蒙古文网站Logo
ᠰᠢᠨᠬᠤᠸᠠ ᠮᠤᠩᠭ᠋ᠤᠯ ᠨᠧᠲ

ᠨᠠᠮ ᠤᠨ ᠲᠦᠪ ᠬᠤᠷᠢᠶᠠᠨ ᠤ ᠵᠦᠪᠰᠢᠶᠡᠷᠡᠯ ᠢᠶᠡᠷ ᠠᠷᠠᠳ ᠤᠨ ᠴᠢᠯᠦᠭᠡᠯᠡᠬᠦ ᠴᠡᠷᠢᠭ ᠤᠯᠤᠰ ᠤᠨ ᠲᠤᠭ ᠬᠠᠮᠠᠭᠠᠯᠠᠬᠤ ᠪᠠ ᠶᠤᠰᠤᠯᠠᠯ ᠤᠨ ᠫᠤᠤ ᠲᠠᠯᠪᠢᠬᠤ ᠡᠬᠦᠷᠬᠡ ᠶᠢ ᠡᠬᠦᠷᠬᠡᠯᠡᠨ᠎ᠡ

2017-12-31 13:27

    ᠰᠢᠨᠬᠤᠧᠠ ᠬᠤᠷᠢᠶ᠎ᠠ   ᠪᠡᠭᠡᠵᠢᠩ ᠤᠨ 12 ᠰᠠᠷ᠎ᠠ ᠶᠢᠨ 30 ᠤ ᠡᠳᠦᠷ ᠤᠨ ᠴᠠᠬᠢᠯᠭᠠᠨ ᠮᠡᠳᠡᠭᠡ   ᠡᠮᠦᠨᠡᠬᠡᠨ᠂ ᠨᠠᠮ ᠤᠨ ᠲᠦᠪ ᠬᠤᠷᠢᠶᠠᠨ ᠤ ᠵᠦᠪᠰᠢᠶᠡᠷᠡᠯ ᠢᠶᠡᠷ 2018 ᠤᠨ ᠤ 1 ᠰᠠᠷ᠎ᠠ ᠶᠢᠨ 1 ᠤ ᠡᠳᠦᠷ ᠡᠴᠡ ᠡᠬᠢᠯᠡᠨ ᠠᠷᠠᠳ ᠤᠨ ᠴᠢᠯᠦᠭᠡᠯᠡᠬᠦ ᠴᠡᠷᠢᠭ ᠤᠯᠤᠰ ᠤᠨ ᠲᠤᠭ ᠬᠠᠮᠠᠭᠠᠯᠠᠬᠤ ᠪᠠ ᠶᠤᠰᠤᠯᠠᠯ ᠤᠨ ᠫᠤᠤ ᠲᠠᠯᠪᠢᠬᠤ ᠡᠭᠦᠷᠭᠡ ᠶᠢ ᠡᠭᠦᠷᠭᠡᠯᠡᠬᠦ ᠪᠡᠷ ᠪᠤᠯᠪᠠ᠃

    2018 ᠤᠨ ᠤ 1 ᠰᠠᠷ᠎ᠠ ᠶᠢᠨ 1  ᠤ ᠡᠳᠦᠷ ᠤᠨ 07᠄ 36 ᠴᠠᠭ ᠲᠤ᠂ ᠲᠢᠶᠠᠨ ᠠᠨ ᠮᠧᠨ ᠠᠭᠤᠳᠠᠮ ᠲᠠᠯᠠᠪᠠᠢ ᠳᠤ ᠶᠠᠪᠤᠭᠳᠠᠬᠤ ᠤᠯᠤᠰ ᠤᠨ ᠲᠤᠭ ᠮᠠᠨᠳᠤᠭᠤᠯᠬᠤ ᠶᠤᠰᠤᠯᠠᠯ ᠢ ᠠᠩᠬ᠎ᠠ ᠤᠳᠠᠭ᠎ᠠ ᠠᠷᠠᠳ ᠤᠨ ᠴᠢᠯᠦᠭᠡᠯᠡᠬᠦ ᠴᠡᠷᠢᠭ ᠤᠨ ᠶᠤᠰᠤᠯᠠᠯ ᠤᠨ ᠵᠢᠬᠰᠠᠭᠠᠯ ᠪᠤᠯᠤᠨ ᠴᠡᠷᠢᠭ ᠤᠨ ᠬᠦᠭ᠍ᠵᠢᠮ ᠤᠨ ᠪᠦᠯᠬᠦᠮ ᠡᠴᠡ ᠭᠦᠢᠴᠡᠳᠭᠡᠬᠦ ᠪᠤᠯᠤᠨ᠎ᠠ᠃ ᠲᠤᠬᠠᠢ ᠶᠢᠨ ᠦᠶ᠎ᠠ ᠳᠤ ᠲᠦᠪ ᠤᠨ ᠠᠷᠠᠳ ᠤᠨ ᠷᠠᠳᠢᠣ᠋ ᠨᠡᠪᠲᠡᠷᠡᠭᠦᠯᠬᠡ ᠶᠢᠨ ᠬᠤᠷᠢᠶ᠎ᠠ᠂ ᠲᠦᠪ ᠤᠨ ᠲᠧᠯᠧᠶ᠋ᠰ ᠬᠤᠷᠢᠶ᠎ᠠ᠂ ᠳᠤᠮᠳᠠᠳᠤ ᠤᠯᠤᠰ ᠤᠨ ᠤᠯᠠᠨ ᠤᠯᠤᠰ ᠤᠨ ᠷᠠᠳᠢᠣ᠋ ᠨᠡᠪᠲᠡᠷᠡᠭᠦᠯᠬᠡ ᠶᠢᠨ ᠬᠤᠷᠢᠶ᠎ᠠ ᠵᠢᠴᠢ ᠠᠷᠠᠳ ᠤᠨ ᠰᠦᠯᠵᠢᠶ᠎ᠠ᠂ ᠰᠢᠨᠬᠤᠧᠠ ᠨᠧᠲ᠂ ᠳᠤᠮᠳᠠᠳᠤ ᠤᠯᠤᠰ ᠤᠨ ᠰᠦᠯᠵᠢᠶᠠᠨ ᠤ ᠲᠧᠯᠧᠶ᠋ᠰ ᠬᠤᠷᠢᠶ᠎ᠠ᠂ ᠳᠤᠮᠳᠠᠳᠤ ᠤᠯᠤᠰ ᠤᠨ ᠨᠧᠲ᠂ ᠳᠤᠮᠳᠠᠳᠤ ᠤᠯᠤᠰ ᠤᠨ ᠴᠡᠷᠢᠭ ᠤᠨ ᠨᠧᠲ ᠵᠡᠷᠭᠡ ᠨᠢ ᠪᠦᠷ ᠲᠤᠬᠠᠢ ᠶᠢᠨ ᠲᠠᠯᠠᠪᠤᠷ ᠡᠴᠡ ᠰᠢᠭᠤᠳ ᠨᠡᠪᠲᠡᠷᠡᠭᠦᠯᠬᠡ ᠬᠢᠬᠦ ᠪᠤᠯᠤᠨ᠎ᠠ᠃

ᠢᠷᠡᠯᠳᠡ᠄ ᠰᠢᠨᠬᠤᠧᠠ ᠬᠤᠷᠢᠶ᠎ᠠ ᠪᠡᠯᠡᠳᠭᠡᠭ᠍ᠰᠡᠨ ᠨᠢ᠄ ᠰᠤᠷᠤᠶ᠎ᠠ

ᠰᠣᠶᠤᠯ ᠤᠷᠠᠯᠢᠭ

  • ᠶᠤᠸᠠᠨ ᠤ ᠲᠡᠭᠡᠲᠤ ᠨᠡᠶᠢᠰᠯᠡᠯ ᠳᠤ ᠪᠤᠯᠤᠭᠰᠠᠨ ᠴᠠᠭᠠᠨ ᠢᠳᠡᠭᠡᠨ ᠤ ᠰᠤᠶᠤᠯ ᠤᠨ ᠨᠠᠶᠢᠷ
  • 26 ᠳ᠋ᠤᠭᠠᠷ ᠬᠤᠭᠤᠴᠠᠭᠠᠨ ᠤ ᠠᠯᠳᠠᠨ ᠳᠠᠬᠢᠶ᠎ᠠ ᠴᠡᠴᠡᠬᠡᠰ ᠺᠢᠨᠣ᠋ ᠶᠢᠨ ᠨᠠᠶᠢᠷ ᠬᠦᠬᠡᠬᠤᠳᠠ ᠳᠤ ᠨᠡᠬᠡᠬᠡᠯᠳᠡ ᠪᠡᠨ ᠬᠢᠪᠡ
  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
关闭
010070230030000000000000011120701122191897