蒙古文网站Logo
ᠰᠢᠨᠬᠤᠸᠠ ᠮᠤᠩᠭ᠋ᠤᠯ ᠨᠧᠲ

ᠳᠤᠮᠳᠠᠳᠤ ᠤᠯᠤᠰ ᠪᠤᠯᠤᠨ ᠠᠷᠠᠪ ᠤᠨ ᠬᠤᠯᠪᠤᠭᠠᠲᠤ ᠠᠬᠠᠮᠠᠳᠲᠤ ᠤᠯᠤᠰ ᠤᠨ ᠬᠤᠭᠤᠷᠤᠨᠳᠤ ᠸᠢᠰᠠ ᠬᠡᠷᠡᠭᠰᠡᠬᠦ ᠦᠬᠡᠢ ᠪᠤᠯᠪᠠ

2017-12-20 17:26

    ᠰᠢᠨᠬᠤᠧᠠ ᠬᠤᠷᠢᠶ᠎ᠠ  ᠠᠪᠦ᠋ ᠽᠠᠪᠢ ᠶᠢᠨ 12 ᠰᠠᠷ᠎ᠠ ᠶᠢᠨ 19 ᠤ ᠡᠳᠦᠷ ᠤᠨ ᠴᠠᠬᠢᠯᠭᠠᠨ ᠮᠡᠳᠡᠭᠡ (ᠰᠤᠷᠪᠤᠯᠵᠢᠯᠠᠬᠴᠢ ᠰᠦ ᠰᠢᠶᠤᠤ ᠫᠥᠧᠧ) ᠳᠤᠮᠳᠠᠳᠤ ᠤᠯᠤᠰ ᠪᠤᠯᠤᠨ ᠠᠷᠠᠪ ᠤᠨ ᠬᠤᠯᠪᠤᠭᠠᠲᠤ ᠠᠬᠠᠮᠠᠳᠲᠤ ᠤᠯᠤᠰ 19 ᠤ ᠡᠳᠦᠷ ᠨᠤᠲ᠋ᠠ ᠪᠢᠴᠢᠭ᠌ ᠰᠣᠯᠢᠯᠴᠠᠬᠤ ᠬᠡᠯᠪᠡᠷᠢ ᠪᠡᠷ 《ᠳᠤᠮᠳᠠᠳᠤ ᠤᠯᠤᠰ ᠪᠤᠯᠤᠨ ᠠᠷᠠᠪ ᠤᠨ ᠬᠤᠯᠪᠤᠭᠠᠲᠤ ᠠᠬᠠᠮᠠᠳᠲᠤ ᠤᠯᠤᠰ ᠬᠠᠷᠢᠯᠴᠠᠨ ᠭᠠᠳᠠᠭᠠᠲᠤ ᠬᠠᠷᠢᠯᠴᠠᠭᠠᠨ ᠤ ᠸᠢᠰᠠ ᠬᠡᠷᠡᠭᠰᠡᠬᠦ ᠦᠬᠡᠢ ᠶᠢᠨ ᠲᠤᠬᠠᠢ ᠤᠶᠢᠯᠠᠭᠠᠯᠴᠠᠭᠠᠨ ᠤ ᠰᠠᠨᠠᠮᠵᠢ》 ᠳ᠋ᠤ ᠳᠠᠬᠢᠨᠲᠠ ᠵᠠᠰᠠᠪᠤᠷᠢ ᠤᠷᠤᠭᠤᠯᠵᠤ᠂ ᠬᠤᠶᠠᠷ ᠤᠯᠤᠰ ᠤᠨ ᠡᠩ ᠤᠨ ᠫᠠᠰᠫᠤᠷᠲ ᠲᠠᠢ ᠢᠷᠭᠡᠳ ᠢ ᠸᠢᠰᠠ ᠬᠡᠷᠡᠭᠰᠡᠬᠦ ᠦᠬᠡᠢ ᠬᠡᠪᠴᠢᠶᠠᠨ ᠳᠤ ᠤᠷᠤᠭᠤᠯᠤᠭᠰᠠᠨ ᠪᠠᠶᠢᠨ᠎ᠠ᠃ ᠡᠬᠦᠨ ᠡᠴᠡ ᠡᠮᠦᠨ᠎ᠠ᠂ ᠠᠷᠠᠪ ᠤᠨ ᠬᠤᠯᠪᠤᠭᠠᠲᠤ ᠠᠬᠠᠮᠠᠳᠲᠤ ᠤᠯᠤᠰ ᠨᠢᠬᠡᠨᠲᠠ ᠳᠤᠮᠳᠠᠳᠤ ᠤᠯᠤᠰ ᠤᠨ ᠡᠩ ᠤᠨ ᠫᠠᠰᠫᠤᠷᠲ ᠲᠠᠢ ᠢᠷᠭᠡᠳ ᠡᠴᠡ ᠸᠢᠰᠠ ᠱᠠᠭᠠᠷᠳᠠᠬᠤ ᠦᠬᠡᠢ ᠪᠤᠯᠤᠬᠰᠠᠨ ᠶᠤᠮ᠂ ᠲᠤᠰ ᠤᠳᠠᠭ᠎ᠠ ᠵᠠᠰᠠᠪᠤᠷᠢ ᠤᠷᠤᠭᠤᠯᠤᠭᠰᠠᠨ ᠨᠢ ᠳᠤᠮᠳᠠᠳᠤ ᠤᠯᠤᠰ ᠪᠠᠰᠠ ᠠᠷᠠᠪ ᠤᠨ ᠬᠤᠯᠪᠤᠭᠠᠲᠤ ᠠᠬᠠᠮᠠᠳᠲᠤ ᠤᠯᠤᠰ ᠤᠨ ᠢᠷᠭᠡᠳ ᠲᠤ ᠸᠢᠰᠠ ᠬᠡᠷᠡᠭᠰᠡᠬᠦ ᠦᠬᠡᠢ ᠡᠷᠭᠡ ᠤᠯᠭᠤᠭᠰᠠᠨ ᠢ ᠬᠠᠷᠠᠭᠤᠯᠪᠠ᠃

    ᠲᠤᠰ ᠵᠠᠰᠠᠪᠤᠷᠢ ᠤᠷᠤᠭᠤᠯᠤᠭᠰᠠᠨ ᠰᠠᠨᠠᠮᠵᠢ ᠪᠢᠴᠢᠭ᠌ ᠢ 2018 ᠤᠨ ᠤ 1 ᠰᠠᠷ᠎ᠠ ᠶᠢᠨ 16 ᠤ ᠡᠳᠦᠷ ᠡᠴᠡ ᠡᠬᠢᠯᠡᠵᠤ ᠬᠡᠷᠡᠭᠵᠢᠭᠦᠯᠦᠨ᠎ᠠ᠂ ᠡᠬᠦᠨ ᠡᠴᠡ ᠡᠬᠢᠯᠡᠨ ᠠᠷᠠᠪ ᠤᠨ ᠬᠤᠯᠪᠤᠭᠠᠲᠤ ᠠᠬᠠᠮᠠᠳᠲᠤ ᠤᠯᠤᠰ  ᠳᠤᠮᠳᠠᠳᠤ ᠤᠯᠤᠰ ᠲᠠᠢ ᠬᠠᠷᠢᠯᠴᠠᠨ ᠡᠩ ᠤᠨ ᠫᠠᠰᠫᠤᠷᠲ ᠲᠠᠢ ᠢᠷᠭᠡᠳ ᠡᠴᠡ ᠸᠢᠰᠠ ᠱᠠᠭᠠᠷᠳᠠᠬᠤ ᠦᠬᠡᠢ ᠪᠤᠯᠤᠭᠰᠠᠨ 11 ᠳ᠋ᠤᠬᠡᠷ ᠤᠯᠤᠰ ᠪᠤᠯᠤᠯ᠎ᠠ᠃

ᠢᠷᠡᠯᠳᠡ᠄ ᠰᠢᠨᠬᠤᠧᠠ ᠨᠧᠲ ᠪᠡᠯᠡᠳᠭᠡᠭ᠍ᠰᠡᠨ ᠨᠢ᠄ ᠰᠤᠷᠤᠶ᠎ᠠ

ᠨᠡᠶᠢᠬᠡᠮ ᠠᠬᠤᠢ

ᠰᠣᠶᠤᠯ ᠤᠷᠠᠯᠢᠭ

  • ᠶᠤᠸᠠᠨ ᠤ ᠲᠡᠭᠡᠲᠤ ᠨᠡᠶᠢᠰᠯᠡᠯ ᠳᠤ ᠪᠤᠯᠤᠭᠰᠠᠨ ᠴᠠᠭᠠᠨ ᠢᠳᠡᠭᠡᠨ ᠤ ᠰᠤᠶᠤᠯ ᠤᠨ ᠨᠠᠶᠢᠷ
  • 26 ᠳ᠋ᠤᠭᠠᠷ ᠬᠤᠭᠤᠴᠠᠭᠠᠨ ᠤ ᠠᠯᠳᠠᠨ ᠳᠠᠬᠢᠶ᠎ᠠ ᠴᠡᠴᠡᠬᠡᠰ ᠺᠢᠨᠣ᠋ ᠶᠢᠨ ᠨᠠᠶᠢᠷ ᠬᠦᠬᠡᠬᠤᠳᠠ ᠳᠤ ᠨᠡᠬᠡᠬᠡᠯᠳᠡ ᠪᠡᠨ ᠬᠢᠪᠡ
  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
关闭
010070230030000000000000011120701122141992