ᠰᠢ ᠵᠢᠨ ᠫᠢᠩ ᠭᠠᠮᠪᠢᠶ᠎ᠠ ᠵᠢᠨ ᠶᠡᠷᠦᠩᠭᠡᠢᠢᠯᠡᠭᠴᠢ ᠲᠠᠢ ᠬᠡᠯᠡᠯᠴᠡᠬᠡᠷ ᠬᠢᠪᠡ 2017-12-22 10:14

    ᠰᠢᠨᠬᠤᠧᠠ ᠬᠤᠷᠢᠶ᠎ᠠ   ᠪᠡᠭᠡᠵᠢᠩ ᠤᠨ 12 ᠰᠠᠷ᠎ᠠ ᠵᠢᠨ 21 ᠤ ᠡᠳᠦᠷ ᠤᠨ ᠴᠠᠬᠢᠯᠭᠠᠨ ᠮᠡᠳᠡᠭᠡ(ᠰᠤᠷᠪᠤᠯᠵᠢᠯᠠᠬᠴᠢ ᠪᠠᠢ ᠵᠢᠶᠧ) ᠤᠯᠤᠰ ᠤᠨ ᠲ᠋ᠡᠷᠢᠬᠦᠯᠡᠭᠴᠢ ᠰᠢ ᠵᠢᠨ ᠫᠢᠩ 21 ᠤ ᠡᠳᠦᠷ ᠠᠷᠠᠳ ᠤᠨ ᠶᠡᠭᠡ ᠬᠤᠷᠠᠯ ᠤᠨ ᠲ᠋ᠠᠩᠬᠢᠮ ᠳ᠋ᠦ ᠳᠤᠮᠳᠠᠳᠤ ᠤᠯᠤᠰ ᠲ᠋ᠦ ᠳᠦᠷᠦ ᠵᠢᠨ ᠠᠢᠢᠯᠴᠢᠯᠠᠯ ᠬᠢᠬᠦ ᠪᠡᠷ ᠢᠷᠡᠭᠰᠡᠨ ᠭᠠᠮᠪᠢᠶ᠎ᠠ ᠵᠢᠨ ᠶᠡᠷᠦᠩᠭᠡᠢᠢᠯᠡᠭᠴᠢ ᠪᠠᠷᠦ᠋ᠧ ᠲ᠋ᠠᠢ ᠠᠭᠤᠯᠵᠠᠵᠤ ᠭᠡᠯᠡᠯᠴᠡᠭᠡᠷ ᠬᠢᠪᠠ᠃ ᠬᠤᠶᠠᠷ ᠤᠯᠤᠰ ᠤᠨ ᠲ᠋ᠡᠷᠢᠬᠦᠨ᠂ ᠳᠤᠮᠳᠠᠳᠤ ᠭᠠᠮᠪᠢᠶ᠎ᠠ ᠵᠢᠨ ᠬᠠᠮᠳᠤᠷᠠᠯᠴᠠᠭᠠᠨ ᠤ ᠰᠢᠨ᠎ᠠ ᠵᠢᠷᠤᠭ ᠳᠦᠰᠦᠪ ᠢ ᠬᠠᠮᠳᠤᠪᠡᠷ ᠳᠦᠯᠦᠪᠵᠢᠬᠦᠯᠵᠦ᠂ ᠬᠤᠶᠠᠷ ᠲ᠋ᠠᠯ᠎ᠠ ᠵᠢᠨ ᠬᠠᠷᠢᠯᠴᠠᠭ᠎ᠠ ᠦᠷᠬᠦᠯᠵᠢᠯᠡᠨ ᠬᠦᠨᠵᠡᠭᠡᠢ ᠬᠦᠭᠵᠢᠬᠦ ᠵᠢ ᠠᠬᠢᠭᠤᠯᠤᠨ᠎ᠠ ᠭᠡᠵᠦ ᠰᠠᠨᠠᠯ ᠨᠢᠭᠡᠳᠠᠢ ᠵᠦᠪᠰᠢᠶᠡᠷᠡᠵᠠᠢ᠃

    ᠰᠢ ᠵᠢᠨ ᠫᠢᠩ᠂ ᠨᠢᠳᠤᠨᠤᠨ ᠤ 3 ᠰᠠᠷ᠎ᠠ ᠳ᠋ᠦ ᠳᠤᠮᠳᠠᠳᠤ ᠭᠠᠮᠪᠢᠶ᠎ᠠ ᠭᠠᠳᠠᠭᠠᠳᠦ ᠬᠠᠷᠢᠯᠴᠠᠭ᠎ᠠ ᠪᠡᠨ ᠰᠡᠷᠬᠦᠭᠡᠵᠤ᠂ ᠬᠤᠶᠠᠷ ᠤᠯᠤᠰ ᠤᠨ ᠬᠠᠷᠢᠯᠴᠠᠭᠠᠨ ᠳ᠋ᠤ ᠰᠢᠨ᠎ᠠ ᠬᠠᠭᠤᠳᠠᠰᠤ ᠵᠢ ᠨᠡᠭᠡᠭᠡᠪᠡ᠃ ᠭᠠᠮᠪᠢᠶ᠎ᠠ ᠵᠢᠨ ᠬᠢᠨ ᠳᠤᠮᠳᠠᠳᠤ ᠤᠯᠤᠰ ᠲ᠋ᠠᠢ ᠭᠠᠳᠠᠭᠠᠳᠦ ᠬᠠᠷᠢᠯᠴᠠᠭ᠎ᠠ ᠪᠡᠨ ᠰᠡᠷᠬᠦᠭᠡᠬᠦ ᠲ᠋ᠤᠭᠳᠠᠭᠠᠯ ᠭᠠᠷᠭᠠᠭᠰᠠᠨ ᠨᠢ ᠴᠠᠭ ᠦᠶ᠎ᠠ ᠵᠢᠨ ᠬᠦᠭᠵᠢᠯᠳᠠ ᠵᠢᠨ ᠪᠠᠢᠢᠳᠠᠯ ᠲ᠋ᠠᠢ ᠵᠤᠬᠢᠴᠠᠵᠦ᠂ ᠬᠤᠶᠠᠷ ᠤᠯᠤᠰ ᠪᠠ ᠬᠤᠶᠠᠷ ᠤᠯᠤᠰ ᠤᠨ ᠠᠷᠠᠳ ᠲ᠋ᠦᠮᠡᠨ ᠤ ᠦᠨᠳᠦᠰᠦᠨ ᠠᠰᠢᠬ ᠲ᠋ᠤᠰᠠ ᠳ᠋ᠦ ᠨᠡᠢᠢᠴᠡᠭᠰᠡᠨ ᠵᠦᠪ ᠰᠤᠩᠭᠤᠯᠳᠠ ᠪᠤᠯᠬᠤ ᠢᠢ ᠪᠤᠳᠠᠳᠤ ᠶᠠᠪᠤᠳᠠᠯ ᠭᠡᠷᠡᠴᠢᠯᠡᠵᠤ ᠪᠤᠢ᠃ ᠵᠢᠯ ᠭᠠᠷᠤᠢ ᠵᠢᠨ ᠲ᠋ᠤᠷᠰᠢ᠂ ᠬᠤᠶᠠᠷ ᠲ᠋ᠠᠯ᠎ᠠ ᠵᠢᠨ ᠡᠯ᠎ᠠ ᠬᠦᠷᠢᠶᠡᠨ ᠳ᠋ᠠᠬᠢ ᠰᠤᠯᠢᠯᠴᠠᠭ᠎ᠠ ᠬᠠᠮᠳᠤᠷᠠᠯᠴᠠᠭ᠎ᠠ ᠪᠦᠬᠦ ᠲ᠋ᠠᠯ᠎ᠠ ᠪᠡᠷ ᠠᠬᠢᠵᠦ᠂ ᠬᠠᠮᠳᠤᠷᠠᠯᠴᠠᠭᠠᠨ ᠤ ᠦᠷ᠎ᠠ ᠪᠦᠳᠦᠭᠡᠯ ᠨᠢ ᠦᠨᠡᠨᠬᠦ ᠬᠤᠶᠠᠷ ᠤᠯᠤᠰ ᠤᠨ ᠠᠷᠠᠳ ᠳᠦᠮᠡᠨ ᠳ᠋ᠦ ᠪᠤᠳᠠᠳᠠᠢ ᠠᠰᠢᠬ ᠬᠦᠷᠳᠡᠭᠡᠪᠠ ᠭᠡᠵᠦ ᠵᠢᠭᠠᠵᠦ ᠭᠠᠷᠭᠠᠵᠠᠢ᠃

    ᠰᠢ ᠵᠢᠨ ᠫᠢᠩ᠂ ᠳᠤᠮᠳᠠᠳᠤ ᠤᠯᠤᠰ ᠤᠨ ᠬᠢᠨ ᠳᠤᠷᠠᠳᠠᠶ᠎ᠠ ᠭᠠᠮᠪᠢᠶ᠎ᠠ ᠵᠢᠨ ᠲ᠋ᠠᠯ᠎ᠠ ᠵᠢᠨ ᠬᠢᠨ ᠲ᠋ᠠᠢ ᠬᠠᠮᠳᠤᠪᠡᠷ ᠬᠤᠶᠠᠷ ᠤᠯᠤᠰ ᠤᠨ ᠬᠠᠷᠢᠯᠴᠠᠭᠠᠨ ᠤ ᠰᠠᠢᠢᠨ ᠰᠠᠢᠢᠬᠠᠨ ᠬᠦᠭᠵᠢᠯᠳᠠ ᠵᠢᠨ ᠬᠠᠨᠳᠤᠰᠢ ᠵᠢ ᠪᠠᠳᠤᠯᠠᠵᠦ᠂ ᠬᠤᠶᠠᠷ ᠲ᠋ᠠᠯ᠎ᠠ ᠵᠢᠨ ᠬᠠᠷᠢᠯᠴᠠᠨ ᠠᠰᠢᠬᠳᠠᠢ ᠬᠠᠮᠳᠤᠷᠠᠯᠴᠠᠭ᠎ᠠ ᠯᠠᠪᠳᠠᠭᠤᠨ ᠲ᠋ᠤᠭᠳᠠᠭᠤᠨ ᠢᠶᠡᠷ ᠤᠷᠤᠬᠰᠢ ᠬᠦᠭᠵᠢᠬᠦ ᠵᠢ ᠠᠬᠢᠭᠤᠯᠵᠦ᠂ ᠤᠷᠳᠤ ᠬᠤᠭᠤᠴᠠᠭ᠎ᠠ ᠪᠦᠳᠦᠮᠵᠢᠳᠠᠢ ᠪᠡᠷ ᠬᠤᠶᠠᠷ ᠤᠯᠤᠰ ᠤᠨ ᠠᠷᠠᠳ ᠲ᠋ᠦᠮᠡᠨ ᠳ᠋ᠦ ᠠᠰᠢᠬ ᠬᠦᠷᠳᠡᠭᠡᠨ᠎ᠠ᠃ ᠨᠢᠭᠡ ᠳᠤᠮᠳᠠᠳᠤ ᠤᠯᠤᠰ ᠪᠠᠢᠢᠬᠤ ᠵᠠᠷᠴᠢᠮ ᠪᠠ ᠬᠤᠶᠠᠷ ᠤᠯᠤᠰ ᠤᠨ ᠨᠦᠬᠦᠷᠯᠡᠯ ᠤᠨ ᠶᠡᠭᠡ ᠬᠠᠨᠳᠤᠰᠢ ᠵᠢ ᠪᠠᠳᠤ ᠡᠵᠡᠮᠳᠡᠵᠦ᠂ ᠲ᠋ᠤᠰ ᠲ᠋ᠤᠰ ᠤᠨ ᠢᠶᠡᠨ ᠭᠤᠤᠯᠯᠠᠬᠴᠢ ᠠᠰᠢᠬ ᠲ᠋ᠤᠰᠠ ᠪᠠ ᠠᠨᠭᠬᠠᠷᠤᠯ ᠲ᠋ᠠᠯᠪᠢᠵᠤ ᠪᠠᠢᠢᠭ᠎ᠠ ᠴᠢᠬᠤᠯᠠ ᠶᠡᠭᠡ ᠠᠰᠠᠭᠤᠳᠠᠯ ᠤᠨ ᠲ᠋ᠠᠯ᠎ᠠ ᠪᠡᠷ ᠬᠠᠷᠢᠯᠴᠠᠨ ᠤᠢᠢᠯᠠᠭᠠᠯᠴᠠᠨ ᠳᠡᠮᠵᠢᠵᠦ᠂ ᠦᠨᠢ ᠡᠬᠦᠷᠢᠳᠠ ᠦᠨᠡᠨᠴᠢ ᠨᠦᠬᠦᠷᠰᠡᠭ᠂ ᠡᠷᠭᠡ ᠲ᠋ᠡᠭᠰᠢ ᠬᠠᠨᠳᠤᠯᠴᠠᠬᠤ ᠰᠠᠢᠢᠨ ᠨᠠᠢᠢᠵᠢ ᠰᠠᠢᠢᠨ ᠬᠠᠨᠢᠳᠠᠨ ᠪᠤᠯᠤᠯᠴᠠᠶ᠎ᠠ᠃ ᠬᠤᠶᠠᠷ ᠤᠯᠤᠰ ᠦᠨ ᠵᠠᠰᠠᠬ ᠦᠨ ᠤᠷᠳᠤᠨ᠂ ᠳᠦᠷᠦ ᠢᠢᠨ ᠨᠠᠮ᠂ ᠬᠠᠤᠯᠢ ᠲ᠋ᠤᠭᠳᠠᠭᠠᠬᠤ ᠪᠠᠢᠢᠭᠤᠯᠤᠮᠵᠢ ᠢᠢᠨ ᠶᠠᠪᠤᠯᠴᠠᠭ᠎ᠠ ᠢᠢ ᠨᠢᠬᠳᠠᠷᠠᠭᠤᠯᠵᠤ᠂ ᠳᠦᠷᠦ ᠢᠢ ᠵᠠᠰᠠᠵᠤ ᠵᠠᠰᠠᠬ ᠢ ᠡᠷᠬᠢᠯᠡᠬᠦ ᠲ᠋ᠤᠷᠰᠢᠯᠭ᠎ᠠ ᠪᠠᠨ ᠰᠤᠯᠢᠯᠴᠠᠬᠤ ᠢᠢ ᠴᠢᠩᠭᠠᠳᠬᠠᠶ᠎ᠠ᠃ ᠲ᠋ᠤᠮᠳᠠᠳᠤ ᠤᠯᠤᠰ ᠦᠨ ᠬᠢᠨ ᠬᠤᠶᠠᠷ ᠲ᠋ᠠᠯ᠎ᠠ ᠢᠢᠨ ᠬᠦᠳᠡᠬᠡ ᠠᠵᠤ ᠠᠬᠤᠢ᠂ ᠴᠠᠬᠢᠯᠭᠠᠨ ᠬᠦᠴᠤ᠂ ᠰᠠᠭᠤᠷᠢ ᠲ᠋ᠦᠬᠦᠬᠡᠷᠤᠮᠵᠢ ᠵᠡᠷᠬᠡ ᠬᠦᠷᠢᠶᠠᠨ ᠦ ᠬᠠᠮᠳᠤᠷᠠᠯᠴᠠᠭ᠎ᠠ ᠢᠢ ᠴᠢᠬᠤᠯᠠᠴᠢᠯᠠᠵᠤ᠂ ᠲ᠋ᠤᠷᠠᠳᠠᠶ᠎ᠠ ᠭᠠᠮᠪᠢᠶ᠎ᠠ ᠢᠢ ᠬᠠᠪᠰᠤᠷᠤᠨ ᠲ᠋ᠤᠰ ᠪᠠᠶ᠎ᠠ ᠶᠢᠨ ᠬᠢᠨᠢ ᠬᠦᠭᠵᠢᠯᠳᠡ ᠶᠢᠨ ᠴᠢᠳᠠᠪᠤᠷᠢ ᠢᠢ ᠲ᠋ᠡᠭᠡᠭᠰᠢᠯᠡᠬᠦᠯᠵᠤ᠂ ᠦᠷᠬᠦᠯᠵᠢᠯᠡᠬᠦ ᠬᠦᠭᠵᠢᠯᠳᠠ ᠢᠢ ᠪᠡᠶᠡᠯᠡᠬᠦᠯᠤᠨ᠎ᠠ᠃ ᠬᠤᠶᠠᠷ ᠲ᠋ᠠᠯ᠎ᠠ ᠪᠡᠷ ᠢᠶᠡᠨ ᠰᠤᠶᠤᠯ᠂ ᠰᠤᠷᠭᠠᠨ ᠬᠦᠮᠤᠵᠢᠯ᠂ ᠰᠤᠨᠢᠨ ᠮᠡᠳᠡᠬᠡ ᠵᠠᠭᠤᠴᠢᠯᠠᠭᠤᠷ᠂ ᠵᠠᠯᠠᠭᠤᠴᠤᠳ᠂ ᠡᠮᠡᠭᠳᠠᠢᠢᠴᠤᠳ᠂ ᠡᠷᠡᠬᠦᠯ ᠬᠠᠮᠠᠭᠠᠯᠠᠯ᠂ ᠵᠤᠭᠠᠴᠠᠯ ᠵᠡᠷᠬᠡ ᠡᠯ᠎ᠠ ᠬᠦᠷᠢᠶᠠᠨ ᠦ ᠠᠷᠠᠳ ᠦᠨ ᠶᠠᠪᠤᠯᠴᠠᠭ᠎ᠠ ᠢᠢ ᠴᠢᠩᠭᠠᠳᠬᠠᠵᠤ᠂ ᠺᠦᠩᠽᠢ ᠲ᠋ᠡᠭᠡᠳᠤ ᠰᠤᠷᠭᠠᠭᠤᠯᠢ ᠢᠢ ᠬᠠᠮᠳᠤᠪᠡᠷ ᠰᠠᠢᠢᠳᠤᠷ ᠪᠠᠢᠢᠭᠤᠯᠵᠤ᠂ ᠬᠤᠶᠠᠷ ᠤᠯᠤᠰ ᠦᠨ ᠨᠦᠬᠦᠷᠰᠡᠭ ᠠᠷᠠᠳ ᠦᠨ ᠰᠠᠨᠠᠭᠠᠨ ᠦ ᠰᠠᠭᠤᠷᠢ ᠢᠢ ᠪᠠᠳᠤᠳᠬᠠᠶ᠎ᠠ᠃ ᠳᠤᠮᠳᠠᠳᠤ ᠤᠯᠤᠰ ᠦᠨ ᠬᠢᠨ ᠲ᠋ᠤᠷᠠᠳᠠᠶ᠎ᠠ ᠭᠠᠮᠪᠢᠶ᠎ᠠ ᠳᠠᠢ ᠬᠠᠮᠳᠤ ᠠᠶᠤᠯᠬᠦᠢ ᠶᠢᠨ ᠬᠦᠷᠢᠶᠠᠨ ᠳᠡᠬᠢ ᠬᠠᠮᠳᠤᠷᠠᠯᠴᠠᠭ᠎ᠠ ᠢᠢ ᠴᠢᠩᠭᠠᠳᠬᠠᠵᠤ᠂ ᠲ᠋ᠡᠯᠡᠬᠡᠢ ᠢᠢᠨ ᠪᠠ ᠤᠷᠤᠨ ᠪᠦᠰᠠ ᠢᠢᠨ ᠶᠠᠪᠤᠳᠠᠯ ᠳᠡᠬᠢ ᠤᠯᠤᠯᠴᠠᠭ᠎ᠠ ᠵᠤᠬᠢᠴᠠᠭᠤᠯᠭ᠎ᠠ ᠪᠠᠨ ᠴᠢᠩᠭᠠᠳᠬᠠᠵᠤ᠂ ᠡᠮᠤᠨᠡᠳᠤ ᠠᠹᠷᠢᠺᠠ ᠤᠷᠤᠨ ᠦ ᠡᠩᠬᠡ ᠲ᠋ᠠᠢᠢᠪᠤᠩ ᠲ᠋ᠤᠭᠳᠠᠭᠤᠨ ᠪᠠᠢᠢᠳᠠᠯ ᠢ ᠬᠠᠮᠠᠭᠠᠯᠠᠬᠤ ᠳᠤ ᠬᠤᠪᠢ ᠨᠡᠮᠡᠷᠢ ᠦᠵᠡᠬᠦᠯᠤᠨ᠎ᠠ ᠭᠡᠵᠦ ᠴᠢᠬᠤᠯᠠᠴᠢᠯᠠᠪᠠ᠃

    ᠰᠢ ᠵᠢᠨ ᠫᠢᠩ᠂ ᠳᠤᠮᠳᠠᠳᠤ ᠤᠯᠤᠰ ᠪᠤᠯᠤᠨ ᠠᠹᠷᠢᠺᠠ ᠲ᠋ᠢᠪ ᠤᠨ ᠬᠢᠨ ᠪᠤᠯ ᠰᠠᠢᠢᠨ ᠨᠠᠢᠢᠵᠢ᠂ ᠰᠠᠢᠢᠨ ᠬᠠᠨᠢᠳᠠᠨ᠂ ᠰᠠᠢᠢᠨ ᠠᠬ᠎ᠠ ᠲ᠋ᠡᠬᠦᠤ ᠶᠤᠮ᠃ ᠳᠤᠮᠳᠠᠳᠤ ᠤᠯᠤᠰ ᠦᠨ ᠡᠪ ᠬᠠᠮᠳᠤ ᠨᠠᠮ ᠦᠨ ᠠᠷᠪᠠ ᠶᠢᠰᠤᠳᠤᠭᠡᠷ ᠶᠡᠬᠡ ᠬᠤᠷᠠᠯ ᠡᠴᠡ᠂ ᠳᠤᠮᠳᠠᠳᠤ ᠤᠯᠤᠰ ᠦᠨ ᠬᠢᠨ ᠡᠯ᠎ᠠ ᠤᠯᠤᠰ ᠳᠠᠢ ᠬᠠᠮᠳᠤᠪᠡᠷ ᠰᠢᠨ᠎ᠠ ᠬᠡᠯᠪᠡᠷᠢ ᠵᠢᠨ ᠤᠯᠤᠰ ᠦᠨ ᠬᠤᠭᠤᠷᠤᠨᠳᠤᠬᠢ ᠬᠠᠷᠢᠯᠴᠠᠭ᠎ᠠ ᠪᠤᠯᠤᠨ ᠬᠤᠪᠢ ᠵᠠᠶᠠᠭᠠᠨ ᠦ ᠬᠠᠮᠳᠤ ᠢᠢᠨ ᠴᠤᠬᠴᠠ ᠢᠢ ᠪᠠᠢᠢᠭᠤᠯᠬᠤ ᠢᠢᠨ ᠲ᠋ᠦᠯᠤᠬᠡ ᠴᠢᠷᠮᠠᠢᠢᠵᠤ᠂ ᠵᠦᠪ ᠠᠰᠢᠬ ᠲ᠋ᠤᠰᠠ ᠢᠢᠨ ᠦᠵᠡᠯᠳᠠ ᠪᠤᠯᠤᠨ ᠦᠨᠡᠨ ᠪᠤᠳᠠᠳᠠᠢ ᠲ᠋ᠤᠳᠤᠨᠤ ᠦᠨᠡᠨᠴᠢ ᠤᠢᠢᠯᠠᠭᠠᠭᠳᠠᠬᠤᠨ ᠢ ᠪᠠᠷᠢᠮᠳᠠᠯᠠᠵᠤ᠂ ᠠᠹᠷᠢᠺᠠ ᠲ᠋ᠢᠪ ᠢ ᠪᠠᠬᠳᠠᠭᠠᠬᠰᠠᠨ ᠬᠦᠭᠵᠢᠵᠤ ᠪᠠᠢᠢᠭ᠎ᠠ ᠤᠯᠤᠰ ᠯᠤᠭ᠎ᠠ ᠢᠢᠨ ᠪᠦᠯᠬᠦᠮᠳᠡᠯ ᠬᠠᠮᠳᠤᠷᠠᠯᠴᠠᠭ᠎ᠠ ᠪᠠᠨ ᠴᠢᠩᠭᠠᠳᠬᠠᠨ᠎ᠠ ᠬᠡᠵᠤ ᠲ᠋ᠤᠷᠠᠳᠴᠠᠢ᠃ ᠳᠤᠮᠳᠠᠳᠤ ᠤᠯᠤᠰ ᠦᠨ ᠭᠠᠳᠠᠭᠠᠳᠤ ᠬᠠᠮᠳᠤᠷᠠᠯᠴᠠᠭ᠎ᠠ ᠳᠤ ᠪᠤᠰᠤᠳ ᠤᠯᠤᠰ ᠦᠨ ᠳᠤᠳᠤᠭᠠᠳᠤ ᠶᠠᠪᠤᠳᠠᠯ ᠳᠤ ᠭᠠᠷ ᠲᠦᠷᠤᠬᠦ ᠶᠠᠮᠠᠷᠪᠠ ᠤᠯᠤᠰ ᠳᠦᠷᠦ ᠶᠢᠨ ᠨᠦᠬᠦᠴᠠᠯ ᠲ᠋ᠠᠭᠠᠯᠳᠤᠵᠤ ᠦᠬᠡᠢ ᠶᠤᠮ᠃ ᠳᠤᠮᠳᠠᠳᠤ ᠤᠯᠤᠰ ᠪᠤᠯᠤᠨ ᠠᠹᠷᠢᠺᠠ ᠲ᠋ᠢᠪ ᠤᠨ ᠬᠠᠮᠳᠤᠷᠠᠯᠴᠠᠭᠠᠨ ᠦ ᠴᠢᠬᠤᠯᠠ ᠠᠴᠢ ᠬᠤᠯᠪᠤᠬᠳᠠᠯ ᠨᠢ ᠳᠤᠮᠳᠠᠳᠤ ᠤᠯᠤᠰ ᠦᠨ ᠬᠦᠭᠵᠢᠯᠳᠠ ᠢᠢ ᠠᠹᠷᠢᠺᠠ ᠲ᠋ᠢᠪ ᠦᠨ ᠬᠦᠭᠵᠢᠯᠳᠠ ᠢᠢ ᠲ᠋ᠡᠮᠵᠢᠬᠦ ᠳᠠᠢ ᠨᠢᠬᠳᠠ ᠤᠶᠠᠯᠳᠤᠭᠤᠯᠵᠤ᠂ ᠬᠠᠮᠳᠤᠷᠠᠯᠴᠠᠭ᠎ᠠ ᠬᠢᠵᠤ ᠬᠠᠮᠳᠤᠪᠡᠷ ᠠᠰᠢᠬ ᠬᠦᠷᠳᠡᠬᠦ᠂ ᠬᠠᠮᠳᠤ ᠢᠢᠨ ᠬᠦᠭᠵᠢᠯᠳᠠ ᠢᠢ ᠪᠡᠶᠡᠯᠡᠬᠦᠯᠬᠦ ᠶᠠᠪᠤᠳᠠᠯ ᠪᠤᠯᠤᠨ᠎ᠠ᠃ ᠳᠤᠮᠳᠠᠳᠤ ᠤᠯᠤᠰ ᠬᠦᠭᠵᠢᠬᠡᠳ ᠶᠠᠮᠠᠷ ᠬᠡᠮᠵᠢᠶᠡᠨ ᠳ᠋ᠤ ᠬᠦᠷᠦᠭᠰᠡᠨ ᠴᠤ ᠳᠡᠷᠡ᠂ ᠳᠡᠯᠡᠬᠡᠢ ᠨᠡᠢᠢᠭᠡᠮ ᠤᠨ ᠪᠠᠢᠢᠳᠠᠯ ᠳ᠋ᠤ ᠶᠠᠮᠠᠷ ᠬᠤᠪᠢᠷᠠᠯᠳᠠ ᠭᠠᠷᠤᠬᠰᠠᠨ ᠴᠤ ᠳᠡᠷᠡ᠂ ᠳᠤᠮᠳᠠᠳᠤ ᠤᠯᠤᠰ ᠪᠦᠷ ᠬᠡᠵᠢᠶ᠎ᠠ ᠢᠮᠠᠬᠳᠠ ᠠᠹᠷᠢᠺᠠ ᠳᠢᠪ ᠵᠡᠷᠬᠡ ᠦᠷᠬᠡᠨ ᠤᠯᠠᠨ ᠬᠦᠭᠵᠢᠵᠦ ᠪᠠᠢᠢᠭ᠎ᠠ ᠤᠯᠤᠰ ᠤᠳ ᠳᠠᠢ ᠬᠠᠮᠳᠤ ᠵᠤᠬᠰᠤᠵᠦ᠂ ᠦᠨᠢ ᠡᠬᠦᠷᠢᠳᠡ ᠠᠹᠷᠢᠺᠠ ᠳᠢᠪ ᠤᠨ ᠦᠨᠡᠨᠴᠢ ᠰᠢᠳᠤᠷᠭᠤ ᠨᠠᠢᠢᠵᠢ ᠪᠤᠯᠤᠨ ᠨᠠᠢᠢᠳᠠᠪᠤᠷᠢᠳᠡᠢ ᠬᠠᠨᠢᠳᠠᠨ ᠪᠤᠯᠤᠨ᠎ᠠ᠃ ᠭᠠᠮᠪᠢᠶ᠎ᠠ ᠪᠤᠯ ᠳᠤᠮᠳᠠᠳᠤ ᠤᠯᠤᠰ ᠪᠤᠯᠤᠨ ᠠᠹᠷᠢᠺᠠ ᠲ᠋ᠢᠪ ᠤᠨ ᠬᠠᠮᠳᠤᠷᠠᠯᠴᠠᠭᠠᠨ ᠤ ᠹᠤᠷᠦ᠋ᠮ ᠤᠨ ᠶᠡᠬᠡ ᠬᠡᠷ ᠪᠦᠯᠢ ᠵᠢᠨ ᠰᠢᠨ᠎ᠠ ᠪᠦᠷᠢᠯᠳᠦᠬᠦᠨ ᠮᠦᠨ᠃ ᠳᠤᠮᠳᠠᠳᠤ ᠤᠯᠤᠰ ᠤᠨ ᠬᠢᠨ ᠭᠠᠮᠪᠢᠶ᠎ᠠ ᠵᠢᠨ ᠬᠢᠨ ᠳᠠᠢ ᠬᠠᠮᠳᠤᠪᠠᠷ ᠹᠤᠷᠦ᠋ᠮ ᠤᠨ ᠶᠤᠬᠠᠨᠨ᠋ᠧᠰᠪᠦᠢᠷᠡᠭ ᠤᠨ ᠳᠦᠷᠦᠬᠦᠴᠤᠳ ᠤᠨ ᠶᠡᠬᠡ ᠬᠤᠷᠠᠯ ᠤᠨ ᠦᠷ᠎ᠠ ᠪᠦᠳᠦᠬᠡᠯ ᠢ ᠠᠬᠢᠭᠤᠯᠤᠨ ᠨᠠᠢᠢᠳᠠᠪᠤᠷᠢᠵᠢᠭᠤᠯᠵᠦ᠂ ᠬᠤᠶᠠᠷ ᠤᠯᠤᠰ ᠤᠨ ᠠᠷᠠᠳ ᠳᠦᠮᠡᠨ ᠳ᠋ᠤ ᠨᠡᠩ ᠤᠯᠠᠨ ᠠᠰᠢᠬ ᠬᠦᠷᠳᠡᠬᠡᠨ᠎ᠠ ᠬᠡᠵᠦ ᠵᠢᠭᠠᠵᠦ ᠭᠠᠷᠭᠠᠪᠠ᠃

    ᠪᠠᠷᠦ᠋ᠧ᠂ ᠭᠠᠮᠪᠢᠶ᠎ᠠ ᠠᠭᠤᠤ ᠶᠡᠬᠡ ᠳᠤᠮᠳᠠᠳᠤ ᠤᠯᠤᠰ ᠤᠨ ᠦᠨᠡᠨᠴᠢ ᠰᠢᠳᠤᠷᠭᠤ ᠨᠦᠬᠦᠷᠯᠡᠯ ᠢ ᠨᠡᠨᠳᠢᠩᠨᠠᠵᠤ᠂ ᠳᠤᠮᠳᠠᠳᠤ ᠤᠯᠤᠰ ᠤᠨ ᠵᠠᠰᠠᠬ ᠤᠨ ᠤᠷᠳᠤᠨ ᠪᠤᠯᠤᠨ ᠠᠷᠠᠳ ᠳᠦᠮᠡᠨ ᠤ ᠳᠡᠬᠡᠷ᠎ᠠ ᠵᠠᠭᠤᠨ ᠤ ᠳᠠᠯᠠᠭᠠᠳ ᠤᠨ᠂ ᠢᠯᠠᠩᠭᠤᠶ᠎ᠠ ᠬᠠᠷᠢᠯᠴᠠᠭ᠎ᠠ ᠪᠡᠨ ᠰᠡᠷᠬᠦᠬᠡᠭᠰᠡᠨ ᠡᠴᠡ ᠨᠠᠰᠢᠬᠢ ᠭᠠᠮᠪᠢᠶ᠎ᠠ ᠳ᠋ᠤ ᠦᠭᠬᠦᠭᠰᠡᠨ ᠭᠤᠶᠠᠴᠢ ᠦᠬᠡᠢ ᠬᠠᠪᠰᠤᠷᠤᠯᠭ᠎ᠠ ᠳ᠋ᠤ ᠳᠠᠯᠠᠷᠬᠠᠬᠤ ᠵᠢᠨ ᠬᠠᠮᠳᠤ᠂ ᠡᠭᠦᠨ ᠢ ᠡᠬᠦᠷᠢᠳᠡ ᠮᠠᠷᠳᠠᠬᠤ ᠦᠬᠡᠢ ᠶᠤᠮ᠃ ᠳᠤᠮᠳᠠᠳᠤ ᠤᠯᠤᠰ ᠤᠨ ᠬᠢᠨ ᠤ ᠬᠦᠳᠡᠭᠡ ᠠᠵᠤ ᠠᠬᠤᠢ᠂ ᠡᠷᠡᠬᠦᠯ ᠬᠠᠮᠠᠭᠠᠯᠠᠯ ᠵᠡᠷᠬᠡ ᠬᠦᠷᠢᠶᠡᠨ ᠤ ᠬᠦᠴᠦᠳᠤ ᠳᠡᠮᠵᠢᠯᠬᠡ ᠨᠢ ᠭᠠᠮᠪᠢᠶ᠎ᠠ ᠵᠢᠨ ᠤᠯᠤᠰ ᠤᠨ ᠬᠦᠭᠵᠢᠯᠳᠡ ᠪᠤᠯᠤᠨ ᠠᠷᠠᠳ ᠤᠨ ᠠᠮᠢᠳᠤᠷᠠᠯ ᠤᠨ ᠦᠢᠯᠡᠰ ᠢ ᠠᠬᠢᠭᠤᠯᠪᠡ᠂ ᠮᠢᠨᠦ ᠬᠤᠪᠢ ᠬᠦᠮᠦᠨ ᠴᠤ ᠳᠤᠮᠳᠠᠳᠤ ᠤᠯᠤᠰ ᠤᠨ ᠡᠮ ᠡᠮᠨᠡᠯᠬᠡ ᠵᠢᠨ ᠠᠩᠬᠢ ᠵᠢᠨ ᠨᠠᠷᠢᠯᠢᠬ ᠡᠮᠴᠢᠯᠡᠬᠡ ᠡᠴᠡ ᠠᠰᠢᠬ ᠬᠦᠷᠳᠡᠵᠡᠢ᠃ ᠭᠠᠮᠪᠢᠶ᠎ᠠ ᠳᠤᠮᠳᠠᠳᠤ ᠵᠢᠨ ᠬᠠᠷᠢᠯᠴᠠᠭ᠎ᠠ ᠢᠢ ᠰᠡᠷᠬᠦᠬᠡᠭᠰᠡᠨ ᠶᠠᠪᠤᠳᠠᠯ ᠨᠢ ᠭᠠᠮᠪᠢᠶ᠎ᠠ ᠵᠢᠨ ᠠᠷᠠᠳ ᠳᠦᠮᠡᠨ ᠤ ᠬᠦᠰᠡᠯ ᠡᠷᠡᠮᠡᠯᠵᠡᠯ ᠳᠠᠢ ᠪᠦᠷᠢᠮᠦᠰᠦᠨ ᠨᠡᠢᠢᠴᠡᠵᠦ ᠪᠠᠢᠢᠨ᠎ᠠ᠂ ᠭᠠᠮᠪᠢᠶ᠎ᠠ ᠨᠢᠬᠡ ᠳᠤᠮᠳᠠᠳᠤ ᠤᠯᠤᠰ ᠪᠠᠢᠢᠬᠤ ᠳᠦᠷᠦ ᠶᠢᠨ ᠪᠤᠳᠤᠯᠭ᠎ᠠ ᠵᠢ ᠡᠷᠡᠰ ᠭᠤᠢᠢᠪᠢᠰᠢ ᠦᠬᠡᠢ ᠬᠡᠷᠡᠭᠵᠢᠬᠦᠯᠵᠦ᠂ ᠳᠤᠷᠠᠳᠠᠶ᠎ᠠ ᠬᠤᠶᠠᠷ ᠤᠯᠤᠰ ᠤᠨ ᠠᠵᠦ ᠠᠬᠤᠢ ᠠᠷᠠᠯᠵᠢᠶ᠎ᠠ᠂ ᠬᠦᠳᠡᠬᠡ ᠠᠵᠤ ᠠᠬᠤᠢ᠂ ᠴᠠᠬᠢᠯᠭᠠᠨ ᠬᠦᠴᠦ᠂ ᠰᠠᠭᠤᠷᠢ ᠳᠦᠬᠦᠬᠡᠷᠦᠮᠵᠢ᠂ ᠰᠤᠷᠭᠠᠨ ᠬᠦᠮᠦᠵᠢᠯ᠂ ᠵᠤᠭᠠᠴᠠᠯ ᠵᠡᠷᠬᠡ ᠡᠯ᠎ᠠ ᠬᠦᠷᠢᠶᠡᠨ ᠤ ᠪᠤᠳᠠᠳᠠᠢ ᠵᠢ ᠡᠷᠬᠢᠮᠯᠡᠭᠰᠡᠨ ᠬᠠᠮᠳᠤᠷᠠᠯᠴᠠᠭ᠎ᠠ ᠪᠤᠯᠤᠨ ᠰᠤᠶᠤᠯ ᠢᠷᠬᠡᠨᠰᠢᠯ ᠤᠨ ᠰᠤᠯᠢᠯᠴᠠᠭ᠎ᠠ ᠵᠢ ᠴᠢᠩᠭᠠᠳᠬᠠᠬᠤ ᠵᠢᠨ ᠬᠠᠮᠳᠤ᠂ ᠳᠡᠯᠡᠬᠡᠢ ᠨᠡᠢᠢᠭᠡᠮ ᠤᠨ ᠬᠡᠷᠡᠭ ᠶᠠᠪᠤᠳᠠᠯ ᠤᠨ ᠳᠠᠯ᠎ᠠ ᠪᠠᠷ ᠦᠷᠬᠦᠯᠵᠢᠯᠡᠨ ᠨᠢᠬᠳᠠ ᠤᠯᠤᠯᠴᠠᠵᠤ ᠵᠤᠬᠢᠴᠠᠨ᠎ᠠ᠃ ᠭᠠᠮᠪᠢᠶ᠎ᠠ ᠵᠢᠨ ᠬᠢᠨ ᠳᠤᠮᠳᠠᠳᠤ ᠤᠯᠤᠰ ᠤᠨ ᠠᠵᠤ ᠠᠬᠤᠢ ᠨᠡᠢᠢᠭᠡᠮ ᠤᠨ ᠬᠦᠭᠵᠢᠯᠲᠡ ᠵᠢᠨ ᠠᠮᠵᠢᠯᠲᠠ ᠵᠢ ᠶᠡᠭᠡᠳᠡ ᠪᠢᠰᠢᠷᠡᠵᠦ ᠪᠠᠢᠢᠨ᠎ᠠ᠂ ᠳᠤᠷᠠᠲᠠᠶ᠎ᠠ ᠳᠤᠮᠳᠠᠳᠤ ᠵᠢᠨ ᠦᠭᠡᠷᠡᠴᠢᠯᠡᠯᠲᠡ ᠬᠦᠭᠵᠢᠯᠲᠡ ᠵᠢᠨ ᠲᠤᠷᠰᠢᠯᠭ᠎ᠠ ᠵᠢ ᠰᠤᠷᠤᠯᠴᠠᠨ ᠲᠤᠰ ᠪᠡᠶ᠎ᠠ ᠵᠢᠨ ᠬᠦᠭᠵᠢᠯᠳᠡ ᠶᠢᠨ ᠴᠢᠳᠠᠪᠤᠷᠢ ᠪᠡᠨ ᠴᠢᠩᠭᠠᠳᠬᠠᠵᠤ᠂ ᠤᠯᠤᠰ ᠤᠨ ᠢᠶᠡᠨ ᠬᠦᠭᠵᠢᠯᠲᠡ ᠵᠢ ᠪᠡᠶᠡᠯᠡᠭᠦᠯᠦᠨ᠎ᠠ᠃ ᠳᠤᠮᠳᠠᠳᠤ ᠤᠯᠤᠰ ᠪᠤᠯ ᠠᠹᠷᠢᠺᠠ ᠲᠢᠪ ᠤᠨ ᠴᠢᠩ ᠦᠨᠡᠨᠴᠢ ᠨᠠᠢᠢᠵᠢ ᠮᠦᠨ᠂ ᠭᠠᠮᠪᠢᠶ᠎ᠠ ᠵᠢᠨ ᠬᠢᠨ ᠲᠤᠷᠠᠲᠠᠶ᠎ᠠ ᠳᠤᠮᠳᠠᠳᠤ ᠤᠯᠤᠰ ᠪᠤᠯᠤᠨ ᠠᠹᠷᠢᠺᠠ ᠲᠢᠪ ᠤᠨ ᠬᠠᠮᠲᠤᠷᠠᠯᠴᠠᠭᠠᠨ ᠤ ᠹᠤᠷᠦ᠋ᠮ ᠤᠨ ᠪᠤᠷᠤ ᠲᠦᠯᠦᠪ ᠤᠨ ᠲᠤᠤᠷᠠᠬᠢ ᠬᠠᠮᠲᠤᠷᠠᠯᠴᠠᠭᠠᠨ ᠳ᠋ᠤ ᠢᠳᠡᠪᠬᠢᠲᠡᠢ ᠪᠡᠷ ᠤᠷᠤᠯᠴᠠᠨ᠎ᠠ ᠭᠡᠵᠦ ᠢᠯᠡᠳᠭᠡᠪᠡ᠃

    ᠬᠡᠯᠡᠯᠴᠡᠭᠡᠷ ᠬᠢᠭᠰᠡᠨ ᠤ ᠳᠠᠷᠠᠭ᠎ᠠ᠂ ᠬᠤᠶᠠᠷ ᠤᠯᠤᠰ ᠤᠨ ᠲᠡᠷᠢᠭᠦᠨ ᠬᠤᠶᠠᠷ ᠤᠯᠤᠰ ᠤᠨ ᠵᠠᠰᠠᠬ ᠤᠨ ᠤᠷᠳᠤᠨ ᠤ ᠭᠠᠳᠠᠭᠠᠳᠤ ᠬᠠᠷᠢᠯᠴᠠᠭ᠎ᠠ᠂ ᠠᠯᠪᠠᠨ ᠶᠠᠪᠤᠳᠠᠯ ᠤᠨ ᠫᠠᠰᠫᠤᠷᠲ ᠲᠠᠢ ᠬᠦᠮᠦᠰ ᠤᠨ ᠦᠯᠦ ᠸᠢᠰᠠᠯᠠᠬᠤ ᠲᠤᠬᠠᠢ ᠬᠡᠯᠡᠯᠴᠡᠭᠡᠷ᠂ ᠳᠤᠮᠳᠠᠳᠤ ᠭᠠᠮᠪᠢᠶ᠎ᠠ ᠬᠠᠮᠲᠤᠷᠠᠯᠴᠠᠵᠤ ᠭᠠᠮᠪᠢᠶ᠎ᠠ ᠶᠡᠬᠡ ᠰᠤᠷᠭᠠᠭᠤᠯᠢ ᠵᠢᠨ ᠺᠦᠩᠽᠢ ᠳᠡᠭᠡᠳᠦ ᠰᠤᠷᠭᠠᠭᠤᠯᠢ ᠵᠢ ᠪᠠᠢᠢᠭᠤᠯᠬᠤ ᠵᠦᠪᠯᠡᠯᠴᠡᠭᠡᠷ ᠵᠢᠴᠢ ᠠᠵᠤ ᠠᠬᠤᠢ᠂ ᠠᠷᠠᠯᠵᠢᠶ᠎ᠠ᠂ ᠪᠡᠯᠡ ᠤᠷᠤᠭᠤᠯᠤᠯᠲᠠ᠂ ᠮᠡᠷᠭᠡᠵᠢᠯ ᠤᠨ ᠬᠠᠮᠲᠤᠷᠠᠯᠴᠠᠭ᠎ᠠ᠂ ᠰᠠᠭᠤᠷᠢ ᠳᠦᠬᠦᠭᠡᠷᠦᠮᠵᠢ ᠵᠢᠨ ᠪᠦᠲᠦᠭᠡᠨ ᠪᠠᠢᠢᠭᠤᠯᠤᠯᠲᠠ᠂ ᠬᠦᠮᠦᠨ ᠤ ᠬᠦᠴᠦᠨ  ᠤ ᠡᠬᠢ ᠪᠠᠶᠠᠯᠢᠭ ᠢ ᠨᠡᠭᠡᠭᠡᠨ ᠬᠦᠭᠵᠢᠬᠦᠯᠬᠦ ᠵᠡᠷᠭᠡ ᠬᠦᠷᠢᠶᠡᠨ ᠳ᠋ᠡᠬᠢ ᠬᠤᠶᠠᠷ ᠲᠠᠯ᠎ᠠ ᠵᠢᠨ ᠬᠠᠮᠲᠤᠷᠠᠯᠴᠠᠭᠠᠨ ᠤ ᠪᠢᠴᠢᠭ᠌ ᠮᠠᠲ᠋ᠧᠷᠢᠶᠠᠯ ᠳ᠋ᠤ ᠭᠠᠷ ᠤᠨ ᠦᠰᠦᠭ ᠵᠢᠷᠤᠬᠤ ᠵᠢ ᠬᠠᠮᠲᠤ ᠪᠡᠷ ᠭᠡᠷᠡᠴᠢᠯᠡᠪᠡ᠃

    ᠬᠡᠯᠡᠯᠴᠡᠭᠡᠷ ᠬᠢᠬᠦ ᠡᠴᠡ ᠡᠮᠦᠨ᠎ᠠ᠂ ᠰᠢ ᠵᠢᠨ ᠫᠢᠩ ᠠᠷᠠᠳ ᠤᠨ ᠶᠡᠬᠡ ᠬᠤᠷᠠᠯ ᠤᠨ ᠲᠢᠩᠬᠢᠮ ᠤᠨ ᠬᠤᠢᠢᠳᠤ ᠶᠡᠬᠡ ᠲᠢᠩᠬᠢᠮ ᠳ᠋ᠤ ᠪᠠᠷᠦ᠋ᠧ ᠢᠢ ᠤᠬᠲᠤᠬᠤ ᠶᠤᠰᠤᠯᠠᠯ ᠶᠠᠪᠤᠭᠤᠯᠪᠠ᠃ ᠨᠠᠮ ᠤᠨ ᠲᠦᠪ ᠬᠤᠷᠢᠶᠠᠨ ᠤ ᠤᠯᠤᠰ ᠲᠦᠷᠦ ᠵᠢᠨ ᠲᠤᠪᠴᠢᠶᠠᠨ ᠤ ᠭᠡᠰᠢᠭᠦᠨ᠂ ᠲᠦᠪ ᠤᠨ ᠱᠦᠵᠢ ᠨᠠᠷ ᠤᠨ ᠭᠠᠵᠠᠷ ᠤᠨ ᠱᠦᠵᠢ᠂ ᠨᠠᠮ ᠤᠨ ᠲᠦᠪ ᠬᠤᠷᠢᠶᠠᠨ ᠤ ᠠᠯᠪᠠᠨ ᠲᠢᠩᠬᠢᠮ ᠤᠨ ᠡᠷᠬᠢᠯᠡᠭᠴᠢ ᠳ᠋ᠢᠩ ᠰᠢᠤᠧᠠᠢ ᠰᠢᠶᠠᠩ᠂ ᠨᠠᠮ ᠤᠨ ᠲᠦᠪ ᠬᠤᠷᠢᠶᠠᠨ ᠤ ᠤᠯᠤᠰ ᠲᠦᠷᠦ ᠵᠢᠨ ᠲᠤᠪᠴᠢᠶᠠᠨ ᠤ ᠭᠡᠰᠢᠭᠦᠨ᠂ ᠲᠦᠷᠦ ᠵᠢᠨ ᠶᠠᠪᠤᠳᠠᠯ ᠤᠨ ᠭᠡᠰᠢᠭᠦᠨ ᠶᠠᠩ ᠵᠢᠶᠧ ᡂᠢ᠂ ᠪᠦᠬᠦ ᠤᠯᠤᠰ ᠤᠨ ᠠᠷᠠᠳ ᠤᠨ ᠲᠦᠯᠦᠭᠡᠯᠡᠭᠴᠢᠳ ᠤᠨ ᠶᠡᠬᠡ ᠬᠤᠷᠠᠯ ᠤᠨ ᠪᠠᠢᠢᠩᠭᠤ ᠵᠢᠨ ᠬᠤᠷᠢᠶᠠᠨ ᠤ ᠳᠡᠳ᠋ ᠲᠠᠷᠤᠭ᠎ᠠ ᠱᠧᠨ ᠶᠤᠧᠠᠢ ᠶᠤᠧᠠᠢ᠂ ᠪᠦᠬᠦ ᠤᠯᠤᠰ ᠤᠨ ᠤᠯᠤᠰ ᠲᠦᠷᠦ ᠵᠢᠨ ᠵᠦᠪᠯᠡᠯᠬᠡᠨ ᠤ ᠳᠡᠳ᠋ ᠲᠡᠷᠢᠭᠦᠯᠡᠭᠴᠢ ᠮᠠ ᠫᠧᠢ ᠬᠤᠧᠠ ᠨᠠᠷ ᠤᠷᠤᠯᠴᠠᠪᠠ᠃

ᠢᠷᠡᠯᠳᠡ᠄ ᠰᠢᠨᠬᠤᠧᠠ ᠬᠤᠷᠢᠶ᠎ᠠ ᠪᠡᠯᠡᠳᠭᠡᠭ᠍ᠰᠡᠨ ᠨᠢ᠄ ᠪᠣᠯᠣᠷᠴᠡᠴᠡᠭ᠌

ᠨᠡᠶᠢᠬᠡᠮ ᠠᠬᠤᠢ

ᠰᠣᠶᠤᠯ ᠤᠷᠠᠯᠢᠭ

  • ᠶᠤᠸᠠᠨ ᠤ ᠲᠡᠭᠡᠲᠤ ᠨᠡᠶᠢᠰᠯᠡᠯ ᠳᠤ ᠪᠤᠯᠤᠭᠰᠠᠨ ᠴᠠᠭᠠᠨ ᠢᠳᠡᠭᠡᠨ ᠤ ᠰᠤᠶᠤᠯ ᠤᠨ ᠨᠠᠶᠢᠷ
  • 26 ᠳ᠋ᠤᠭᠠᠷ ᠬᠤᠭᠤᠴᠠᠭᠠᠨ ᠤ ᠠᠯᠳᠠᠨ ᠳᠠᠬᠢᠶ᠎ᠠ ᠴᠡᠴᠡᠬᠡᠰ ᠺᠢᠨᠣ᠋ ᠶᠢᠨ ᠨᠠᠶᠢᠷ ᠬᠦᠬᠡᠬᠤᠳᠠ ᠳᠤ ᠨᠡᠬᠡᠬᠡᠯᠳᠡ ᠪᠡᠨ ᠬᠢᠪᠡ
  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
010070230030000000000000011120701122150351