ᠯᠢ ᠺᠧ ᠴᠢᠶᠠᠩ ᠳᠤᠮᠳᠠᠳᠤ ᠳᠠᠶᠢᠯᠠᠨᠳ᠋ ᠤᠨ ᠳᠡᠮᠤᠷ ᠵᠠᠮ ᠤᠨ ᠬᠠᠮᠳᠤ ᠶᠢᠨ ᠠᠵᠢᠯᠯᠠᠭᠠᠨ ᠤ ᠳᠦᠰᠦᠯ ᠤᠨ ᠡᠬᠢᠨ ᠤ ᠪᠠᠷᠢᠯᠭ᠎ᠠ ᠡᠬᠢᠯᠡᠭᠰᠡᠨ ᠳ᠋ᠤ ᠪᠠᠶᠠᠷ ᠬᠦᠷᠬᠡᠪᠡ 2017-12-22 10:51

    ᠰᠢᠨᠬᠤᠧᠠ ᠬᠤᠷᠢᠶ᠎ᠠ   ᠪᠡᠬᠡᠵᠢᠩ ᠤᠨ 12 ᠰᠠᠷ᠎ᠠ ᠵᠢᠨ 21 ᠤ ᠡᠳᠦᠷ ᠤᠨ ᠴᠠᠬᠢᠯᠭᠠᠨ ᠮᠡᠳᠡᠬᠡ   ᠳᠦᠷᠦ ᠵᠢᠨ ᠶᠠᠪᠤᠳᠠᠯ ᠤᠨ ᠬᠤᠷᠢᠶᠠᠨ ᠤ ᠶᠡᠷᠦᠩᠬᠡᠢ ᠰᠠᠢᠢᠳ ᠯᠢ ᠺᠧ ᠴᠢᠶᠠᠩ 12 ᠰᠠᠷ᠎ᠠ ᠵᠢᠨ 21 ᠤ ᠡᠳᠦᠷ ᠵᠠᠬᠢᠳᠠᠯ ᠢᠯᠡᠬᠡᠵᠦ ᠳᠤᠮᠳᠠᠳᠤ ᠳᠠᠶᠢᠯᠠᠨᠳ᠋ ᠤᠨ ᠳᠡᠮᠤᠷ ᠵᠠᠮ ᠤᠨ ᠬᠠᠮᠳᠤ ᠶᠢᠨ ᠠᠵᠢᠯᠯᠠᠭᠠᠨ ᠤ ᠳᠦᠰᠦᠯ ᠤᠨ ᠡᠬᠢᠨ ᠤ ᠪᠠᠷᠢᠯᠭ᠎ᠠ ᠡᠬᠢᠯᠡᠭᠰᠡᠨ ᠳ᠋ᠤ ᠪᠠᠶᠠᠷ ᠬᠦᠷᠬᠡᠪᠡ᠃

    ᠯᠢ ᠺᠧ ᠴᠢᠶᠠᠩ ᠪᠠᠶᠠᠷ ᠤᠨ ᠵᠠᠬᠢᠳᠠᠯ ᠳ᠋ᠠᠭᠠᠨ᠂ ᠳᠤᠮᠳᠠᠳᠤ ᠳᠠᠶᠢᠯᠠᠨᠳ᠋ ᠤᠨ ᠳᠡᠮᠤᠷ ᠵᠠᠮ ᠤᠨ ᠬᠠᠮᠳᠤ ᠶᠢᠨ ᠠᠵᠢᠯᠯᠠᠭᠠᠨ ᠤ ᠳᠦᠰᠦᠯ ᠪᠤᠯ ᠬᠤᠶᠠᠷ ᠳᠠᠯ᠎ᠠ ᠵᠢᠨ《ᠨᠢᠬᠡ ᠪᠦᠰᠡ ᠨᠢᠬᠡ ᠵᠠᠮ》 ᠢ᠋ ᠬᠠᠮᠳᠤᠪᠠᠷ ᠪᠠᠢᠢᠭᠤᠯᠬᠤ᠂ ᠦᠢᠯᠡᠳᠪᠤᠷᠢᠯᠡᠯ ᠤᠨ ᠴᠢᠳᠠᠪᠤᠷᠢ ᠵᠢᠨ ᠬᠠᠮᠳᠤ ᠶᠢᠨ ᠠᠵᠢᠯᠯᠠᠭ᠎ᠠ ᠵᠢ ᠵᠤᠬᠢᠶᠠᠨ ᠪᠠᠶᠢᠭᠤᠯᠬᠤ ᠳᠤᠬᠴᠢ ᠳᠦᠰᠦᠯ ᠮᠦᠨ᠂ ᠡᠨᠡ ᠨᠢ ᠬᠠᠮᠳᠤᠪᠠᠷ ᠵᠦᠪᠳᠡᠬᠦ᠂ ᠬᠠᠮᠳᠤᠪᠠᠷ ᠪᠠᠢᠢᠭᠤᠯᠬᠤ᠂ ᠬᠠᠮᠳᠤᠪᠠᠷ ᠡᠳ᠋ᠯᠡᠬᠦ ᠵᠤᠷᠢᠬ ᠰᠠᠨᠠᠭ᠎ᠠ ᠵᠢ ᠢᠯᠡᠷᠡᠬᠦᠯᠵᠦ ᠪᠠᠢᠢᠨ᠎ᠠ᠂ ᠬᠠᠷᠢᠯᠴᠠᠨ ᠠᠰᠢᠬᠳᠠᠢ ᠬᠤᠶᠠᠷ ᠳᠠᠯ᠎ᠠ ᠪᠠᠷ ᠢᠶᠡᠨ ᠠᠰᠢᠬ ᠬᠦᠷᠳᠡᠬᠦ ᠳᠦᠰᠦᠯ ᠮᠦᠨ᠂ ᠳᠠᠶᠢᠯᠠᠨᠳ᠋ ᠪᠤᠯᠤᠨ ᠳᠤᠰ ᠭᠠᠵᠠᠷ ᠤᠷᠤᠨ ᠤ ᠳᠡᠳ᠋ ᠪᠦᠳᠦᠴᠡ ᠵᠢᠨ ᠪᠠᠢᠢᠭᠤᠯᠤᠯᠳᠠ ᠪᠤᠯᠤᠨ ᠬᠤᠯᠪᠤᠯᠳᠤᠨ ᠨᠡᠪᠳᠡᠷᠡᠯᠴᠡᠬᠦ ᠳᠡᠳ᠋ ᠪᠦᠳᠦᠴᠡ ᠵᠢᠨ ᠳᠦᠪᠰᠢᠨ ᠢ ᠪᠦᠳᠦᠮᠵᠢᠳᠡᠢ ᠪᠡᠷ ᠳᠡᠬᠡᠭᠰᠢᠯᠡᠬᠦᠯᠵᠦ᠂ ᠳᠠᠶᠢᠯᠠᠨᠳ᠋ ᠤᠨ ᠡᠳ᠋ ᠤᠨ ᠵᠠᠰᠠᠭ ᠤᠨ ᠦᠷᠬᠦᠯᠵᠢᠯᠡᠬᠦ ᠬᠦᠭᠵᠢᠯᠳᠡ ᠵᠢ ᠠᠬᠢᠭᠤᠯᠵᠦ᠂ ᠪᠦᠰᠡ ᠨᠤᠳᠤᠭ ᠤᠨ ᠬᠦᠭᠵᠢᠯ ᠴᠡᠴᠡᠭᠯᠡᠯ ᠪᠤᠯᠤᠨ ᠢᠷᠬᠡᠳ ᠤᠨ ᠠᠮᠢᠳᠤᠷᠠᠯ ᠤᠨ ᠰᠠᠢᠢᠵᠢᠷᠠᠯᠳᠠ ᠵᠢ ᠳᠠᠢᠢᠴᠢᠯᠠᠬᠤ ᠪᠤᠯᠤᠨ᠎ᠠ᠃ ᠬᠤᠶᠠᠷ ᠳᠠᠯ᠎ᠠ ᠪᠠᠷ ᠵᠢᠡᠨ ᠨᠢᠬᠳᠠ ᠬᠠᠮᠵᠢᠯᠴᠠᠭ᠎ᠠ ᠪᠡᠨ ᠦᠷᠬᠦᠯᠵᠢᠯᠡᠨ ᠪᠠᠳᠤᠯᠠᠵᠦ᠂ ᠳᠤᠮᠳᠠᠳᠤ ᠳᠠᠶᠢᠯᠠᠨᠳ᠋ ᠤᠨ ᠳᠡᠮᠤᠷ ᠵᠠᠮ ᠤᠨ ᠬᠠᠮᠳᠤ ᠶᠢᠨ ᠠᠵᠢᠯᠯᠠᠭᠠᠨ ᠤ ᠳᠦᠰᠦᠯ ᠤᠨ ᠡᠬᠢᠨ ᠤ ᠪᠠᠷᠢᠯᠭ᠎ᠠ ᠶᠢᠨ ᠪᠠᠢᠢᠭᠤᠯᠤᠯᠳᠠ ᠵᠢ ᠴᠢᠨᠠᠷ ᠰᠠᠢᠢᠳᠠᠢ ᠪᠠᠶᠠᠯᠠᠬᠦᠯᠵᠦ᠂ ᠳᠦᠰᠦᠯ ᠤᠨ ᠬᠤᠶᠠᠳᠤᠭᠠᠷ ᠬᠤᠭᠤᠴᠠᠭᠠᠨ ᠤ ᠬᠠᠮᠢᠶ᠎ᠠ ᠪᠦᠬᠦᠢ ᠠᠵᠢᠯ ᠢ ᠯᠠᠪᠳᠠᠭᠤᠨ ᠪᠠᠳᠤᠳᠠᠢ ᠠᠬᠢᠭᠤᠯᠵᠦ᠂ ᠳᠤᠮᠳᠠᠳᠤ ᠳᠠᠶᠢᠯᠠᠨᠳ᠋ ᠤᠨ ᠳᠡᠮᠤᠷ ᠵᠠᠮ ᠪᠤᠯᠤᠨ ᠳᠤᠮᠳᠠᠳᠤ ᠯᠠᠤᠰ ᠤᠨ ᠳᠡᠮᠤᠷ ᠵᠠᠮ ᠤᠨ ᠬᠤᠯᠪᠤᠯᠳᠤᠨ ᠨᠡᠪᠳᠡᠷᠡᠯᠴᠡᠬᠦ ᠵᠢ ᠡᠷᠳᠡᠬᠡᠨ ᠪᠡᠶᠡᠯᠡᠬᠦᠯᠬᠦ ᠪᠡᠷ ᠬᠦᠴᠦᠯᠡᠨ ᠴᠢᠷᠮᠠᠢᠢᠵᠤ᠂ ᠵᠠᠮ ᠳᠠᠭᠠᠤ ᠵᠢᠨ ᠤᠯᠤᠰ ᠤᠳ ᠤᠨ ᠬᠤᠳᠠᠯᠳᠤᠭ᠎ᠠ ᠡᠳ᠋ ᠤᠨ ᠵᠠᠰᠠᠭ ᠤᠨ ᠰᠤᠯᠢᠯᠴᠠᠭ᠎ᠠ ᠪᠤᠯᠤᠨ ᠬᠦᠮᠦᠨ ᠠᠷᠠᠳ ᠤᠨ ᠬᠠᠷᠢᠯᠴᠠᠭ᠎ᠠ ᠶᠢ ᠠᠬᠢᠭᠤᠯᠬᠤ ᠵᠢ ᠬᠦᠰᠡᠵᠤ ᠪᠠᠢᠢᠨ᠎ᠠ ᠬᠡᠵᠦ ᠢᠯᠡᠳᠬᠡᠪᠡ᠃

    ᠯᠢ ᠺᠧ ᠴᠢᠶᠠᠩ᠂ ᠳᠤᠮᠳᠠᠳᠤ ᠳᠠᠶᠢᠯᠠᠨᠳ᠋ ᠪᠤᠯ ᠨᠢᠬᠡ ᠬᠡᠷ ᠤᠨ ᠬᠦᠮᠦᠨ ᠮᠡᠳᠤ ᠳᠤᠳᠤᠨᠤ ᠬᠠᠷᠢᠯᠴᠠᠭ᠎ᠠ ᠳᠠᠢ ᠶᠤᠮ᠃ ᠳᠠᠶᠢᠯᠠᠨᠳ᠋ ᠤᠨ ᠨᠦᠬᠦᠷᠰᠡᠭ ᠬᠦᠷᠰᠢ ᠤᠯᠤᠰ ᠪᠤᠯᠤᠬᠰᠠᠨ ᠤ ᠬᠤᠪᠢ ᠳ᠋ᠤ᠂ ᠳᠤᠮᠳᠠᠳᠤ ᠤᠯᠤᠰ ᠤᠨ ᠬᠢᠨ ᠳᠤᠮᠳᠠᠳᠤ ᠳᠠᠶᠢᠯᠠᠨᠳ᠋ ᠤᠨ ᠨᠦᠬᠦᠷᠰᠡᠭ ᠬᠠᠷᠢᠯᠴᠠᠭ᠎ᠠ ᠵᠢ ᠬᠦᠭᠵᠢᠬᠦᠯᠬᠦ ᠵᠢ ᠳᠡᠬᠡᠳᠦ ᠬᠡᠮᠵᠢᠶ᠎ᠠ ᠪᠠᠷ ᠴᠢᠬᠤᠯᠠᠴᠢᠯᠠᠵᠤ ᠪᠤᠢ᠃ ᠳᠤᠮᠳᠠᠳᠤ ᠤᠯᠤᠰ ᠤᠨ ᠬᠢᠨ ᠳᠠᠶᠢᠯᠠᠨᠳ᠋ ᠲᠠᠢ ᠬᠠᠮᠳᠤᠪᠠᠷ ᠴᠢᠷᠮᠠᠢᠢᠵᠦ ᠪᠠᠢᠢᠭᠠᠳ ᠬᠦᠭᠵᠢᠯᠳᠡ ᠵᠢᠨ ᠰᠲ᠋ᠷᠠᠲ᠋ᠢᠺᠢ ᠶᠢᠨ ᠵᠤᠯᠭᠠᠯᠴᠠᠭ᠎ᠠ ᠵᠢ ᠴᠢᠩᠭᠠᠳᠬᠠᠵᠦ᠂ ᠳᠤᠮᠳᠠᠳᠤ ᠳᠠᠶᠢᠯᠠᠨᠳ᠋ ᠤᠨ ᠳᠡᠮᠤᠷ ᠵᠠᠮ ᠤᠨ ᠬᠠᠮᠳᠤ ᠶᠢᠨ ᠠᠵᠢᠯᠯᠠᠭᠠᠨ ᠤ ᠳᠦᠰᠦᠯ ᠢᠶᠡᠷ ᠰᠢᠨ᠎ᠠ ᠳᠠᠪᠴᠠᠩ ᠪᠤᠯᠭᠠᠵᠦ᠂ ᠬᠤᠶᠠᠷ ᠤᠯᠤᠰ ᠤᠨ ᠬᠠᠷᠢᠯᠴᠠᠨ ᠠᠰᠢᠬᠳᠠᠢ ᠬᠠᠮᠳᠤᠪᠠᠷ ᠠᠰᠢᠬ ᠬᠦᠷᠳᠡᠬᠦ ᠪᠤᠳᠠᠳᠠᠢ ᠵᠢ ᠡᠷᠬᠢᠮᠯᠡᠭᠰᠡᠨ ᠬᠠᠮᠳᠤ ᠶᠢᠨ ᠠᠵᠢᠯᠯᠠᠭ᠎ᠠ ᠶᠢ ᠦᠷᠬᠦᠯᠵᠢᠯᠡᠨ ᠠᠬᠢᠭᠤᠯᠵᠦ᠂ ᠳᠤᠮᠳᠠᠳᠤ ᠳᠠᠶᠢᠯᠠᠨᠳ᠋ ᠤᠨ ᠢᠵᠢ ᠪᠦᠷᠢᠨ ᠰᠲ᠋ᠷᠠᠲ᠋ᠢᠺᠢ ᠶᠢᠨ ᠬᠠᠮᠳᠤ ᠶᠢᠨ ᠠᠵᠢᠯᠯᠠᠭᠠᠨ ᠤ ᠳᠦᠩᠰᠢᠯᠡᠯ ᠤᠨ ᠬᠠᠷᠢᠯᠴᠠᠭ᠎ᠠ ᠵᠢ ᠨᠡᠩ ᠶᠡᠬᠡ ᠬᠦᠭᠵᠢᠯᠳᠡ ᠳᠠᠢ ᠪᠤᠯᠭᠠᠵᠤ᠂ ᠬᠤᠶᠠᠷ ᠤᠯᠤᠰ ᠤᠨ ᠢᠷᠬᠡᠳ ᠲᠤ ᠨᠡᠩ ᠶᠡᠬᠡ ᠪᠤᠶᠠᠨ ᠦᠢᠯᠡᠳᠤᠨ᠎ᠠ ᠬᠡᠵᠦ ᠵᠢᠭᠠᠵᠦ ᠭᠠᠷᠭᠠᠵᠠᠢ᠃

ᠢᠷᠡᠯᠳᠡ᠄ ᠰᠢᠨᠬᠤᠧᠠ ᠬᠤᠷᠢᠶ᠎ᠠ ᠪᠡᠯᠡᠳᠭᠡᠭ᠍ᠰᠡᠨ ᠨᠢ᠄ ᠪᠣᠯᠣᠷᠴᠡᠴᠡᠭ᠌

ᠨᠡᠶᠢᠬᠡᠮ ᠠᠬᠤᠢ

ᠰᠣᠶᠤᠯ ᠤᠷᠠᠯᠢᠭ

  • ᠶᠤᠸᠠᠨ ᠤ ᠲᠡᠭᠡᠲᠤ ᠨᠡᠶᠢᠰᠯᠡᠯ ᠳᠤ ᠪᠤᠯᠤᠭᠰᠠᠨ ᠴᠠᠭᠠᠨ ᠢᠳᠡᠭᠡᠨ ᠤ ᠰᠤᠶᠤᠯ ᠤᠨ ᠨᠠᠶᠢᠷ
  • 26 ᠳ᠋ᠤᠭᠠᠷ ᠬᠤᠭᠤᠴᠠᠭᠠᠨ ᠤ ᠠᠯᠳᠠᠨ ᠳᠠᠬᠢᠶ᠎ᠠ ᠴᠡᠴᠡᠬᠡᠰ ᠺᠢᠨᠣ᠋ ᠶᠢᠨ ᠨᠠᠶᠢᠷ ᠬᠦᠬᠡᠬᠤᠳᠠ ᠳᠤ ᠨᠡᠬᠡᠬᠡᠯᠳᠡ ᠪᠡᠨ ᠬᠢᠪᠡ
  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
010070230030000000000000011120701122151575