠢ ᠬᠣᠶᠠᠷ ᠣᠷᠣᠨ ᠤ ᠭᠦᠨ ᠵᠤᠵᠠᠭᠠᠨ ᠤᠯᠠᠮᠵᠢᠯᠠᠯᠲᠤ ᠨᠥᠬᠥᠷᠯᠡᠯ ᠢ ᠦᠵᠡᠭᠦᠯᠵᠦ ᠪᠠᠶᠢᠭ᠎ᠠ᠃ ᠠᠯᠵᠧᠷᠢᠶ᠎ᠠ ᠨᠢ ᠳᠤᠮᠳᠠᠳᠤ ᠤᠯᠤᠰ ᠲᠠᠢ ᠬᠠᠮᠲᠤ ᠪᠦᠬᠦ ᠬᠦᠷᠢᠶ᠎ᠡ ᠴᠠᠷᠠᠭᠠᠨ ᠳ᠋ᠡᠬᠢ ᠬᠠᠮᠲᠤ ᠶᠢᠨ ᠠᠵᠢᠯᠯᠠᠭ᠎ᠠ ᠪᠠᠨ ᠠᠬᠢᠭᠤᠯᠵᠤ ᠤᠯᠠᠮ ᠥᠨᠳᠥᠷ ᠠᠮᠵᠢᠯᠲᠠ ᠳᠤ ᠬᠦᠷᠬᠦ ᠶᠢ ᠬᠦᠰᠡᠵᠦ ᠪᠠᠶᠢᠨ᠎ᠠ ᠭᠡᠯ᠎ᠡ᠃

ᠢᠷᠡᠯᠳᠡ᠄ ᠰᠢᠨᠬᠤᠧᠠ ᠬᠤᠷᠢᠶ᠎ᠠ ᠪᠡᠯᠡᠳᠭᠡᠭ᠍ᠰᠡᠨ ᠨᠢ᠄ ᠪᠣᠯᠣᠷᠴᠡᠴᠡᠭ᠌

ᠰᠣᠶᠤᠯ ᠤᠷᠠᠯᠢᠭ

  • ᠶᠤᠸᠠᠨ ᠤ ᠲᠡᠭᠡᠲᠤ ᠨᠡᠶᠢᠰᠯᠡᠯ ᠳᠤ ᠪᠤᠯᠤᠭᠰᠠᠨ ᠴᠠᠭᠠᠨ ᠢᠳᠡᠭᠡᠨ ᠤ ᠰᠤᠶᠤᠯ ᠤᠨ ᠨᠠᠶᠢᠷ
  • 26 ᠳ᠋ᠤᠭᠠᠷ ᠬᠤᠭᠤᠴᠠᠭᠠᠨ ᠤ ᠠᠯᠳᠠᠨ ᠳᠠᠬᠢᠶ᠎ᠠ ᠴᠡᠴᠡᠬᠡᠰ ᠺᠢᠨᠣ᠋ ᠶᠢᠨ ᠨᠠᠶᠢᠷ ᠬᠦᠬᠡᠬᠤᠳᠠ ᠳᠤ ᠨᠡᠬᠡᠬᠡᠯᠳᠡ ᠪᠡᠨ ᠬᠢᠪᠡ
  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
关闭
010070230030000000000000011120701122096064