蒙古文网站Logo
ᠰᠢᠨᠬᠤᠸᠠ ᠮᠤᠩᠭ᠋ᠤᠯ ᠨᠧᠲ

ᠲᠤᠮᠳᠠᠳᠤ ᠤᠷᠤᠰ ᠬᠤᠶᠠᠷ ᠤᠯᠤᠰ ᠤᠨ ᠲᠡᠷᠢᠬᠦᠨ ᠬᠠᠷᠢᠯᠴᠠᠨ ᠰᠢᠨ᠎ᠡ ᠵᠢᠯ ᠤᠨ ᠪᠠᠶᠠᠷ ᠤᠨ ᠴᠠᠬᠢᠯᠭᠠᠨ ᠴᠢᠮᠡᠭᠡ ᠶᠠᠪᠤᠭᠤᠯᠵᠠᠢ

2018-01-01 15:30

    2017 ᠤᠨ ᠤ 12 ᠰᠠᠷ᠎ᠠ ᠶᠢᠨ 31 ᠤ ᠡᠳᠤᠷ᠂ ᠤᠯᠤᠰ ᠤᠨ ᠲᠡᠷᠢᠬᠦᠯᠡᠭᠴᠢ ᠰᠢ ᠶᠢᠨ ᠫᠢᠩ ᠪᠤᠯᠤᠨ ᠤᠷᠤᠰ ᠤᠨ ᠶᠡᠷᠤᠩᠬᠡᠶᠢᠯᠡᠭᠴᠢ ᠫᠦᠲ᠋ᠢᠨ ᠬᠠᠷᠢᠯᠴᠠᠨ ᠰᠢᠨ᠎ᠡ ᠵᠢᠯ ᠤᠨ ᠪᠠᠶᠠᠷ ᠤᠨ ᠴᠠᠬᠢᠯᠭᠠᠨ ᠴᠢᠮᠡᠭᠡ ᠶᠠᠪᠤᠭᠤᠯᠪᠠ᠃

    ᠰᠢ ᠶᠢᠨ ᠫᠢᠩ ᠪᠠᠶᠠᠷ ᠤᠨ ᠴᠠᠬᠢᠯᠭᠠᠨ ᠴᠢᠮᠡᠭᠡ ᠳᠡᠭᠡᠨ ᠲᠤᠮᠳᠠᠳᠤ ᠤᠯᠤᠰ ᠤᠨ ᠵᠠᠰᠠᠭ ᠤᠨ ᠤᠷᠳᠤᠨ ᠪᠤᠯᠤᠨ ᠠᠷᠠᠳ ᠲᠦᠮᠡᠨ ᠤ ᠡᠮᠤᠨ᠎ᠡ ᠠᠴᠠ ᠶᠡᠷᠤᠩᠬᠡᠶᠢᠯᠡᠭᠴᠢ ᠫᠦᠲ᠋ᠢᠨ ᠪᠤᠯᠤᠨ ᠤᠷᠤᠰ ᠤᠨ ᠠᠷᠠᠳ ᠲᠦᠮᠡᠨ ᠳᠤ ᠴᠢᠩ ᠰᠡᠳᠬᠢᠯ ᠤᠨ ᠪᠠᠶᠠᠷ ᠪᠤᠯᠤᠨ ᠰᠠᠶᠢᠨ ᠰᠠᠶᠢᠬᠠᠨ ᠵᠦᠩᠨᠡᠯ ᠲᠡᠪᠰᠢᠬᠦᠯᠪᠡ᠃

    ᠰᠢ ᠶᠢᠨ ᠫᠢᠩ᠂ 2017 ᠤᠨ ᠢ ᠡᠷᠬᠢᠴᠡᠬᠦᠯᠬᠦᠶ᠎ᠡ ᠲᠤᠮᠳᠠᠳᠤ ᠤᠷᠤᠰ ᠤᠨ ᠪᠦᠬᠦ ᠲᠠᠯ᠎ᠠ ᠶᠢᠨ ᠪᠠᠶᠢᠯᠳᠤᠬᠤ ᠪᠤᠳᠤᠯᠭ᠎ᠠ ᠶᠢᠨ ᠬᠠᠮᠵᠢᠯᠴᠠᠭᠠᠨ ᠤ ᠬᠠᠨᠢᠳᠠᠨ ᠤ ᠬᠠᠷᠢᠯᠴᠠᠭ᠎ᠠ ᠦᠨᠳᠤᠷ ᠲᠦᠪᠰᠢᠨ ᠢᠶᠠᠷ ᠰᠢᠨ᠎ᠡ ᠴᠢᠬᠤᠯᠠ ᠬᠦᠭᠵᠢᠯᠳᠡ ᠲᠠᠢ ᠪᠤᠯᠪᠠ᠃ ᠬᠤᠶᠠᠷ ᠲᠠᠯ᠎ᠠ ᠪᠠᠷ ᠢᠶᠠᠨ ᠲᠤᠰ ᠲᠤᠰ ᠤᠨ ᠢᠶᠠᠨ ᠭᠤᠤᠯᠯᠠᠭᠴᠢ ᠠᠰᠢᠭ ᠲᠤᠰᠠ ᠳᠤ ᠬᠤᠯᠪᠤᠭᠳᠠᠭᠰᠠᠠ ᠠᠰᠠᠭᠤᠳᠠᠯ ᠤᠨ ᠲᠠᠯ᠎ᠠ ᠪᠠᠷ ᠡᠷᠡᠰ ᠲᠡᠮᠵᠢᠯᠴᠡᠵᠥ᠂《ᠨᠢᠬᠡ ᠪᠦᠰᠡ ᠨᠢᠬᠡ ᠵᠠᠮ》 ᠤᠨ ᠪᠦᠳᠦᠭᠡᠨ ᠪᠠᠶᠢᠭᠤᠯᠤᠯᠳᠠ ᠶᠢ ᠡᠸᠦ᠋ᠷᠦᠫᠠ ᠠᠽᠢᠶ᠎ᠠ ᠶᠢᠨ ᠠᠵᠥ ᠠᠬᠤᠢ ᠶᠢᠨ ᠬᠤᠯᠪᠤᠭ᠎ᠠ ᠲᠠᠢ ᠵᠤᠯᠭᠠᠭᠤᠯᠬᠤ ᠬᠠᠮᠳᠤᠷᠠᠯᠴᠠᠭ᠎ᠠ ᠴᠢᠬᠤᠯᠠ ᠤᠯᠤᠯᠳᠡ ᠲᠠᠢ ᠪᠤᠯᠵᠥ᠂ ᠬᠤᠶᠠᠷ ᠤᠯᠤᠰ ᠤᠨ ᠪᠠᠶᠢᠯᠳᠤᠬᠤ ᠪᠤᠳᠤᠯᠭ᠎ᠠ ᠶᠢᠨ ᠴᠢᠨᠠᠷᠳᠠᠢ ᠲᠤᠮᠤ ᠲᠦᠷᠦᠯ ᠵᠦᠢᠯ ᠤᠨ ᠬᠠᠮᠳᠤᠷᠠᠯᠴᠠᠭ᠎ᠠ ᠲᠤᠭᠳᠠᠭᠤᠨ ᠤ ᠲᠤᠮᠳᠠ ᠤᠷᠤᠭᠰᠢᠯᠠᠨ ᠲᠠᠪᠰᠢᠵᠥ᠂ ᠰᠢᠨ᠎ᠡ ᠡᠬᠦᠳᠦᠯᠳᠡ᠂ ᠬᠦᠳᠡᠭᠡ ᠠᠵᠥ ᠠᠬᠤᠢ᠂ ᠤᠷᠤᠨ ᠨᠤᠳᠤᠭ ᠤᠨ ᠬᠠᠮᠳᠤᠷᠠᠯᠴᠠᠭ᠎ᠠ ᠲᠠᠰᠤᠷᠠᠯᠳᠡ ᠦᠭᠡᠢ ᠰᠢᠨ᠎ᠡ ᠬᠦᠳᠡᠯᠬᠡᠬᠦ ᠴᠢᠳᠠᠪᠤᠷᠢ ᠪᠠᠨ ᠪᠠᠳᠠᠷᠠᠭᠤᠯᠵᠥ᠂ ᠵᠠᠭᠤᠴᠢᠯᠠᠭᠤᠷ ᠤᠨ ᠰᠤᠯᠢᠯᠴᠠᠭᠠᠨ ᠤ ᠤᠨ ᠢ ᠠᠮᠵᠢᠯᠳᠡ ᠲᠠᠢ ᠡᠷᠬᠢᠯᠡᠨ ᠰᠤᠶᠤᠯ ᠢᠷᠬᠡᠨᠰᠢᠯ ᠤᠨ ᠬᠠᠮᠳᠤᠷᠠᠯᠴᠠᠭ᠎ᠠ ᠦᠷᠨᠢᠬᠦᠨ ᠬᠦᠭᠵᠢᠵᠥ᠂ ᠬᠤᠶᠠᠷ ᠤᠯᠤᠰ ᠤᠨ ᠨᠦᠬᠦᠷᠯᠡᠯ ᠤᠨ ᠠᠷᠠᠳ ᠤᠨ ᠰᠠᠨᠠᠭᠠᠨ ᠤ ᠰᠠᠭᠤᠷᠢ ᠤᠯᠠᠮ ᠪᠠᠬᠢᠵᠢᠨ᠂ ᠬᠤᠶᠠᠷ ᠲᠠᠯ᠎ᠠ ᠪᠠᠷ ᠢᠶᠠᠨ ᠲᠡᠯᠡᠬᠡᠢ ᠶᠢᠨ ᠪᠡ ᠭᠠᠵᠠᠷ ᠤᠷᠤᠨ ᠤ ᠬᠡᠷᠡᠭ ᠶᠠᠪᠤᠳᠠᠯ ᠳᠤ ᠨᠢᠬᠳᠠ ᠪᠦᠳᠦᠮᠵᠢᠳᠡᠢ ᠵᠤᠬᠢᠴᠠᠭᠤᠯᠭ᠎ᠠ ᠬᠠᠮᠵᠢᠯᠴᠠᠭ᠎ᠠ ᠪᠠᠨ ᠪᠠᠳᠤᠯᠠᠵᠥ᠂ ᠲᠡᠯᠡᠬᠡᠢ ᠶᠢᠨ ᠡᠩᠬᠡ ᠲᠠᠶᠢᠪᠤᠩ ᠲᠤᠭᠳᠠᠭᠤᠨ ᠪᠠᠶᠢᠳᠠᠯ ᠢ ᠬᠠᠮᠠᠭᠠᠯᠠᠬᠤ ᠳᠤ ᠴᠢᠬᠤᠯᠠ ᠬᠤᠪᠢ ᠨᠡᠮᠡᠷᠢ ᠦᠵᠡᠬᠦᠯᠥᠭᠰᠡᠡ ᠪᠠᠶᠢᠨ᠎ᠠ ᠬᠡᠵᠥ ᠢᠯᠡᠳᠬᠡᠪᠡ᠃

    ᠰᠢ ᠶᠢᠨ ᠫᠢᠩ᠂ ᠰᠢᠨ᠎ᠡ ᠨᠢᠬᠡ ᠵᠢᠯ ᠳᠤ ᠪᠢ ᠲᠤᠷᠠᠳᠠᠶ᠎ᠠ ᠲᠡᠨ ᠲᠠᠢ ᠭᠠᠷ ᠬᠤᠯᠪᠤᠨ ᠴᠢᠷᠮᠡᠶᠢᠵᠥ᠂ ᠲᠤᠮᠳᠠᠳᠤ ᠤᠷᠤᠰ ᠤᠨ ᠤᠯᠤᠰ ᠲᠦᠷᠦ ᠪᠤᠯᠤᠨ ᠪᠠᠶᠢᠯᠳᠤᠬᠤ ᠪᠤᠳᠤᠯᠭ᠎ᠠ ᠶᠢᠨ ᠢᠳᠡᠬᠡᠯᠴᠡᠭᠡ ᠶᠢ ᠪᠠᠬᠢᠵᠢᠬᠦᠯᠵᠥ᠂ ᠲᠤᠮᠳᠠᠳᠤ ᠤᠷᠤᠰ ᠤᠨ ᠪᠦᠬᠦ ᠲᠠᠯ᠎ᠠ ᠶᠢᠨ ᠪᠤᠳᠠᠳᠠᠢ ᠶᠢ ᠡᠷᠬᠢᠮᠯᠡᠭᠰᠡᠡ ᠬᠠᠮᠳᠤᠷᠠᠯᠴᠠᠭ᠎ᠠ ᠶᠢ ᠦᠷᠬᠡᠳᠭᠡᠨ ᠲᠤᠮᠳᠠᠳᠤ ᠤᠷᠤᠰ ᠤᠨ ᠤᠯᠠᠨ ᠤᠯᠤᠰ ᠤᠨ ᠪᠠᠶᠢᠯᠳᠤᠬᠤ ᠪᠤᠳᠤᠯᠭ᠎ᠠ ᠶᠢᠨ ᠬᠠᠮᠵᠢᠯᠴᠠᠭ᠎ᠠ ᠶᠢ ᠠᠬᠢᠭᠤᠯᠵᠥ᠂ ᠬᠠᠮᠳᠤᠪᠡᠷ ᠬᠤᠶᠠᠷ ᠤᠯᠤᠰ ᠤᠨ ᠬᠠᠷᠢᠯᠴᠠᠭ᠎ᠠ ᠶᠢ ᠬᠦᠳᠦᠯᠥᠨ ᠲᠠᠭᠠᠭᠤᠯᠵᠥ ᠰᠢᠨ᠎ᠡ ᠦᠷ᠎ᠡ ᠪᠦᠳᠦᠭᠡᠯ ᠲᠠᠢ ᠪᠤᠯᠭᠠᠨ᠎ᠠ᠃ 2018 ᠤᠨ ᠪᠤᠯᠤᠨ 2019 ᠤᠨ ᠳᠤ ᠡᠷᠬᠢᠯᠡᠬᠦ ᠲᠤᠮᠳᠠᠳᠤ ᠤᠷᠤᠰ ᠤᠨ ᠤᠷᠤᠨ ᠨᠤᠳᠤᠭ ᠤᠨ ᠬᠠᠮᠳᠤᠷᠠᠯᠴᠠᠭ᠎ᠠ ᠰᠤᠯᠢᠯᠴᠠᠭ᠎ᠠ ᠶᠢᠨ ᠤᠨ ᠤ ᠠᠵᠢᠯᠯᠠᠭ᠎ᠠ ᠨᠢ ᠬᠤᠶᠠᠷ ᠤᠯᠤᠰ ᠤᠨ ᠤᠷᠤᠨ ᠨᠤᠳᠤᠭ ᠤᠨ ᠶᠠᠪᠤᠯᠴᠠᠭ᠎ᠠ ᠶᠢ ᠪᠦᠬᠦ ᠲᠠᠯ᠎ᠠ ᠪᠠᠷ ᠦᠷᠬᠡᠳᠭᠡᠨ ᠬᠦᠨᠵᠡᠬᠡᠶᠢᠷᠡᠬᠦᠯᠵᠥ᠂ ᠲᠤᠮᠳᠠᠳᠤ ᠤᠷᠤᠰ ᠤᠨ ᠦᠶ᠎ᠡ ᠶᠢᠨ ᠦᠶ᠎ᠡ ᠨᠦᠬᠦᠷᠰᠡᠭ ᠪᠠᠶᠢᠬᠤ᠂ ᠬᠠᠮᠳᠤᠪᠡᠷ ᠬᠦᠭᠵᠢᠨ ᠮᠠᠨᠳᠤᠬᠤ ᠤᠢᠢᠯᠠᠭᠠᠬᠳᠠᠬᠤᠨ ᠢ ᠬᠦᠮᠥᠰ ᠤᠨ ᠰᠡᠳᠬᠢᠯ ᠳᠤ ᠬᠦᠨ ᠬᠠᠳᠠᠩᠰᠢᠭᠤᠯᠬᠤ ᠬᠡᠳᠡᠭ ᠢ ᠢᠳᠡᠬᠡᠵᠥ ᠪᠠᠶᠢᠨ᠎ᠠ ᠬᠡᠵᠥ ᠵᠢᠭᠠᠵᠥ ᠭᠠᠷᠭᠠᠪᠠ᠃

    ᠫᠦᠲ᠋ᠢᠨ ᠪᠠᠶᠠᠷ ᠤᠨ ᠴᠠᠬᠢᠯᠭᠠᠨ ᠴᠢᠮᠡᠭᠡ ᠳᠡᠭᠡᠨ ᠲᠡᠷᠢᠬᠦᠯᠡᠭᠴᠢ ᠰᠢ ᠶᠢᠨ ᠫᠢᠩ ᠳᠤ ᠰᠢᠨ᠎ᠡ ᠵᠢᠯ ᠤᠨ ᠪᠠᠶᠠᠷ ᠬᠦᠷᠬᠡᠵᠥ᠂ ᠪᠦᠬᠦ ᠲᠤᠮᠳᠠᠳᠤ ᠤᠯᠤᠰ ᠤᠨ ᠠᠷᠠᠳ ᠲᠦᠮᠡᠨ ᠤ ᠡᠷᠡᠬᠦᠯ ᠡᠩᠬᠡ ᠠᠵᠠ ᠵᠢᠷᠭᠠᠯ ᠲᠠᠢ ᠪᠠᠶᠢᠬᠤ ᠶᠢ ᠵᠦᠩᠨᠡᠪᠡ᠃ ᠫᠦᠲ᠋ᠢᠨ᠂ ᠤᠳᠠᠯ ᠦᠭᠡᠢ ᠦᠩᠬᠡᠷᠡᠨ ᠤᠳᠬᠤ ᠪᠠᠷ ᠪᠠᠶᠢᠭ᠎ᠠ ᠨᠢᠬᠡ ᠵᠢᠯ ᠳᠤ ᠤᠷᠤᠰ ᠲᠤᠮᠳᠠᠳᠤ ᠶᠢᠨ ᠬᠠᠷᠢᠯᠴᠠᠭ᠎ᠠ ᠶᠢᠨ ᠬᠦᠭᠵᠢᠯᠳᠡ ᠰᠢᠨ᠎ᠡ ᠦᠷ᠎ᠡ ᠪᠦᠳᠦᠭᠡᠯ ᠤᠯᠪᠠ᠃ ᠬᠤᠶᠠᠷ ᠲᠠᠯ᠎ᠠ ᠶᠢᠨ ᠠᠷᠠᠯᠵᠢᠶᠠᠨ ᠤ ᠬᠡᠮᠵᠢᠶ᠎ᠡ ᠢᠯᠡᠳᠳᠡ ᠲᠡᠭᠡᠭᠰᠢᠯᠡᠵᠥ᠂ ᠰᠢᠨᠵᠢᠯᠡᠬᠦ ᠤᠬᠠᠭᠠᠨ ᠮᠡᠷᠬᠡᠵᠢᠯ᠂ ᠰᠤᠶᠤᠯ᠂ ᠰᠤᠶᠤᠯ ᠢᠷᠬᠡᠨᠰᠢᠯ ᠤᠨ ᠬᠦᠷᠢᠶᠡᠨ ᠤ ᠰᠤᠯᠢᠯᠴᠠᠭ᠎ᠠ ᠦᠷᠨᠢᠬᠦᠨ ᠬᠦᠭᠵᠢᠪᠠ᠂ ᠪᠢ ᠡᠬᠦᠨ ᠳᠤ ᠰᠡᠳᠬᠢᠯ ᠬᠠᠨᠤᠮᠵᠢᠳᠠᠢ ᠪᠠᠶᠢᠨ᠎ᠠ᠃ ᠤᠷᠤᠰ ᠲᠤᠮᠳᠠᠳᠤ ᠲᠡᠯᠡᠬᠡᠢ ᠶᠢᠨ ᠬᠡᠷᠡᠭ ᠶᠠᠪᠤᠳᠠᠯ ᠳᠤ ᠪᠦᠳᠦᠮᠵᠢᠳᠡᠢ ᠬᠠᠮᠵᠢᠯᠴᠠᠭ᠎ᠠ ᠬᠢᠵᠤ᠂ ᠲᠡᠯᠡᠬᠡᠢ ᠶᠢᠨ ᠬᠠᠯᠠᠮᠰᠢᠯ ᠠᠰᠠᠭᠤᠳᠠᠯ ᠢ ᠰᠢᠢᠳᠪᠤᠷᠢᠯᠡᠬᠦ ᠳᠤ ᠴᠢᠬᠤᠯᠠ ᠬᠤᠪᠢ ᠨᠡᠮᠡᠷᠢ ᠦᠵᠡᠬᠦᠯᠪᠡ᠃ ᠬᠤᠶᠠᠷ ᠲᠠᠯ᠎ᠠ ᠪᠠᠷ ᠢᠶᠠᠨ ᠤᠷᠤᠨ ᠨᠤᠳᠤᠭ ᠤᠨ ᠶᠠᠪᠤᠯᠴᠠᠭ᠎ᠠ ᠶᠢ ᠢᠳᠡᠪᠬᠢᠳᠡᠢ ᠦᠷᠨᠢᠬᠦᠯᠵᠥ᠂ 2018 ᠤᠨ ᠪᠤᠯᠤᠨ 2019 ᠤᠨ ᠳᠤ ᠤᠷᠤᠰ ᠲᠤᠮᠳᠠᠳᠤ ᠶᠢᠨ ᠤᠷᠤᠨ ᠨᠤᠳᠤᠭ ᠤᠨ ᠬᠠᠮᠳᠤᠷᠠᠯᠴᠠᠭ᠎ᠠ ᠰᠤᠯᠢᠯᠴᠠᠭ᠎ᠠ ᠶᠢᠨ ᠤᠨ ᠢ ᠡᠷᠬᠢᠯᠡᠨ᠎ᠡ᠃ ᠪᠢᠳᠡ ᠲᠤᠮᠳᠠᠳᠤ ᠤᠯᠤᠰ ᠯᠤᠭ᠎ᠠ ᠬᠠᠮᠳᠤᠪᠡᠷ ᠴᠢᠷᠮᠡᠶᠢᠵᠥ᠂ ᠤᠷᠤᠰ ᠲᠤᠮᠳᠠᠳᠤ ᠶᠢᠨ ᠪᠦᠬᠦ ᠲᠠᠯ᠎ᠠ ᠶᠢᠨ ᠪᠠᠶᠢᠯᠳᠤᠬᠤ ᠪᠤᠳᠤᠯᠭ᠎ᠠ ᠶᠢᠨ ᠬᠠᠮᠵᠢᠯᠴᠠᠭᠠᠨ ᠤ ᠬᠠᠨᠢᠳᠡᠨ ᠤ ᠬᠠᠷᠢᠯᠴᠠᠭ᠎ᠠ ᠶᠢ ᠲᠠᠰᠤᠷᠡᠯᠳᠡ ᠦᠭᠡᠢ ᠬᠦᠨᠵᠡᠬᠡᠶᠢᠷᠡᠬᠦᠯᠵᠥ᠂ ᠬᠤᠶᠠᠷ ᠤᠯᠤᠰ ᠤᠨ ᠨᠦᠬᠦᠷᠰᠡᠭ ᠠᠷᠠᠳ ᠲᠦᠮᠡᠨ ᠳᠤ ᠪᠤᠶᠠᠨ ᠦᠢᠯᠡᠳᠦᠨ᠎ᠡ ᠬᠡᠵᠥ ᠢᠯᠡᠳᠬᠡᠪᠡ᠃

ᠢᠷᠡᠯᠳᠡ᠄ ᠦᠪᠦᠷ ᠮᠤᠩᠭ᠋ᠤᠯ ᠤᠨ ᠡᠳᠦᠷ ᠤᠨ ᠰᠤᠨᠢᠨ ᠪᠡᠯᠡᠳᠭᠡᠭ᠍ᠰᠡᠨ ᠨᠢ᠄ ᠪᠣᠯᠣᠷᠴᠡᠴᠡᠭ᠌

ᠰᠣᠶᠤᠯ ᠤᠷᠠᠯᠢᠭ

  • ᠶᠤᠸᠠᠨ ᠤ ᠲᠡᠭᠡᠲᠤ ᠨᠡᠶᠢᠰᠯᠡᠯ ᠳᠤ ᠪᠤᠯᠤᠭᠰᠠᠨ ᠴᠠᠭᠠᠨ ᠢᠳᠡᠭᠡᠨ ᠤ ᠰᠤᠶᠤᠯ ᠤᠨ ᠨᠠᠶᠢᠷ
  • 26 ᠳ᠋ᠤᠭᠠᠷ ᠬᠤᠭᠤᠴᠠᠭᠠᠨ ᠤ ᠠᠯᠳᠠᠨ ᠳᠠᠬᠢᠶ᠎ᠠ ᠴᠡᠴᠡᠬᠡᠰ ᠺᠢᠨᠣ᠋ ᠶᠢᠨ ᠨᠠᠶᠢᠷ ᠬᠦᠬᠡᠬᠤᠳᠠ ᠳᠤ ᠨᠡᠬᠡᠬᠡᠯᠳᠡ ᠪᠡᠨ ᠬᠢᠪᠡ
  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
关闭
010070230030000000000000011120701122194063