蒙古文网站Logo
ᠰᠢᠨᠬᠤᠸᠠ ᠮᠤᠩᠭ᠋ᠤᠯ ᠨᠧᠲ

ᠳᠦᠪ ᠤᠨ ᠤᠬᠠᠭᠤᠯᠬᠤ ᠬᠡᠯᠳᠡᠰ ᠡᠴᠡ ᠴᠢᠤᠢ ᠵᠢᠶᠠᠨ ᠡᠦ ᠳᠤ 《ᠴᠠᠭ ᠦᠶ᠎ᠡ ᠶᠢᠨ ᠦᠯᠢᠬᠡᠷ ᠳᠠᠭᠤᠷᠢᠶᠠᠯ》 ᠢᠷᠠᠭᠤ ᠠᠯᠳᠠᠷ ᠤᠯᠭᠤᠵᠠᠢ

2017-12-29 16:29

    ᠰᠢᠨᠬᠤᠧᠠ ᠬᠤᠷᠢᠶ᠎ᠠ   ᠪᠡᠬᠡᠵᠢᠩ ᠤᠨ 12 ᠰᠠᠷ᠎ᠠ ᠶᠢᠨ 29 ᠤ ᠡᠳᠦᠷ ᠤᠨ ᠴᠠᠬᠢᠯᠭᠠᠨ ᠮᠡᠳᠡᠬᠡ   ᠳᠦᠪ ᠤᠨ ᠤᠬᠠᠭᠤᠯᠬᠤ ᠬᠡᠯᠳᠡᠰ ᠡᠴᠡ ᠴᠢᠤᠢ ᠵᠢᠶᠠᠨ ᠡᠦ ᠶᠢᠨ ᠳᠡᠷᠢᠬᠦᠨ ᠤ ᠦᠢᠯᠡ ᠶᠠᠪᠤᠳᠠᠯ ᠢ 29 ᠤ ᠡᠳᠦᠷ ᠨᠡᠶᠢᠬᠡᠮ ᠳᠤ ᠢᠯᠡ ᠵᠠᠷᠯᠠᠵᠤ᠂ ᠳᠡᠬᠦᠨ ᠳᠤ 《ᠴᠠᠭ ᠦᠶ᠎ᠡ ᠶᠢᠨ ᠦᠯᠢᠬᠡᠷ ᠳᠠᠭᠤᠷᠢᠶᠠᠯ》 ᠢᠷᠠᠭᠤ ᠠᠯᠳᠠᠷ ᠤᠯᠭᠤᠯ᠎ᠠ᠃

    ᠴᠢᠤᠢ ᠵᠢᠶᠠᠨ ᠡᠦ ᠪᠤᠯ ᠳ᠋ᠠᠯᠢᠶᠠᠨ ᠤ ᠳᠠᠯᠠᠢ ᠶᠢᠨ ᠶᠠᠪᠤᠳᠠᠯ ᠤᠨ ᠶᠡᠬᠡ ᠰᠤᠷᠭᠠᠭᠤᠯᠢ ᠶᠢᠨ 2013 ᠤᠨ ᠤ ᠠᠩᠬᠢ ᠶᠢᠨ ᠵᠢᠯᠤᠭᠤᠳᠤᠭᠴᠢ᠂ ᠮᠠᠷᠺᠰ ᠤᠨ ᠦᠵᠡᠯ ᠤᠨ ᠳᠡᠬᠡᠳᠦ ᠰᠤᠷᠭᠠᠭᠤᠯᠢ ᠶᠢᠨ ᠪᠠᠭᠰᠢ ᠶᠤᠮ᠃ 30 ᠭᠠᠷᠤᠢ ᠵᠢᠯ ᠤᠨ ᠠᠵᠢᠯ ᠤᠨ ᠪᠠᠶᠢᠷᠢᠨ ᠳᠤ ᠳᠡᠷᠡᠪᠡᠷ ᠶᠡᠬᠡ ᠳᠡᠬᠡᠳᠦ ᠰᠤᠷᠭᠠᠭᠤᠯᠢ ᠨᠤᠭᠤᠳ ᠤᠨ ᠦᠵᠡᠯ ᠰᠠᠨᠠᠭ᠎ᠠ ᠤᠯᠤᠰ ᠳᠦᠷᠦ ᠶᠢᠨ ᠠᠵᠢᠯ ᠢ ᠰᠠᠶᠢᠨ ᠬᠢᠵᠤ᠂ ᠤᠭ ᠵᠤᠷᠢᠯᠳᠠ ᠪᠡᠨ ᠮᠠᠷᠳᠠᠯ ᠦᠬᠡᠢ ᠡᠬᠦᠷᠬᠡ ᠬᠠᠷᠢᠭᠤᠴᠠᠯᠭ᠎ᠠ ᠪᠡᠨ ᠪᠠᠳᠤ ᠴᠡᠬᠡᠵᠢᠯᠡᠵᠤ᠂ ᠤᠶᠤᠳᠠᠳ ᠤᠨ ᠦᠵᠡᠯ ᠰᠠᠨᠠᠭ᠎ᠠ ᠤᠯᠤᠰ ᠳᠦᠷᠦ ᠶᠢᠨ ᠰᠤᠷᠭᠠᠨ ᠬᠦᠮᠦᠵᠢᠯ ᠤᠨ ᠳᠠᠯ᠎ᠠ ᠪᠡᠷ ᠳᠤᠪᠤᠶᠢᠮ᠎ᠠ ᠬᠤᠪᠢ ᠨᠡᠮᠡᠷᠢ ᠦᠵᠡᠬᠦᠯᠦᠭᠰᠡᠨ ᠪᠠᠶᠢᠨ᠎ᠠ᠃ ᠳᠡᠷᠡ ᠮᠦᠨ ᠤᠷᠢᠳ ᠬᠤᠵᠢᠳ《ᠤᠯᠤᠰ ᠲᠠᠶᠠᠭᠠᠷ ᠤᠨ ᠰᠤᠷᠳᠠᠯ ᠰᠠᠶᠢᠳᠠᠢ ᠪᠠᠭᠰᠢ ᠶᠢᠨ ᠵᠢᠱᠢᠶᠡᠴᠢ》᠂ 《ᠤᠯᠤᠰ ᠲᠠᠶᠠᠭᠠᠷ ᠤᠨ ᠶᠡᠬᠡ ᠳᠡᠬᠡᠳᠦ ᠰᠤᠷᠭᠠᠭᠤᠯᠢ ᠶᠢᠨ ᠵᠢᠯᠤᠭᠤᠳᠤᠭᠴᠢ ᠶᠢᠨ ᠤᠨ ᠤ ᠰᠤᠤᠳᠤ ᠬᠦᠮᠦᠨ》 ᠵᠡᠷᠬᠡ ᠢᠷᠠᠭᠤ ᠠᠯᠳᠠᠷ ᠢᠶᠡᠷ ᠮᠢᠯᠢᠶᠠᠯᠭᠠᠵᠠᠢ᠃

ᠢᠷᠡᠯᠳᠡ᠄ ᠰᠢᠨᠬᠤᠧᠠ ᠬᠤᠷᠢᠶ᠎ᠠ ᠪᠡᠯᠡᠳᠭᠡᠭ᠍ᠰᠡᠨ ᠨᠢ᠄ ᠪᠣᠯᠣᠷᠴᠡᠴᠡᠭ᠌

ᠨᠡᠶᠢᠬᠡᠮ ᠠᠬᠤᠢ

ᠰᠣᠶᠤᠯ ᠤᠷᠠᠯᠢᠭ

  • ᠶᠤᠸᠠᠨ ᠤ ᠲᠡᠭᠡᠲᠤ ᠨᠡᠶᠢᠰᠯᠡᠯ ᠳᠤ ᠪᠤᠯᠤᠭᠰᠠᠨ ᠴᠠᠭᠠᠨ ᠢᠳᠡᠭᠡᠨ ᠤ ᠰᠤᠶᠤᠯ ᠤᠨ ᠨᠠᠶᠢᠷ
  • 26 ᠳ᠋ᠤᠭᠠᠷ ᠬᠤᠭᠤᠴᠠᠭᠠᠨ ᠤ ᠠᠯᠳᠠᠨ ᠳᠠᠬᠢᠶ᠎ᠠ ᠴᠡᠴᠡᠬᠡᠰ ᠺᠢᠨᠣ᠋ ᠶᠢᠨ ᠨᠠᠶᠢᠷ ᠬᠦᠬᠡᠬᠤᠳᠠ ᠳᠤ ᠨᠡᠬᠡᠬᠡᠯᠳᠡ ᠪᠡᠨ ᠬᠢᠪᠡ
  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
关闭
010070230030000000000000011120701122186665