蒙古文网站Logo
ᠰᠢᠨᠬᠤᠸᠠ ᠮᠤᠩᠭ᠋ᠤᠯ ᠨᠧᠲ

ᠲᠦᠷᠦ ᠵᠢᠨ ᠶᠠᠪᠤᠳᠠᠯ ᠤᠨ ᠬᠤᠷᠢᠶᠠᠨ ᠤ ᠠᠯᠪᠡᠨ ᠲᠢᠩᠬᠢᠮ 《ᠦᠢᠯᠡᠳᠪᠤᠷᠢᠯᠡᠯ ᠬᠢᠴᠢᠶᠡᠯ ᠬᠦᠮᠦᠵᠢᠯ ᠤᠨ ᠠᠭᠤᠰᠤᠯᠴᠠᠯ ᠢ ᠬᠦᠨᠵᠡᠭᠡᠢᠢᠷᠡᠬᠦᠯᠬᠦ ᠲᠤᠬᠠᠢ ᠰᠠᠨᠠᠯ ᠤᠳ》 ᠢ ᠳᠠᠷᠤᠮᠠᠯᠯᠠᠨ ᠳᠠᠷᠬᠠᠭᠠᠵᠠᠢ

2017-12-20 10:21

    ᠰᠢᠨᠬᠤᠧᠠ ᠬᠤᠷᠢᠶ᠎ᠠ   ᠪᠡᠭᠡᠵᠢᠩ ᠤᠨ 12 ᠰᠠᠷ᠎ᠠ ᠵᠢᠨ 19 ᠤ ᠡᠳᠦᠷ ᠤᠨ ᠴᠠᠬᠢᠯᠭᠠᠨ ᠮᠡᠳᠡᠭᠡ   ᠤᠢᠢᠷ᠎ᠠ ᠳ᠋ᠤ᠂ ᠲᠦᠷᠦ ᠵᠢᠨ ᠶ᠍ᠠᠪᠤᠳᠠᠯ ᠤᠨ ᠬᠤᠷᠢᠶᠠᠨ ᠤ ᠠᠯᠪᠡᠨ ᠲᠢᠩᠬᠢᠮ《ᠦᠢᠯᠡᠳᠪᠤᠷᠢᠯᠡᠯ ᠬᠢᠴᠢᠶᠡᠯ ᠬᠦᠮᠦᠵᠢᠯ ᠤᠨ ᠠᠭᠤᠰᠤᠯᠴᠠᠯ ᠢ ᠬᠦᠨᠵᠡᠭᠡᠢᠢᠷᠡᠬᠦᠯᠬᠦ ᠲᠤᠬᠠᠢ ᠰᠠᠨᠠᠯ ᠤᠳ》(ᠲᠤᠷᠤᠬᠰᠢ《ᠰᠠᠨᠠᠯ》ᠭᠡᠵᠦ ᠲᠦᠬᠦᠮᠴᠢᠯᠡᠨ᠎ᠠ) ᠢ ᠳᠠᠷᠤᠮᠠᠯᠯᠠᠨ ᠳᠠᠷᠬᠠᠭᠠᠪᠠ᠃

    《ᠰᠠᠨᠠᠯ》ᠳ᠋ᠦ᠂ ᠦᠢᠯᠡᠳᠪᠤᠷᠢᠯᠡᠯ ᠬᠢᠴᠢᠶᠡᠯ ᠬᠦᠮᠦᠵᠢᠯ ᠤᠨ ᠠᠭᠤᠰᠤᠯᠴᠠᠯ ᠪᠤᠯᠤᠨ ᠡᠳ᠋ ᠤᠨ ᠵᠠᠰᠠᠭ ᠨᠡᠢᠢᠭᠡᠮ ᠤᠨ ᠬᠦᠭᠵᠢᠯᠳᠠ ᠵᠢ ᠢᠵᠢᠯ ᠠᠯᠬᠤᠮ ᠢᠶᠡᠷ ᠲᠦᠯᠦᠪᠵᠢᠬᠦᠯᠵᠦ᠂ ᠰᠤᠷᠭᠠᠨ ᠬᠦᠮᠦᠵᠢᠯ ᠢ ᠡᠩ ᠲᠡᠷᠢᠬᠦᠨ ᠳ᠋ᠦ ᠲᠠᠯᠪᠢᠬᠤ᠂ ᠴᠢᠳᠠᠪᠤᠷᠢᠳᠠᠨ ᠢ ᠤᠷᠢᠳᠠᠪᠡᠷ ᠪᠤᠳᠤᠯᠬᠢᠯᠠᠬᠤ ᠵᠢ ᠡᠯ᠎ᠠ ᠲᠦᠷᠦᠯ ᠤᠨ ᠲᠦᠷᠦ ᠵᠢᠨ ᠪᠤᠳᠤᠯᠭ᠎ᠠ ᠳ᠋ᠦ ᠠᠭᠤᠰᠤᠯᠴᠠᠭᠤᠯᠬᠤ ᠭᠡᠷᠡᠭᠲᠡᠢ; ᠲᠤᠬᠠᠢᠢᠯᠠᠬᠰᠠᠨ ᠠᠵᠢᠯ ᠤᠨ ᠰᠤᠷᠭᠠᠨ ᠬᠦᠮᠦᠵᠢᠯ ᠪᠤᠯᠤᠨ ᠤᠷᠤᠨ ᠪᠦᠰᠡ ᠵᠢᠨ ᠬᠦᠭᠵᠢᠯᠳᠠ ᠵᠢᠨ ᠪᠠᠢᠢᠷᠢᠰᠢᠯ ᠢ ᠨᠢᠭᠡᠳᠦᠯᠳᠠᠢ ᠲᠦᠯᠦᠪᠵᠢᠬᠦᠯᠵᠦ᠂ ᠲᠤᠬᠠᠢᠢᠯᠠᠬᠰᠠᠨ ᠠᠵᠢᠯ ᠤᠨ ᠰᠤᠷᠭᠠᠨ ᠬᠦᠮᠦᠵᠢᠯ ᠤᠨ ᠡᠬᠢ ᠪᠠᠶ᠍᠋ᠠᠯᠢᠭ ᠢ ᠠᠭᠠᠵᠢᠮ ᠢᠶᠡᠷ ᠠᠵᠤ ᠦᠢᠯᠡᠰ ᠪᠡ ᠬᠦᠮᠦᠨ ᠠᠮᠠ ᠲᠦᠪᠯᠡᠷᠡᠭᠰᠡᠨ ᠤᠷᠤᠨ ᠳᠤ ᠲᠦᠪᠯᠡᠷᠡᠬᠦᠯᠬᠦ ᠪᠡᠷ ᠬᠦᠲᠦᠯᠦᠨ ᠳᠠᠭᠠᠭᠤᠯᠤᠨ᠎ᠠ; ᠶ᠍ᠡᠭᠡ ᠳᠡᠭᠡᠳᠦ ᠰᠤᠷᠭᠠᠭᠤᠯᠢ ᠵᠢᠨ ᠰᠤᠷᠭᠠᠨ ᠬᠦᠮᠦᠵᠢᠯ ᠢ ᠤᠯᠤᠰ ᠤᠨ ᠰᠢᠨ᠎ᠠ ᠵᠢ ᠡᠬᠦᠳᠬᠦ ᠰᠢᠰᠲ᠋ᠧᠮ ᠪᠠ ᠰᠢᠨ᠎ᠠ ᠮᠠᠶ᠊ᠢᠭ ᠤᠨ ᠬᠤᠳᠠ ᠪᠠᠯᠭᠠᠰᠤᠵᠢᠯᠳᠠ ᠵᠢᠨ ᠪᠦᠳᠦᠭᠡᠨ ᠪᠠᠢᠢᠭᠤᠯᠤᠯᠳᠠ ᠳ᠋ᠦ ᠠᠭᠤᠰᠤᠯᠴᠠᠭᠤᠯᠬᠤ ᠵᠢ ᠠᠬᠢᠭᠤᠯᠤᠨ᠎ᠠ; ᠠᠵᠤ ᠦᠢᠯᠡᠰ ᠤᠨ ᠬᠡᠯᠬᠢᠶ᠎ᠠ᠂ ᠰᠢᠨ᠎ᠠ ᠵᠢ ᠡᠬᠦᠳᠬᠦ ᠭᠡᠯᠬᠢᠶ᠎ᠠ ᠲᠠᠢ ᠨᠢᠬᠳᠠ ᠵᠤᠯᠭᠠᠭᠤᠯᠤᠭᠰᠠᠨ ᠰᠢᠨᠵᠢᠯᠡᠭᠡᠨ ᠤ ᠰᠠᠯᠠᠭ᠎ᠠ ᠲᠤᠰᠬᠠᠢ ᠮᠡᠷᠭᠡᠵᠢᠯ ᠤᠨ ᠰᠢᠰᠲ᠋ᠧᠮ ᠢ ᠪᠠᠢᠢᠭᠤᠯᠵᠦ᠂ ᠬᠤᠷᠠᠮᠠᠯ ᠴᠠᠬᠢᠯᠭᠠᠨ ᠭᠡᠯᠬᠢᠶ᠎ᠠ᠂ ᠠᠭᠠᠷ ᠤᠨ ᠠᠶ᠍᠋ᠠᠯᠠᠯ ᠤᠨ ᠬᠦᠳᠡᠯᠭᠡᠬᠦᠷ ᠮᠠᠰᠢᠨ ᠵᠢᠴᠢ ᠰᠢᠳᠠᠮᠠᠬᠠᠢ ᠭᠡᠢ ᠵᠢᠨ ᠲᠦᠷᠪᠢᠨ᠂ ᠢᠨᠲ᠋ᠧᠷᠨᠧᠲ ᠤᠨ ᠠᠶᠤᠯᠬᠦᠢ᠂ ᠵᠤᠬᠢᠶᠠᠮᠠᠯ ᠤᠶ᠍᠋ᠤᠨᠴᠢ ᠴᠢᠳᠠᠪᠬᠢ ᠵᠡᠷᠭᠡ ᠰᠢᠨᠵᠢᠯᠡᠭᠡᠨ ᠤ ᠰᠠᠯᠠᠭ᠎ᠠ ᠲᠤᠰᠬᠠᠢ ᠮᠡᠷᠭᠡᠵᠢᠯ ᠤᠨ ᠪᠠᠢᠢᠭᠤᠯᠤᠯᠳᠠ ᠵᠢ ᠶ᠍ᠡᠭᠡ ᠬᠦᠴᠦ ᠪᠡᠷ ᠳᠠᠮᠵᠢᠬᠦ ᠭᠡᠷᠡᠭᠲᠡᠢ; ᠭᠡᠷᠡᠭᠴᠡᠭᠡ ᠪᠡᠷ ᠤᠳᠤᠷᠢᠳᠤᠮᠵᠢ ᠪᠤᠯᠭᠠᠭᠰᠠᠨ ᠴᠢᠳᠠᠪᠤᠷᠢᠳᠠᠨ ᠢ ᠬᠦᠮᠦᠵᠢᠬᠦᠯᠬᠦ ᠪᠦᠳᠦᠴᠡ ᠵᠢᠨ ᠲᠤᠬᠢᠷᠠᠭᠤᠯᠤᠯᠳᠠ ᠵᠢᠨ ᠲᠤᠭᠳᠠᠴᠠ ᠵᠢ ᠪᠦᠷᠢᠨᠰᠢᠬᠦᠯᠵᠦ᠂ ᠠᠵᠢᠯ ᠤᠯᠭᠤᠯᠳᠠ ᠵᠢᠨ ᠵᠠᠬ᠎ᠠ ᠳᠡᠯᠭᠡᠬᠦᠷ ᠤᠨ ᠴᠢᠳᠠᠪᠤᠷᠢᠳᠠᠨ ᠤ ᠬᠠᠩᠭᠠᠯᠭ᠎ᠠ ᠳᠤ ᠦᠭᠬᠦ ᠪᠦᠳᠦᠮᠵᠢᠳᠠᠢ ᠰᠡᠳᠦᠯᠳᠡ ᠵᠢ ᠴᠢᠩᠭᠠᠳᠬᠠᠵᠦ᠂ ᠲᠤᠰᠬᠠᠢ ᠮᠡᠷᠭᠡᠵᠢᠯ ᠤᠨ ᠤᠷᠢᠳᠴᠢᠯᠡᠨ ᠰᠡᠷᠡᠮᠵᠢᠯᠡᠬᠦᠯᠬᠦ ᠪᠠ ᠤᠬᠤᠷᠢᠨ ᠭᠠᠷᠬᠤ ᠲᠤᠭᠳᠠᠴᠠ ᠵᠢ ᠲᠦᠪ ᠴᠢᠩᠭ᠎ᠠ ᠭᠡᠷᠡᠭᠵᠢᠬᠦᠯᠬᠦ ᠭᠡᠷᠡᠭᠲᠡᠢ ᠭᠡᠵᠦ ᠲᠤᠳᠤᠷᠬᠠᠢᠢᠯᠠᠵᠠᠢ᠃

    《ᠰᠠᠨᠠᠯ》ᠳ᠋ᠦ᠂ ᠠᠵᠤ ᠠᠬᠤᠢᠢᠯᠠᠯ ᠤᠨ ᠲᠤᠬᠠᠢᠢᠯᠠᠬᠰᠠᠨ ᠠᠵᠢᠯ ᠤᠨ ᠰᠤᠷᠭᠠᠨ ᠬᠦᠮᠦᠵᠢᠯ᠂ ᠶ᠍ᠡᠭᠡ ᠳᠡᠭᠡᠳᠦ ᠰᠤᠷᠭᠠᠭᠤᠯᠢ ᠵᠢᠨ ᠰᠤᠷᠭᠠᠨ ᠬᠦᠮᠦᠵᠢᠯ ᠳ᠋ᠦ ᠬᠠᠤᠯᠢ ᠶ᠍ᠤᠰᠤᠭᠠᠷ ᠤᠷᠤᠯᠴᠠᠬᠤ ᠵᠢ ᠵᠤᠷᠢᠬᠵᠢᠭᠤᠯᠵᠦ᠂ ᠤᠷᠤᠯᠴᠠᠬᠤ ᠵᠢ ᠨᠢ ᠵᠦᠪᠰᠢᠶᠡᠷᠡᠬᠦ ᠨᠦᠬᠦᠴᠡᠯ ᠢ ᠢᠯᠡ ᠪᠤᠯᠭᠠᠵᠤ᠂ ᠬᠢᠨᠡᠨ ᠵᠦᠪᠰᠢᠶᠡᠷᠡᠬᠦ ᠬᠡᠪᠴᠢᠶ᠎ᠠ ᠵᠢ ᠬᠠᠮᠤᠭ ᠤᠨ ᠪᠠᠭ᠎ᠠ ᠪᠤᠯᠭᠠᠬᠤ ᠵᠢ ᠪᠠᠷᠢᠮᠳᠠᠯᠠᠬᠤ ᠭᠡᠷᠡᠭᠲᠡᠢ᠃《ᠠᠵᠤ ᠠᠬᠤᠢᠢᠯᠠᠯ ᠢ ᠬᠦᠳᠦᠯᠦᠨ ᠳᠠᠭᠠᠭᠤᠯᠵᠦ ᠰᠤᠷᠭᠠᠨ ᠬᠦᠮᠦᠵᠢᠯ ᠳ᠋ᠦ ᠤᠷᠤᠯᠴᠠᠭᠤᠯᠬᠤ》ᠦᠭᠡᠷᠡᠴᠢᠯᠡᠯᠳᠠ ᠵᠢ ᠬᠦᠨᠵᠡᠭᠡᠢᠢᠷᠡᠬᠦᠯᠵᠦ᠂ ᠠᠵᠤ ᠠᠬᠤᠢᠢᠯᠠᠯ ᠡᠴᠡ ᠠᠵᠢᠯ ᠮᠡᠷᠭᠡᠵᠢᠯ ᠤᠨ ᠰᠤᠷᠭᠠᠭᠤᠯᠢ᠂ ᠶ᠍ᠡᠭᠡ ᠳᠡᠭᠡᠳᠦ ᠰᠤᠷᠭᠠᠭᠤᠯᠢ ᠵᠢᠨ ᠰᠤᠷᠭᠠᠨ ᠬᠦᠮᠦᠵᠢᠯ ᠵᠢᠭᠠᠨ ᠰᠤᠷᠭᠠᠯᠳᠠ ᠵᠢᠨ ᠦᠭᠡᠷᠡᠴᠢᠯᠡᠯᠳᠠ ᠳᠤ ᠬᠦᠨᠵᠡᠭᠡᠢ ᠤᠷᠤᠯᠴᠠᠬᠤ ᠵᠢ ᠳᠡᠮᠵᠢᠵᠦ ᠬᠦᠳᠦᠯᠦᠨ ᠵᠢᠯᠤᠭᠤᠳᠬᠤ ᠭᠡᠷᠡᠭᠲᠡᠢ ᠭᠡᠵᠦ ᠳᠤᠷᠠᠳᠪᠠ᠃

    《ᠰᠠᠨᠠᠯ》ᠳ᠋ᠦ᠂ ᠦᠢᠯᠡᠳᠪᠤᠷᠢᠯᠡᠯ ᠬᠢᠴᠢᠶᠡᠯ ᠬᠦᠮᠦᠵᠢᠯ ᠤᠨ ᠠᠭᠤᠰᠤᠯᠴᠠᠯ ᠤᠨ ᠴᠢᠳᠠᠪᠤᠷᠢᠳᠠᠨ ᠢ ᠬᠦᠮᠦᠵᠢᠬᠦᠯᠬᠦ ᠦᠭᠡᠷᠡᠴᠢᠯᠡᠯᠳᠠ ᠵᠢ ᠠᠬᠢᠭᠤᠯᠵᠦ᠂ ᠤᠷᠠᠨ ᠳᠠᠷᠬᠠᠨ ᠤ ᠵᠤᠷᠢᠭ ᠰᠠᠨᠠᠭ᠎ᠠ ᠵᠢᠨ ᠬᠦᠮᠦᠵᠢᠯ ᠢ ᠰᠠᠭᠤᠷᠢ ᠰᠤᠷᠭᠠᠨ ᠬᠦᠮᠦᠵᠢᠯ ᠳ᠋ᠦ ᠠᠭᠤᠰᠤᠯᠴᠠᠭᠤᠯᠬᠤ ᠭᠡᠷᠡᠭᠲᠡᠢ᠃ ᠠᠵᠢᠯ ᠮᠡᠷᠭᠡᠵᠢᠯ ᠤᠨ ᠰᠤᠷᠭᠠᠭᠤᠯᠢ ᠵᠢᠨ ᠠᠵᠤ ᠠᠬᠤᠢᠢᠯᠠᠯ ᠲᠠᠢ ᠬᠤᠯᠪᠤᠭ᠎ᠠ ᠪᠠᠢᠢᠭᠤᠯᠬᠤ᠂ ᠠᠵᠢᠯ ᠲᠦᠷᠦᠯ ᠲᠠᠢ ᠬᠤᠯᠪᠤᠭᠠᠯᠠᠬᠤ᠂ ᠬᠦᠷᠢᠶᠡᠯᠡᠩ ᠲᠤᠭᠤᠷᠢᠭ ᠲᠠᠢ ᠬᠤᠯᠪᠤᠯᠳᠤᠬᠤ ᠵᠢ ᠠᠬᠢᠭᠤᠯᠵᠦ᠂ ᠦᠢᠯᠡᠳᠦᠯᠭᠡ ᠵᠢᠨ ᠴᠢᠨᠠᠷᠳᠠᠢ ᠰᠤᠷᠭᠠᠨ ᠬᠦᠮᠦᠵᠢᠯ ᠤᠨ ᠬᠢᠴᠢᠶᠡᠯᠯᠡᠬᠦ ᠴᠠᠭ ᠢ ᠶ᠍ᠡᠷᠦᠩᠭᠡᠢ ᠬᠢᠴᠢᠶᠡᠯᠯᠡᠬᠦ ᠴᠠᠭ ᠤᠨ 50 % ᠡᠴᠡ ᠲᠤᠤᠷ᠎ᠠ ᠪᠠᠢᠢᠯᠭᠠᠵᠦ ᠪᠤᠯᠬᠤ ᠦᠭᠡᠢ᠃ ᠶ᠍ᠡᠭᠡ ᠳᠡᠭᠡᠳᠦ ᠰᠤᠷᠭᠠᠭᠤᠯᠢ ᠵᠢᠨ ᠡᠷᠳᠡᠮ ᠰᠢᠨᠵᠢᠯᠡᠭᠡᠨ ᠤ ᠴᠢᠳᠠᠪᠤᠷᠢᠳᠠᠨ ᠪᠠ ᠭᠡᠷᠡᠭᠯᠡᠭᠡᠨ ᠤ ᠴᠢᠳᠠᠪᠤᠷᠢᠳᠠᠨ ᠢ ᠲᠦᠷᠦᠯ ᠬᠤᠪᠢᠶ᠍᠋ᠠᠨ ᠬᠦᠮᠦᠵᠢᠬᠦᠯᠬᠦ ᠰᠢᠰᠲ᠋ᠧᠮ ᠢ ᠪᠦᠷᠢᠨᠰᠢᠬᠦᠯᠵᠦ᠂ ᠰᠤᠷᠤᠬᠴᠢ ᠳ᠋ᠦ ᠤᠯᠠᠨ ᠶ᠍ᠠᠩᠵᠤᠴᠢᠯᠠᠬᠰᠠᠨ ᠦᠰᠦᠨ ᠪᠤᠢᠢᠵᠢᠯᠳᠠ ᠵᠢᠨ ᠵᠠᠮ ᠬᠠᠩᠭᠠᠬᠤ ᠭᠡᠷᠡᠭᠲᠡᠢ᠃ ᠭᠡᠷᠡᠭᠯᠡᠭᠡᠨ ᠤ ᠮᠠᠶ᠊ᠢᠭ ᠤᠨ ᠵᠢᠩᠬᠢᠨᠢ ᠠᠩᠬᠢ ᠪᠠ ᠠᠵᠢᠯ ᠲᠦᠷᠦᠯ ᠤᠨ ᠤᠨᠴᠠᠯᠢᠭ ᠲᠠᠢ ᠶ᠍ᠡᠭᠡ ᠳᠡᠭᠡᠳᠦ ᠰᠤᠷᠭᠠᠭᠤᠯᠢ ᠵᠢᠨ ᠪᠦᠳᠦᠭᠡᠨ ᠪᠠᠢᠢᠭᠤᠯᠤᠯᠳᠠ ᠵᠢ ᠶ᠍ᠡᠭᠡᠪᠡᠷ ᠳᠡᠮᠵᠢᠵᠦ᠂ ᠭᠡᠷᠡᠭᠯᠡᠭᠡᠨ ᠤ ᠮᠠᠶ᠊ᠢᠭ ᠤᠨ ᠴᠢᠳᠠᠪᠤᠷᠢᠳᠠᠨ ᠢ ᠬᠦᠮᠦᠵᠢᠬᠦᠯᠬᠦ ᠬᠤᠪᠢ ᠵᠢᠨ ᠵᠢᠩ ᠢ ᠳᠡᠭᠡᠭᠰᠢᠯᠡᠬᠦᠯᠬᠦ ᠭᠡᠷᠡᠭᠲᠡᠢ᠃ ᠨᠦᠬᠦᠴᠡᠯ ᠲᠠᠢ ᠤᠷᠤᠨ ᠨᠤᠳᠤᠭ ᠤᠨ ᠬᠢᠨ ᠠᠵᠤ ᠦᠢᠯᠡᠰ ᠤᠨ ᠪᠠᠬᠰᠢ (ᠵᠢᠯᠤᠭᠤᠳᠤᠬᠴᠢ ᠪᠠᠬᠰᠢ) ᠶ᠋ᠢᠨ ᠤᠨᠴᠠᠭᠠᠢ ᠠᠵᠢᠯ ᠤᠨ ᠪᠠᠢᠢᠷᠢ ᠵᠢᠨ ᠲᠦᠯᠦᠪᠯᠡᠭᠡ ᠵᠢ ᠰᠦᠪᠡᠭᠴᠢᠯᠡᠬᠦ ᠵᠢ ᠵᠤᠷᠢᠬᠵᠢᠭᠤᠯᠬᠤ ᠭᠡᠷᠡᠭᠲᠡᠢ᠃ ᠰᠢᠯᠭᠠᠯᠳᠠ ᠪᠡᠷ ᠰᠤᠷᠤᠬᠴᠢ ᠡᠯᠰᠡᠬᠦ ᠢᠵᠢ ᠲᠦᠬᠦᠷ ᠦᠭᠡᠷᠡᠴᠢᠯᠡᠯᠳᠠ ᠵᠢ ᠳᠡᠬᠦᠯᠳᠡᠷᠵᠢᠬᠦᠯᠵᠦ᠂ ᠶ᠍ᠡᠭᠡ ᠳᠡᠭᠡᠳᠦ ᠰᠤᠷᠭᠠᠭᠤᠯᠢ ᠵᠢᠨ ᠠᠵᠢᠯᠯᠠᠭᠰᠠᠨ ᠦᠩᠭᠡᠷᠡᠯᠳᠡ ᠲᠠᠢ ᠬᠦᠮᠦᠰ ᠢ ᠡᠯᠰᠡᠵᠦ ᠠᠪᠬᠤ ᠬᠠᠷᠢᠴᠠᠯ ᠢ ᠠᠭᠠᠵᠢᠮ ᠢᠶᠡᠷ ᠳᠡᠭᠡᠭᠰᠢᠯᠡᠬᠦᠯᠬᠦ ᠭᠡᠷᠡᠭᠲᠡᠢ ᠭᠡᠵᠦ ᠱᠠᠭᠠᠷᠳᠠᠵᠠᠢ᠃

ᠢᠷᠡᠯᠳᠡ᠄ ᠰᠢᠨᠬᠤᠧᠠ ᠬᠤᠷᠢᠶ᠎ᠠ ᠪᠡᠯᠡᠳᠭᠡᠭ᠍ᠰᠡᠨ ᠨᠢ᠄ ᠪᠣᠯᠣᠷᠴᠡᠴᠡᠭ᠌

ᠨᠡᠶᠢᠬᠡᠮ ᠠᠬᠤᠢ

ᠰᠣᠶᠤᠯ ᠤᠷᠠᠯᠢᠭ

  • ᠶᠤᠸᠠᠨ ᠤ ᠲᠡᠭᠡᠲᠤ ᠨᠡᠶᠢᠰᠯᠡᠯ ᠳᠤ ᠪᠤᠯᠤᠭᠰᠠᠨ ᠴᠠᠭᠠᠨ ᠢᠳᠡᠭᠡᠨ ᠤ ᠰᠤᠶᠤᠯ ᠤᠨ ᠨᠠᠶᠢᠷ
  • 26 ᠳ᠋ᠤᠭᠠᠷ ᠬᠤᠭᠤᠴᠠᠭᠠᠨ ᠤ ᠠᠯᠳᠠᠨ ᠳᠠᠬᠢᠶ᠎ᠠ ᠴᠡᠴᠡᠬᠡᠰ ᠺᠢᠨᠣ᠋ ᠶᠢᠨ ᠨᠠᠶᠢᠷ ᠬᠦᠬᠡᠬᠤᠳᠠ ᠳᠤ ᠨᠡᠬᠡᠬᠡᠯᠳᠡ ᠪᠡᠨ ᠬᠢᠪᠡ
  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
关闭
010070230030000000000000011120701122138805