蒙古文网站Logo
ᠰᠢᠨᠬᠤᠸᠠ ᠮᠤᠩᠭ᠋ᠤᠯ ᠨᠧᠲ

ᠳᠦᠪ ᠤᠨ ᠪᠠᠶᠢᠭᠠᠯᠢ ᠤᠷᠴᠢᠨ ᠤ ᠬᠢᠨᠠᠨ ᠪᠠᠶᠢᠴᠠᠭᠠᠯᠳᠠ 31 ᠮᠤᠵᠢ ᠶᠢ ᠬᠠᠮᠤᠷᠪᠠ

2017-12-29 09:59

    12 ᠰᠠᠷ᠎ᠠ ᠶᠢᠨ 28 ᠤ ᠡᠳᠦᠷ ᠬᠤᠷᠠᠯᠳᠤᠭᠰᠠᠨ ᠪᠠᠶᠢᠭᠠᠯᠢ ᠤᠷᠴᠢᠨ ᠤ ᠶᠠᠮᠤᠨ ᠤ ᠬᠤᠷᠠᠯ ᠡᠴᠡ ᠤᠶᠢᠯᠠᠭᠠᠭᠰᠠᠨ ᠢᠶᠡᠷ᠂ ᠤᠳᠤ ᠪᠤᠯᠳᠠᠯ᠎ᠠ ᠨᠢᠬᠡᠳᠦᠬᠡᠷ ᠡᠬᠡᠯᠵᠢ ᠶᠢᠨ ᠳᠦᠪ ᠤᠨ ᠪᠠᠶᠢᠭᠠᠯᠢ ᠤᠷᠴᠢᠨ ᠤ ᠬᠢᠨᠠᠨ ᠪᠠᠶᠢᠴᠠᠭᠠᠯᠳᠠ ᠪᠡᠷ ᠢᠷᠬᠡᠳ ᠤᠨ ᠵᠠᠬᠢᠳᠠᠯ ᠰᠤᠷᠪᠤᠯᠵᠢᠯᠠᠭ᠎ᠠ ᠶᠢ 13.5 ᠳᠦᠮᠡ ᠭᠠᠷᠤᠢ ᠳᠤᠰᠴᠤ᠂ ᠨᠡᠶᠢᠳᠡ 2.9 ᠳᠦᠮᠡᠨ ᠨᠢᠬᠡᠴᠡ ᠶᠢᠨ ᠬᠡᠷᠡᠭ ᠢ ᠳᠠᠩᠰᠠᠯᠠᠨ ᠳᠤᠷᠭᠠᠪᠠ; 1518 ᠬᠡᠷᠡᠭ ᠢ ᠳᠠᠩᠰᠠᠯᠠᠨ ᠪᠠᠶᠢᠴᠠᠭᠠᠵᠤ᠂ 1527 ᠬᠦᠮᠦᠨ ᠢ ᠪᠠᠷᠢᠪᠴᠢᠯᠠᠵᠠᠢ; ᠨᠠᠮ ᠳᠦᠷᠦ ᠶᠢᠨ ᠤᠳᠤᠷᠢᠳᠬᠤ ᠺᠠᠳ᠋ᠷ ᠡᠴᠡ 18448 ᠬᠦᠮᠦᠨ ᠲᠠᠢ ᠪᠤᠯᠵᠤᠨ ᠶᠠᠷᠢᠯᠴᠠᠵᠤ᠂ 18199 ᠬᠦᠮᠦᠨ ᠡᠴᠡ ᠬᠠᠷᠢᠭᠤᠴᠠᠯᠭ᠎ᠠ ᠨᠡᠬᠡᠮᠵᠢᠯᠡᠪᠡ᠃

    ᠳᠦᠪ ᠤᠨ ᠪᠠᠶᠢᠭᠠᠯᠢ ᠤᠷᠴᠢᠨ ᠤ ᠬᠢᠨᠠᠨ ᠪᠠᠶᠢᠴᠠᠭᠠᠯᠳᠠ ᠨᠢ ᠨᠠᠮ ᠤᠨ ᠠᠷᠪᠠᠨ ᠨᠠᠶ᠋ᠮᠠᠳᠤᠭᠠᠷ ᠶᠡᠬᠡ ᠬᠤᠷᠠᠯ ᠡᠴᠡ ᠨᠠᠰᠢᠬᠢ ᠳᠦᠪ ᠬᠤᠷᠢᠶ᠎ᠠ᠂ ᠳᠦᠷᠦ ᠶᠢᠨ ᠶᠠᠪᠤᠳᠠᠯ ᠤᠨ ᠬᠤᠷᠢᠶ᠎ᠠ ᠶᠢᠨ ᠠᠮᠢ ᠠᠬᠤᠢ ᠶᠢᠨ ᠪᠤᠯᠪᠠᠰᠤᠨ ᠤ ᠪᠠᠶᠢᠭᠤᠯᠤᠯᠳᠠ ᠬᠢᠬᠡᠳ ᠪᠠᠶᠢᠭᠠᠯᠢ ᠤᠷᠴᠢᠨ ᠤ ᠬᠠᠮᠠᠭᠠᠯᠠᠯᠳᠠ ᠶᠢᠨ ᠠᠵᠢᠯ ᠢ ᠠᠬᠢᠭᠤᠯᠬᠤ ᠴᠢᠬᠤᠯᠠ ᠳᠦᠷᠢᠮ ᠤᠨ ᠪᠠᠶᠢᠷᠢᠯᠠᠭᠤᠯᠤᠯᠳᠠ ᠪᠤᠯᠬᠤ ᠶᠤᠮ᠃ 2015 ᠤᠨ ᠤ 8 ᠰᠠᠷ᠎ᠠ ᠳᠤ ᠳᠦᠪ ᠬᠤᠷᠢᠶ᠎ᠠ ᠡᠴᠡ《ᠪᠠᠶᠢᠭᠠᠯᠢ ᠤᠷᠴᠢᠨ ᠤ ᠬᠠᠮᠠᠭᠠᠯᠠᠯᠳᠠ ᠶᠢᠨ ᠬᠢᠨᠠᠨ ᠪᠠᠶᠢᠴᠠᠭᠠᠬᠤ ᠳᠦᠰᠦᠯ(ᠳᠤᠷᠰᠢᠨ ᠬᠡᠷᠡᠭᠵᠢᠬᠦᠯᠬᠦ) 》 ᠢ ᠳᠠᠷᠤᠮᠠᠯᠯᠠᠨ ᠳᠠᠷᠬᠠᠭᠠᠵᠤ᠂ 2015 ᠤᠨ ᠤ 12 ᠰᠠᠷ᠎ᠠ ᠳᠤ ᠡᠾᠧᠪᠧᠢ ᠮᠤᠵᠢ ᠳᠤ ᠬᠢᠨᠠᠨ ᠪᠠᠶᠢᠴᠠᠭᠠᠬᠤ ᠳᠤᠷᠰᠢᠯᠳᠠ ᠶᠢᠨ ᠴᠢᠬ ᠪᠠᠶᠢᠭᠤᠯᠪᠠ᠃ 2016 ᠤᠨ ᠤ 7 ᠰᠠᠷ᠎ᠠ ᠪᠠ 11 ᠰᠠᠷ᠎ᠠ᠂ 2017 ᠤᠨ ᠤ 4 ᠰᠠᠷ᠎ᠠ ᠪᠠ 8 ᠰᠠᠷ᠎ᠠ ᠳᠤ ᠳᠦᠷᠪᠡᠨ ᠪᠦᠯᠦᠭ᠌ ᠬᠤᠪᠢᠶᠠᠨ ᠬᠢᠨᠠᠨ ᠪᠠᠶᠢᠴᠠᠭᠠᠬᠤ ᠠᠵᠢᠯ ᠵᠤᠬᠢᠶᠠᠨ ᠪᠠᠶᠢᠭᠤᠯᠵᠤ᠂ ᠤᠯᠤᠰ ᠲᠠᠶᠠᠭᠠᠷ ᠤᠨ 31 ᠮᠤᠵᠢ ᠶᠢ ᠬᠠᠮᠤᠷᠴᠠᠢ᠃

    ᠬᠢᠨᠠᠨ ᠪᠠᠶᠢᠴᠠᠭᠠᠬᠤ ᠠᠵᠢᠯᠯᠠᠭ᠎ᠠ ᠪᠡᠷ ᠡᠯ᠎ᠡ ᠮᠤᠵᠢ (ᠤᠷᠤᠨ᠂ ᠬᠤᠳᠠ) ᠨᠢ ᠬᠠᠷᠠᠯᠳᠠᠳᠤ ᠴᠢᠨᠠᠷ ᠲᠠᠢ ᠪᠡᠷ ᠠᠮᠢ ᠠᠬᠤᠢ ᠪᠠᠶᠢᠭᠠᠯᠢ ᠤᠷᠴᠢᠨ ᠤ ᠬᠠᠮᠠᠭᠠᠯᠠᠯᠳᠠ ᠶᠢᠨ ᠳᠦᠷᠦ ᠶᠢᠨ ᠪᠤᠳᠤᠯᠭ᠎ᠠ ᠬᠠᠤᠯᠢ ᠳᠦᠷᠢᠮ ᠢ ᠨᠡᠶᠢᠳᠡ 240 ᠭᠠᠷᠤᠢ ᠳᠦᠷᠦᠯ ᠪᠤᠯᠪᠠᠰᠤᠷᠠᠭᠤᠯᠪᠠ; 31 ᠮᠤᠵᠢ ᠡᠬᠦᠷᠬᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯᠳᠠ ᠶᠢᠨ ᠪᠢᠴᠢᠭ᠌ ᠮᠠᠲ᠋ᠧᠷᠢᠶᠠᠯ ᠪᠠ ᠬᠢᠨᠠᠨ ᠪᠠᠶᠢᠴᠠᠭᠠᠬᠤ ᠳᠦᠰᠦᠯ ᠵᠢᠴᠢ ᠨᠠᠮ ᠳᠦᠷᠦ ᠶᠢᠨ ᠤᠳᠤᠷᠢᠳᠬᠤ ᠺᠠᠳ᠋ᠷᠴᠤᠳ ᠤᠨ ᠠᠮᠢ ᠠᠬᠤᠢ ᠪᠠᠶᠢᠭᠠᠯᠢ ᠤᠷᠴᠢᠨ ᠢ ᠡᠪᠳᠡᠵᠤ ᠬᠤᠬᠢᠷᠠᠭᠤᠯᠤᠭᠰᠠᠨ ᠬᠠᠷᠢᠭᠤᠴᠠᠯᠭ᠎ᠠ ᠶᠢ ᠨᠡᠬᠡᠮᠵᠢᠯᠡᠬᠦ ᠠᠷᠭ᠎ᠠ ᠵᠡᠷᠬᠡ ᠶᠢ ᠭᠠᠷᠭᠠᠪᠠ; 26 ᠮᠤᠵᠢ ᠨᠢᠬᠡᠨᠳᠡ ᠮᠤᠵᠢ ᠶᠢᠨ ᠵᠡᠷᠬᠡᠯᠡᠯ ᠤᠨ ᠪᠠᠶᠢᠭᠠᠯᠢ ᠤᠷᠴᠢᠨ ᠤ ᠬᠠᠮᠠᠭᠠᠯᠠᠯᠳᠠ ᠶᠢᠨ ᠬᠢᠨᠠᠨ ᠪᠠᠶᠢᠴᠠᠭᠠᠬᠤ ᠠᠵᠢᠯ ᠢ ᠵᠤᠬᠢᠶᠠᠨ ᠪᠠᠶᠢᠭᠤᠯᠵᠤ ᠡᠬᠢᠯᠡᠵᠠᠢ᠃

    ᠬᠢᠨᠠᠨ ᠪᠠᠶᠢᠴᠠᠭᠠᠯᠳᠠ ᠪᠡᠷ᠂ ᠵᠠᠷᠢᠮ ᠤᠷᠤᠨ ᠨᠤᠳᠤᠭ ᠤᠨ ᠨᠠᠮ ᠤᠨ ᠬᠤᠷᠢᠶ᠎ᠠ ᠵᠠᠰᠠᠭ ᠤᠨ ᠤᠷᠳᠤᠨ ᠡᠨᠡᠬᠦ ᠠᠵᠢᠯ ᠢ ᠴᠢᠬᠤᠯᠠᠴᠢᠯᠠᠬᠤ ᠦᠬᠡᠢ᠂ ᠦᠢᠯᠡ ᠠᠵᠢᠯᠯᠠᠭ᠎ᠠ ᠶᠠᠪᠤᠭᠤᠯᠬᠤ ᠦᠬᠡᠢ ᠪᠠ ᠡᠬᠦᠷᠬᠡ ᠬᠠᠷᠢᠭᠤᠴᠠᠯᠭ᠎ᠠ ᠡᠬᠦᠷᠬᠡᠯᠡᠬᠦ ᠦᠬᠡᠢ ᠵᠡᠷᠬᠡ ᠠᠰᠠᠭᠤᠳᠠᠯ ᠢ ᠢᠯᠡᠷᠡᠬᠦᠯᠵᠠᠢ᠃ ᠳᠠᠷᠠᠭ᠎ᠠ ᠪᠡᠷ ᠨᠡᠩ ᠪᠤᠳᠠᠳᠠᠢ ᠬᠠᠤᠯᠢ ᠳᠦᠷᠢᠮ ᠳᠤᠭᠳᠠᠭᠠᠵᠤ᠂ ᠳᠦᠪ ᠤᠨ ᠪᠤᠯᠤᠨ ᠮᠤᠵᠢ ᠶᠢᠨ ᠵᠡᠷᠬᠡᠯᠡᠯ ᠤᠨ ᠪᠠᠶᠢᠭᠠᠯᠢ ᠤᠷᠴᠢᠨ ᠤ ᠬᠢᠨᠠᠨ ᠪᠠᠶᠢᠴᠠᠭᠠᠯᠳᠠ ᠶᠢᠨ ᠳᠤᠭᠳᠠᠯᠴᠠᠭ᠎ᠠ ᠶᠢ ᠳᠡᠬᠦᠯᠳᠡᠷᠵᠢᠬᠦᠯᠬᠦ ᠪᠤᠯᠤᠨ᠎ᠠ᠃

ᠢᠷᠡᠯᠳᠡ᠄ ᠰᠢᠨᠬᠤᠧᠠ ᠨᠧᠲ ᠪᠡᠯᠡᠳᠭᠡᠭ᠍ᠰᠡᠨ ᠨᠢ᠄ ᠪᠣᠯᠣᠷᠴᠡᠴᠡᠭ᠌

ᠨᠡᠶᠢᠬᠡᠮ ᠠᠬᠤᠢ

ᠰᠣᠶᠤᠯ ᠤᠷᠠᠯᠢᠭ

  • ᠶᠤᠸᠠᠨ ᠤ ᠲᠡᠭᠡᠲᠤ ᠨᠡᠶᠢᠰᠯᠡᠯ ᠳᠤ ᠪᠤᠯᠤᠭᠰᠠᠨ ᠴᠠᠭᠠᠨ ᠢᠳᠡᠭᠡᠨ ᠤ ᠰᠤᠶᠤᠯ ᠤᠨ ᠨᠠᠶᠢᠷ
  • 26 ᠳ᠋ᠤᠭᠠᠷ ᠬᠤᠭᠤᠴᠠᠭᠠᠨ ᠤ ᠠᠯᠳᠠᠨ ᠳᠠᠬᠢᠶ᠎ᠠ ᠴᠡᠴᠡᠬᠡᠰ ᠺᠢᠨᠣ᠋ ᠶᠢᠨ ᠨᠠᠶᠢᠷ ᠬᠦᠬᠡᠬᠤᠳᠠ ᠳᠤ ᠨᠡᠬᠡᠬᠡᠯᠳᠡ ᠪᠡᠨ ᠬᠢᠪᠡ
  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
关闭
010070230030000000000000011120701122184215