蒙古文网站Logo
ᠰᠢᠨᠬᠤᠸᠠ ᠮᠤᠩᠭ᠋ᠤᠯ ᠨᠧᠲ

ᠳᠦᠷᠦ ᠶᠢᠨ ᠶᠠᠪᠤᠳᠠᠯ ᠤᠨ ᠬᠤᠷᠢᠶᠠᠨ ᠤ ᠬᠡᠪᠯᠡᠯ ᠮᠡᠳᠡᠬᠡᠯᠡᠯ ᠤᠨ ᠠᠯᠪᠠ ᠰᠢᠨ᠎ᠡ ᠤᠨ ᠤ ᠬᠦᠯᠢᠶᠡᠨ ᠠᠪᠤᠯᠳᠠ ᠵᠤᠬᠢᠶᠠᠨ ᠪᠠᠶᠢᠭᠤᠯᠪᠠ

2017-12-20 10:21

    ᠰᠢᠨᠬᠤᠧᠠ ᠬᠤᠷᠢᠶ᠎ᠠ   ᠪᠡᠭᠡᠵᠢᠩ ᠤᠨ 12 ᠰᠠᠷ᠎ᠠ ᠵᠢᠨ 19 ᠤ ᠡᠳᠦᠷ ᠤᠨ ᠴᠠᠬᠢᠯᠭᠠᠨ ᠮᠡᠳᠡᠭᠡ   ᠳᠦᠷᠦ ᠶᠢᠨ ᠶᠠᠪᠤᠳᠠᠯ ᠤᠨ ᠬᠤᠷᠢᠶᠠᠨ ᠤ ᠬᠡᠪᠯᠡᠯ ᠮᠡᠳᠡᠬᠡᠯᠡᠯ ᠤᠨ ᠠᠯᠪᠠ 19 ᠤ ᠡᠳᠦᠷ ᠳᠤᠮᠳᠠᠳᠤ ᠤᠯᠤᠰ ᠤᠨ ᠳᠦᠷᠦ ᠶᠢᠨ ᠮᠦᠽᠧᠢ ᠶᠢᠨ ᠤᠷᠳᠤᠨ ᠳᠤ 2018 ᠤᠨ ᠤ ᠰᠢᠨ᠎ᠡ ᠤᠨ ᠤ ᠬᠦᠯᠢᠶᠡᠨ ᠠᠪᠤᠯᠳᠠ ᠵᠤᠬᠢᠶᠠᠨ ᠪᠠᠶᠢᠭᠤᠯᠪᠠ᠃ ᠨᠠᠮ ᠤᠨ ᠳᠦᠪ ᠬᠤᠷᠢᠶᠠᠨ ᠤ ᠤᠯᠤᠰ ᠳᠦᠷᠦ ᠶᠢᠨ ᠳᠤᠪᠴᠢᠶᠠᠨ ᠤ ᠬᠡᠰᠢᠬᠦᠨ᠂ ᠳᠦᠪ ᠤᠨ ᠤᠬᠠᠭᠤᠯᠬᠤ ᠬᠡᠯᠳᠡᠰ ᠤᠨ ᠳᠠᠷᠤᠭ᠎ᠠ ᠬᠤᠧᠠᠩ ᠺᠦᠨ ᠮᠢᠩ ᠬᠦᠯᠢᠶᠡᠨ ᠠᠪᠤᠯᠳᠠ ᠳᠤ ᠤᠷᠤᠯᠴᠠᠵᠤ᠂ ᠳᠤᠮᠳᠠᠳᠤ ᠭᠠᠳᠠᠭᠠᠳᠤ ᠶᠢᠨ ᠵᠤᠴᠢᠳ ᠲᠠᠢ ᠠᠭᠤᠯᠵᠠᠵᠠᠢ᠃

    ᠳᠦᠪ ᠤᠨ ᠤᠬᠠᠭᠤᠯᠬᠤ ᠬᠡᠯᠳᠡᠰ ᠤᠨ ᠳᠡᠳ᠋ ᠳᠠᠷᠤᠭ᠎ᠠ᠂ ᠳᠦᠷᠦ ᠶᠢᠨ ᠶᠠᠪᠤᠳᠠᠯ ᠤᠨ ᠬᠤᠷᠢᠶᠠᠨ ᠤ ᠬᠡᠪᠯᠡᠯ ᠮᠡᠳᠡᠬᠡᠯᠡᠯ ᠤᠨ ᠠᠯᠪᠠᠨ ᠤ ᠡᠷᠬᠢᠯᠡᠭᠴᠢ ᠵᠢᠶᠠᠩ ᠵᠢᠶᠠᠨ ᠭᠦᠧᠧ ᠬᠦᠯᠢᠶᠡᠨ ᠠᠪᠤᠯᠳᠠ ᠪᠡᠷ ᠦᠬᠡ ᠬᠡᠯᠡᠬᠦ ᠳ᠋ᠡᠬᠡᠨ᠂ 2017 ᠤᠨ ᠨᠢ ᠳᠤᠮᠳᠠᠳᠤ ᠤᠯᠤᠰ ᠤᠨ ᠬᠦᠭᠵᠢᠯᠳᠡ ᠶᠢᠨ ᠶᠠᠪᠤᠴᠠ ᠳ᠋ᠡᠬᠢ ᠪᠡᠯᠬᠡ ᠳᠡᠮᠳᠡᠭ ᠤᠨ ᠰᠢᠨᠵᠢᠳᠡᠢ ᠤᠨ ᠪᠤᠯᠤᠭᠰᠠᠨ᠃ ᠳᠤᠮᠳᠠᠳᠤ ᠤᠯᠤᠰ ᠤᠨ ᠡᠪ ᠬᠠᠮᠳᠤ ᠨᠠᠮ ᠤ ᠠᠷᠪᠠ ᠶᠢᠰᠦᠳᠦᠬᠡᠷ ᠤᠳᠠᠭᠠᠨ ᠤ ᠪᠦᠬᠦ ᠤᠯᠤᠰ ᠤᠨ ᠳᠦᠯᠦᠬᠡᠯᠡᠭᠴᠢᠳ ᠤᠨ ᠶᠡᠬᠡ ᠬᠤᠷᠠᠯ ᠬᠤᠷᠠᠯᠳᠤᠵᠤ᠂ ᠰᠢ ᠵᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠤᠨᠴᠠᠯᠢᠭ ᠲᠠᠢ ᠨᠡᠶᠢᠬᠡᠮ ᠵᠢᠷᠤᠮ ᠤᠨ ᠦᠵᠡᠯ ᠰᠠᠨᠠᠭᠠᠨ ᠤ ᠳᠡᠤᠬᠡᠨ ᠪᠠᠶᠢᠷᠢ ᠰᠠᠭᠤᠷᠢ ᠶᠢ ᠳᠤᠭᠳᠠᠭᠠᠵᠤ᠂ ᠰᠢ ᠵᠢᠨ ᠫᠢᠩ ᠨᠦᠬᠦᠷ ᠢᠶᠡᠷ ᠭᠤᠤᠯ ᠪᠤᠯᠭᠠᠭᠰᠠᠨ ᠰᠢᠨ᠎ᠡ ᠨᠢᠬᠡ ᠡᠬᠡᠯᠵᠢ ᠶᠢᠨ ᠨᠠᠮ ᠤᠨ ᠳᠦᠪ ᠬᠤᠷᠢᠶᠠᠨ ᠤ ᠤᠳᠤᠷᠢᠳᠬᠤ ᠪᠠᠭ ᠢ ᠰᠤᠩᠭᠤᠨ ᠭᠠᠷᠭᠠᠵᠤ᠂ ᠴᠢᠨᠡᠬᠡᠯᠢᠭ᠌ ᠨᠡᠶᠢᠬᠡᠮ ᠢ ᠪᠦᠬᠦ ᠳᠠᠯ᠎ᠠ ᠪᠡᠷ ᠪᠠᠶᠢᠭᠤᠯᠬᠤ ᠪᠠ ᠨᠡᠶᠢᠬᠡᠮ ᠵᠢᠷᠤᠮᠳᠤ ᠨᠡᠶᠢᠬᠡᠮ ᠤᠨ ᠤᠳᠤᠬᠢᠴᠢᠯᠠᠭᠰᠠᠨ ᠤᠯᠤᠰ ᠢ ᠪᠦᠬᠦ ᠳᠠᠯ᠎ᠠ ᠪᠡᠷ ᠪᠠᠶᠢᠭᠤᠯᠬᠤ ᠠᠤᠭ᠎ᠠ ᠬᠠᠷᠠᠯᠳᠠ ᠶᠢ ᠵᠢᠷᠤᠭᠯᠠᠭᠰᠠᠨ᠃ ᠳᠦᠷᠦ ᠶᠢᠨ ᠶᠠᠪᠤᠳᠠᠯ ᠤᠨ ᠬᠤᠷᠢᠶᠠᠨ ᠤ ᠬᠡᠪᠯᠡᠯ ᠮᠡᠳᠡᠬᠡᠯᠡᠯ ᠤᠨ ᠠᠯᠪᠠ ᠨᠠᠮ ᠤᠨ ᠠᠷᠪᠠ ᠶᠢᠰᠦᠳᠦᠬᠡᠷ ᠶᠡᠬᠡ ᠬᠤᠷᠠᠯ ᠢ ᠤᠬᠠᠭᠤᠯᠤᠨ ᠳᠤᠤᠱᠯᠠᠭᠤᠯᠬᠤ ᠪᠠ ᠰᠢ ᠵᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠤᠨᠴᠠᠯᠢᠭ ᠲᠠᠢ ᠨᠡᠶᠢᠬᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠳᠤᠤᠱᠯᠠᠭᠤᠯᠵᠤ ᠤᠬᠠᠭᠤᠯᠬᠤ ᠳᠤᠭᠤᠷᠢᠨ ᠳᠤ ᠰᠢ ᠵᠢᠨ ᠫᠢᠩ ᠤᠨ ᠤᠯᠤᠰ ᠢ ᠵᠠᠰᠠᠬᠤ ᠳᠦᠷᠦ ᠪᠠᠷᠢᠬᠤ ᠳᠤᠬᠠᠢ ᠨᠤᠮ ᠤᠨ ᠬᠤᠶᠠᠳᠤᠭᠠᠷ ᠪᠤᠳᠢ ᠶᠢ ᠡᠮᠬᠢᠳᠬᠡᠨ ᠬᠡᠪᠯᠡᠬᠦᠯᠪᠡ᠃ ᠮᠦᠨ ᠤᠯᠤᠰ ᠤᠨ ᠳᠤᠳᠤᠭᠠᠳᠤ ᠭᠠᠳᠠᠭᠠᠳᠤ ᠶᠢᠨ ᠬᠡᠪᠯᠡᠯ ᠮᠡᠳᠡᠬᠡᠯᠡᠯ ᠤᠨ ᠬᠢᠨ ᠪᠤᠯᠤᠨ ᠮᠡᠷᠬᠡᠳ ᠤᠨ ᠴᠢᠭᠤᠯᠭᠠᠨ ᠲᠠᠢ ᠬᠠᠷᠢᠯᠴᠠᠭᠠᠨ ᠤ ᠦᠢᠯᠡ ᠠᠵᠢᠯᠯᠠᠭ᠎ᠠ ᠵᠤᠬᠢᠶᠠᠨ ᠪᠠᠶᠢᠭᠤᠯᠵᠤ᠂ ᠡᠯ᠎ᠡ ᠪᠠᠶᠢᠭᠤᠯᠤᠯᠭ᠎ᠠ ᠨᠢᠬᠡᠴᠡ ᠬᠢᠬᠡᠳ ᠡᠯ᠎ᠡ ᠭᠠᠵᠠᠷ ᠤᠷᠤᠨ ᠤ ᠬᠢᠨ ᠲᠠᠢ ᠤᠯᠠᠨ ᠤᠳᠠᠭᠠᠨ ᠤ ᠬᠡᠪᠯᠡᠯ ᠮᠡᠳᠡᠬᠡᠯᠡᠯ ᠤᠨ ᠪᠠᠭ᠎ᠠ ᠬᠤᠷᠠᠯ ᠬᠤᠷᠠᠯᠳᠤᠭᠤᠯᠵᠤ᠂ ᠳᠡᠳᠡᠨᠡᠷ ᠤᠨ ᠤᠬᠠᠭᠤᠯᠤᠨ ᠰᠤᠷᠳᠠᠯᠴᠢᠯᠠᠬᠤ ᠠᠵᠢᠯ ᠳᠤ ᠨᠦᠬᠦᠴᠡᠯ ᠬᠠᠩᠭᠠᠪᠠ ᠬᠡᠵᠡᠢ᠃

    ᠳᠡᠷᠡᠪᠡᠷ ᠪᠠᠰᠠ᠂ 2018 ᠤᠨ ᠪᠤᠯ ᠨᠠᠮ ᠤᠨ ᠠᠷᠪᠠ ᠶᠢᠰᠦᠳᠦᠬᠡᠷ ᠶᠡᠬᠡ ᠬᠤᠷᠠᠯ ᠤᠨ ᠵᠤᠷᠢᠭ ᠰᠠᠨᠠᠭ᠎ᠠ ᠶᠢ ᠳᠤᠤᠱᠯᠠᠭᠤᠯᠬᠤ ᠡᠬᠢᠨ ᠤ ᠵᠢᠯ᠂ ᠮᠦᠨ ᠦᠬᠡᠷᠡᠴᠢᠯᠡᠯᠳᠡ ᠨᠡᠬᠡᠬᠡᠯᠳᠡ ᠬᠢᠭᠰᠡᠨ 40 ᠵᠢᠯ ᠤᠨ ᠤᠢ ᠪᠤᠯᠤᠨ᠎ᠠ᠃ ᠳᠦᠷᠦ ᠶᠢᠨ ᠶᠠᠪᠤᠳᠠᠯ ᠤᠨ ᠬᠤᠷᠢᠶᠠᠨ ᠤ ᠬᠡᠪᠯᠡᠯ ᠮᠡᠳᠡᠬᠡᠯᠡᠯ ᠤᠨ ᠠᠯᠪᠠ ᠨᠢ ᠨᠡᠩ ᠢᠳᠡᠪᠬᠢᠳᠡᠢ ᠠᠵᠢᠯᠯᠠᠭ᠎ᠠ᠂ ᠨᠡᠩ ᠨᠡᠬᠡᠬᠡᠯᠳᠡ ᠲᠠᠢ ᠤᠪᠤᠷ᠂ ᠨᠡᠩ ᠳᠡᠬᠦᠯᠳᠡᠷᠵᠢᠭᠰᠡᠨ ᠦᠢᠯᠡᠴᠢᠯᠡᠬᠡ ᠪᠡᠷ ᠳᠤᠳᠤᠭᠠᠳᠤ ᠭᠠᠳᠠᠭᠠᠳᠤ ᠶᠢ ᠬᠤᠯᠪᠤᠵᠤ ᠳᠡᠯᠡᠬᠡᠢ ᠳ᠋ᠠᠬᠢᠨ ᠢ ᠨᠡᠪᠳᠡᠷᠡᠯᠴᠡᠬᠦᠯᠬᠦ ᠬᠦᠤᠷ ᠪᠤᠯᠤᠨ᠎ᠠ ᠬᠡᠵᠡᠢ᠃

    ᠤᠯᠤᠰ ᠤᠨ ᠳᠤᠳᠤᠭᠠᠳᠤ ᠭᠠᠳᠠᠭᠠᠳᠤ ᠶᠢᠨ ᠬᠡᠪᠯᠡᠯ ᠮᠡᠳᠡᠬᠡᠯᠡᠯ ᠤᠨ ᠬᠢᠨ ᠤ ᠨᠡᠷᠡᠳᠦ ᠬᠦᠮᠦᠰ᠂ ᠳᠦᠪ ᠤᠨ ᠪᠤᠯᠤᠨ ᠤᠯᠤᠰ ᠤᠨ ᠪᠠᠶᠢᠭᠤᠯᠤᠯᠭ᠎ᠠ ᠨᠢᠬᠡᠴᠡ ᠶᠢᠨ ᠬᠡᠪᠯᠡᠯ ᠮᠡᠳᠡᠬᠡᠯᠡᠯ ᠤᠨ ᠦᠬᠦᠯᠡᠭᠴᠢ᠂ ᠬᠠᠷᠢ ᠬᠦᠷᠦᠨ ᠡᠴᠡ ᠳᠤᠮᠳᠠᠳᠤ ᠤᠯᠤᠰ ᠲᠤ ᠰᠠᠭᠤᠭ᠎ᠠ ᠵᠠᠷᠢᠮ ᠡᠯᠴᠢᠨ ᠰᠠᠶᠢᠳ ᠤᠨ ᠶᠠᠮᠤᠨ ᠤ ᠬᠦᠮᠦᠰ᠂ ᠤᠯᠠᠨ ᠤᠯᠤᠰ ᠤᠨ ᠵᠤᠬᠢᠶᠠᠨ ᠪᠠᠶᠢᠭᠤᠯᠤᠯᠳᠠ ᠶᠢᠨ ᠳᠦᠯᠦᠬᠡᠯᠡᠭᠴᠢ ᠨᠡᠶᠢᠳᠡ 400 ᠭᠠᠷᠤᠢ ᠬᠦᠮᠦᠨ ᠡᠨᠡᠬᠦ ᠬᠦᠯᠢᠶᠡᠨ ᠠᠪᠤᠯᠳᠠ ᠳᠤ ᠤᠷᠤᠯᠴᠠᠵᠠᠢ᠃

ᠢᠷᠡᠯᠳᠡ᠄ ᠰᠢᠨᠬᠤᠧᠠ ᠬᠤᠷᠢᠶ᠎ᠠ ᠪᠡᠯᠡᠳᠭᠡᠭ᠍ᠰᠡᠨ ᠨᠢ᠄ ᠪᠣᠯᠣᠷᠴᠡᠴᠡᠭ᠌

ᠨᠡᠶᠢᠬᠡᠮ ᠠᠬᠤᠢ

ᠰᠣᠶᠤᠯ ᠤᠷᠠᠯᠢᠭ

  • ᠶᠤᠸᠠᠨ ᠤ ᠲᠡᠭᠡᠲᠤ ᠨᠡᠶᠢᠰᠯᠡᠯ ᠳᠤ ᠪᠤᠯᠤᠭᠰᠠᠨ ᠴᠠᠭᠠᠨ ᠢᠳᠡᠭᠡᠨ ᠤ ᠰᠤᠶᠤᠯ ᠤᠨ ᠨᠠᠶᠢᠷ
  • 26 ᠳ᠋ᠤᠭᠠᠷ ᠬᠤᠭᠤᠴᠠᠭᠠᠨ ᠤ ᠠᠯᠳᠠᠨ ᠳᠠᠬᠢᠶ᠎ᠠ ᠴᠡᠴᠡᠬᠡᠰ ᠺᠢᠨᠣ᠋ ᠶᠢᠨ ᠨᠠᠶᠢᠷ ᠬᠦᠬᠡᠬᠤᠳᠠ ᠳᠤ ᠨᠡᠬᠡᠬᠡᠯᠳᠡ ᠪᠡᠨ ᠬᠢᠪᠡ
  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
关闭
010070230030000000000000011120701122139625