ᠪᠦᠬᠦ ᠤᠯᠤᠰ ᠤᠨ ᠤᠬᠠᠭᠤᠯᠬᠤ ᠬᠡᠯᠳᠡᠰ ᠤᠨ ᠲᠠᠷᠤᠭ᠎ᠠ ᠨᠠᠷ ᠤᠨ ᠬᠤᠷᠡᠯ ᠪᠡᠭᠡᠵᠢᠩ ᠳ᠋ᠤ ᠬᠤᠷᠠᠯᠳᠤᠵᠤ ᠸᠠᠩ ᠬᠤ ᠨᠢᠩ ᠬᠤᠷᠠᠯ ᠳᠤ ᠤᠷᠤᠯᠴᠠᠨ ᠦᠬᠡ ᠬᠡᠯᠡᠪᠡ 2018-01-04 17:51

    ᠰᠢᠨᠬᠤᠧᠠ ᠬᠤᠷᠢᠶ᠎ᠠ   ᠪᠡᠬᠡᠵᠢᠩ ᠤᠨ 1 ᠰᠠᠷ᠎ᠠ ᠶᠢᠨ 3 ᠤ ᠡᠳᠦᠷ ᠤᠨ ᠴᠠᠬᠢᠯᠭᠠᠨ ᠮᠡᠳᠡᠬᠡ   ᠪᠦᠬᠦ ᠤᠯᠤᠰ ᠤᠨ ᠤᠬᠠᠭᠤᠯᠬᠤ ᠬᠡᠯᠳᠡᠰ ᠤᠨ ᠲᠠᠷᠤᠭ᠎ᠠ ᠨᠠᠷ ᠤᠨ ᠬᠤᠷᠡᠯ 3 ᠤ ᠡᠳᠤᠷ ᠪᠡᠭᠡᠵᠢᠩ ᠳ᠋ᠤ ᠬᠤᠷᠠᠯᠳᠤᠪᠠ᠃ ᠨᠠᠮ ᠤᠨ ᠲᠦᠪ ᠬᠤᠷᠢᠶᠠᠨ ᠤ ᠤᠯᠤᠰ ᠲᠦᠷᠦ ᠢᠢᠨ ᠲᠤᠪᠴᠢᠶᠠᠨ ᠤ ᠪᠠᠢᠢᠩᠭᠤ ᠢᠢᠨ ᠬᠡᠰᠢᠬᠦᠨ᠂ ᠲᠦᠪ ᠤᠨ ᠱᠦᠵᠢ ᠨᠠᠷ ᠤᠨ ᠭᠠᠵᠠᠷ ᠤᠨ ᠱᠦᠵᠢ ᠸᠠᠩ ᠬᠤ ᠨᠢᠩ ᠬᠤᠷᠡᠯ ᠳ᠋ᠤ ᠤᠷᠤᠯᠴᠠᠵᠥ ᠦᠬᠡ ᠬᠡᠯᠡᠪᠡ᠃ ᠲᠡᠷᠡ᠂ ᠰᠢ ᠵᠢᠨ ᠫᠢ᠍ᠩ ᠤᠨ ᠰᠢᠨ᠎ᠠ ᠴᠠᠭ ᠦᠶ᠎ᠠ ᠢᠢᠨ ᠲᠤᠮᠳᠠᠳᠤ ᠤᠯᠤᠰ ᠤᠨ ᠤᠨᠴᠠᠯᠢᠬ ᠲᠠᠢ ᠨᠡᠢᠢᠬᠡᠮ ᠵᠢᠷᠤᠮ ᠤᠨ ᠦᠵᠡᠯ ᠰᠠᠨᠠᠭ᠎ᠠ ᠪᠡᠷ ᠵᠢᠯᠤᠭᠤᠳᠤᠯᠭ᠎ᠠ ᠪᠤᠯᠭᠠᠬᠤ ᠢᠢ ᠪᠠᠷᠢᠮᠳᠠᠯᠠᠵᠥ᠂ ᠤᠯᠤᠰ ᠲᠦᠷᠦ ᠢᠢᠨ ᠤᠬᠠᠮᠰᠠᠷ᠂ ᠶᠡᠬᠡ ᠲᠡᠯ᠎ᠠ ᠢᠢᠨ ᠤᠬᠠᠮᠰᠠᠷ᠂ ᠭᠤᠤᠯᠯᠠᠬᠤ ᠤᠬᠠᠮᠰᠠᠷ᠂ ᠨᠢᠬᠡᠳᠤᠯᠳᠡᠢ ᠪᠠᠢᠢᠬᠤ ᠤᠬᠠᠮᠰᠠᠷ ᠢᠶᠡᠨ ᠲᠡᠭᠡᠭᠰᠢᠯᠡᠬᠦᠯᠵᠥ᠂ ᠨᠠᠮ ᠤᠨ ᠠᠷᠪᠠ ᠶᠢᠰᠦᠳᠦᠭᠡᠷ ᠶᠡᠬᠡ ᠬᠤᠷᠡᠯ ᠤᠨ ᠵᠤᠷᠢᠭ ᠰᠠᠨᠠᠭ᠎ᠠ ᠢᠢ ᠰᠤᠷᠤᠯᠴᠠᠵᠥ ᠤᠬᠠᠭᠤᠯᠤᠨ ᠲᠤᠤᠱᠯᠠᠭᠤᠯᠬᠤ ᠡᠨᠡᠬᠦ ᠭᠤᠤᠯ ᠱᠤᠭᠤᠮ ᠤᠨ ᠲᠤᠭᠤᠷᠢᠨ ᠳ᠋ᠤ᠂ ᠰᠤᠷᠳᠠᠯ ᠤᠬᠠᠭᠤᠯᠭ᠎ᠠ ᠦᠵᠡᠯ ᠰᠠᠨᠠᠭ᠎ᠠ ᠰᠤᠶᠤᠯ ᠤᠨ ᠠᠵᠢᠯ ᠢ ᠯᠠᠪᠳᠠᠭᠤᠨ ᠪᠠᠳᠤᠳᠠᠢ ᠰᠠᠢᠢᠳᠤᠷ ᠬᠢᠵᠥ᠂ ᠰᠢᠨ᠎ᠠ ᠲᠡᠤᠬᠡᠨ ᠭᠠᠷᠤᠭ᠎ᠠ ᠲᠡᠭᠡᠷ᠎ᠠ ᠠᠭᠤᠤ ᠶᠡᠬᠡ ᠲᠡᠮᠡᠴᠡᠯ ᠢ ᠠᠬᠢᠭᠤᠯᠬᠤ᠂ ᠠᠭᠤᠤ ᠶᠡᠬᠡ ᠢᠨᠵᠧᠨᠧᠷᠢᠩ ᠢ ᠪᠦᠳᠦᠭᠡᠨ ᠪᠠᠢᠢᠭᠤᠯᠬᠤ᠂ ᠠᠭᠤᠤ ᠶᠡᠬᠡ ᠦᠢᠯᠡᠰ ᠢ ᠠᠬᠢᠭᠤᠯᠬᠤ᠂ ᠠᠭᠤᠤ ᠶᠡᠬᠡ ᠬᠦᠰᠡᠯ ᠵᠡᠬᠦᠳᠤ ᠢᠢ ᠲᠡᠷᠭᠡᠯᠰᠢᠬᠦᠯᠬᠦ ᠳ᠋ᠤ ᠪᠠᠳᠤ ᠴᠢᠩᠭ᠎ᠠ ᠦᠵᠡᠯ ᠰᠠᠨᠠᠭᠠᠨ ᠤ ᠪᠠᠳᠤᠯᠠᠭ᠎ᠠ ᠪᠤᠯᠤᠨ ᠬᠦᠴᠦᠷᠬᠡᠭ ᠶᠡᠬᠡ ᠵᠤᠷᠢᠭ ᠰᠠᠨᠠᠭᠠᠨ ᠤ ᠬᠦᠴᠦᠨ ᠬᠠᠩᠭᠠᠬᠤ ᠬᠡᠷᠡᠭᠳᠡᠢ ᠬᠡᠵᠥ ᠢᠯᠡᠳᠬᠡᠪᠡ᠃

    ᠸᠠᠩ ᠬᠤ ᠨᠢᠩ᠂ ᠡᠨᠡ ᠵᠢᠯ ᠤᠨ ᠰᠤᠷᠳᠠᠯ ᠤᠬᠠᠭᠤᠯᠭ᠎ᠠ ᠦᠵᠡᠯ ᠰᠠᠨᠠᠭ᠎ᠠ ᠰᠤᠶᠤᠯ ᠤᠨ ᠠᠵᠢᠯ ᠢ ᠰᠠᠢᠢᠲᠤᠷ ᠬᠢᠬᠦ ᠵᠢᠨ ᠭᠤᠤᠯᠳᠠᠯᠭ᠎ᠠ ᠪᠤᠯ ᠰᠢ ᠵᠢᠨ ᠫᠢ᠍ᠩ ᠤᠨ ᠰᠢᠨ᠎ᠠ ᠴᠠᠭ ᠦᠶ᠎ᠠ ᠵᠢᠨ ᠳᠤᠮᠳᠠᠳᠤ ᠤᠯᠤᠰ ᠤᠨ ᠤᠨᠴᠠᠯᠢᠭ ᠲᠠᠢ ᠨᠡᠢᠢᠭᠡᠮ ᠵᠢᠷᠤᠮ ᠤᠨ ᠦᠵᠡᠯ ᠰᠠᠨᠠᠭ᠎ᠠ ᠪᠡᠷ ᠲᠡᠷᠢᠬᠢ ᠲᠤᠯᠤᠭᠠᠢ ᠪᠠᠨ ᠵᠡᠪᠰᠡᠭᠯᠡᠬᠦ ᠪᠠᠢᠢᠯᠳᠤᠬᠤ ᠪᠤᠳᠤᠯᠭ᠎ᠠ ᠵᠢᠨ ᠡᠭᠦᠷᠭᠡ ᠵᠢ ᠨᠠᠢᠢᠳᠠᠪᠤᠷᠢᠵᠢᠭᠤᠯᠬᠤ ᠶᠠᠪᠤᠳᠠᠯ ᠪᠤᠯᠤᠨ᠎ᠠ᠃ ᠰᠤᠷᠤᠯᠴᠠᠵᠤ ᠤᠢᠢᠯᠠᠭᠠᠬᠤ᠂ ᠨᠡᠪᠲᠡᠷᠡᠳᠡᠯ᠎ᠠ ᠡᠵᠡᠮᠰᠢᠬᠦ᠂ ᠪᠤᠳᠠᠳᠠᠢ ᠳᠦ ᠨᠠᠢᠢᠳᠠᠪᠤᠷᠢᠵᠢᠭᠤᠯᠬᠤ ᠱᠠᠭᠠᠷᠳᠠᠯᠭ᠎ᠠ ᠶᠤᠰᠤᠭᠠᠷ᠂ ᠰᠤᠷᠤᠯᠴᠠᠯᠭ᠎ᠠ ᠬᠦᠮᠦᠵᠢᠯ ᠪᠤᠯᠤᠨ ᠤᠬᠠᠭᠤᠯᠭ᠎ᠠ ᠲᠠᠢᠢᠯᠪᠤᠷᠢᠯᠠᠯᠳᠠ ᠵᠢ ᠭᠦᠨᠵᠡᠭᠡᠢᠢᠷᠡᠭᠦᠯᠵᠤ᠂ ᠰᠢ ᠵᠢᠨ ᠫᠢ᠍ᠩ ᠤᠨ ᠰᠢᠨ᠎ᠠ ᠴᠠᠭ ᠦᠶ᠎ᠠ ᠵᠢᠨ ᠳᠤᠮᠳᠠᠳᠤ ᠤᠯᠤᠰ ᠤᠨ ᠤᠨᠴᠠᠯᠢᠭ ᠲᠠᠢ ᠨᠡᠢᠢᠭᠡᠮ ᠵᠢᠷᠤᠮ ᠤᠨ ᠦᠵᠡᠯ ᠰᠠᠨᠠᠭ᠎ᠠ ᠵᠢ ᠬᠦᠮᠦᠰ ᠤᠨ ᠰᠡᠳᠭᠢᠯ ᠳᠦ ᠬᠠᠳᠠᠩᠰᠢᠭᠤᠯᠵᠤ᠂ ᠺᠠᠳ᠋ᠷ ᠤᠯᠠᠨ ᠲᠦᠮᠡᠨ ᠢ ᠬᠦᠳᠦᠯᠦᠨ ᠵᠢᠯᠤᠭᠤᠳᠴᠤ ᠶᠡᠷᠦᠩᠬᠡᠢ ᠱᠦᠵᠢ ᠰᠢ ᠵᠢᠨ ᠫᠢ᠍ᠩ ᠤᠨ ᠭᠤᠤᠯᠯᠠᠭᠴᠢ ᠵᠢᠨ ᠪᠠᠢᠢᠷᠢ ᠰᠠᠭᠤᠷᠢ ᠵᠢ ᠬᠠᠮᠠᠭᠠᠯᠠᠬᠤ᠂ ᠨᠠᠮ ᠤᠨ ᠲᠦᠪ ᠬᠤᠷᠢᠶᠠᠨ ᠤ ᠡᠷᠬᠡ ᠰᠦᠷ ᠪᠤᠯᠤᠨ ᠲᠦᠪᠯᠡᠷᠡᠡᠭᠬᠦᠢ ᠨᠢᠭᠡᠳᠦᠯᠳᠠᠢ ᠤᠳᠤᠷᠢᠳᠤᠯᠭ᠎ᠠ ᠵᠢ ᠬᠠᠮᠠᠭᠠᠯᠠᠬᠤ ᠤᠬᠠᠮᠰᠠᠷᠳᠤ ᠴᠢᠨᠠᠷ ᠪᠤᠯᠤᠨ ᠡᠷᠡᠰ ᠪᠠᠳᠤ ᠴᠢᠨᠠᠷ ᠢ ᠲᠡᠭᠡᠭᠰᠢᠯᠡᠬᠦᠯᠬᠦ ᠬᠡᠷᠡᠭᠲᠠᠢ᠃ ᠵᠦᠪ ᠤᠯᠤᠰ ᠲᠦᠷᠦ ᠵᠢᠨ ᠴᠢᠭᠯᠡᠯ᠂ ᠶᠠᠷᠢᠶ᠎ᠠ ᠬᠡᠯᠡᠯᠴᠡᠭᠡᠨ ᠤ ᠤᠳᠤᠷᠢᠳᠤᠮᠵᠢ᠂ ᠦᠷᠳᠡᠭ ᠤᠨ ᠬᠠᠨᠳᠤᠰᠢ ᠵᠢ ᠪᠠᠲᠦ ᠡᠵᠡᠮᠳᠡᠵᠤ᠂ ᠦᠭᠡᠷᠡᠴᠢᠯᠡᠬᠦ ᠪᠠ ᠰᠢᠨ᠎ᠠ ᠪᠡᠷ ᠪᠠᠢᠢᠭᠤᠯᠬᠤ ᠵᠢ ᠵᠡᠷᠭᠡᠪᠡᠷ ᠬᠡᠷᠡᠭᠵᠢᠭᠦᠯᠵᠤ᠂ ᠠᠵᠢᠯ ᠤᠨ ᠭᠤᠤᠯᠳᠠᠯᠭ᠎ᠠ ᠵᠢ ᠳᠤᠪᠤᠢᠢᠯᠭᠠᠵᠤ᠂ ᠬᠦᠴᠦᠷᠬᠡᠭ ᠶᠡᠬᠡ ᠨᠢᠭᠳᠠᠷᠠᠯ ᠤᠨ ᠬᠦᠴᠦᠨ ᠪᠤᠯᠤᠨ ᠵᠢᠯᠤᠭᠤᠲᠤᠨ ᠲᠠᠭᠠᠭᠤᠯᠬᠤ ᠬᠦᠴᠦᠨ ᠲᠠᠢ ᠨᠡᠢᠢᠭᠡᠮ ᠵᠢᠷᠤᠮ ᠤᠨ ᠦᠵᠡᠯ ᠤᠬᠠᠮᠰᠠᠷ ᠤᠨ ᠬᠡᠯᠪᠡᠷᠢ ᠵᠢ ᠪᠠᠢᠢᠭᠤᠯᠬᠤ ᠬᠡᠷᠡᠭᠲᠠᠢ᠃ ᠰᠤᠷᠳᠠᠯ ᠤᠬᠠᠭᠤᠯᠭ᠎ᠠ ᠦᠵᠡᠯ ᠰᠠᠨᠠᠭ᠎ᠠ ᠰᠤᠶᠤᠯ ᠤᠨ ᠠᠵᠢᠯ ᠳᠡᠬᠢ ᠨᠠᠮ ᠤᠨ ᠤᠳᠤᠷᠢᠳᠤᠯᠭ᠎ᠠ ᠵᠢ ᠴᠢᠩᠭᠠᠳᠬᠠᠵᠤ᠂ ᠨᠠᠮ ᠤᠨ ᠤᠯᠤᠰ ᠲᠦᠷᠦ ᠵᠢᠨ ᠪᠠᠢᠢᠭᠤᠯᠤᠯᠳᠠ ᠪᠡᠷ ᠵᠢᠯᠤᠭᠤᠲᠤᠨ ᠵᠠᠬᠢᠷᠤᠭᠤᠯᠬᠤ ᠢᠢ ᠪᠠᠷᠢᠮᠳᠠᠯᠠᠵᠤ᠂ ᠦᠵᠡᠯ ᠤᠬᠠᠮᠰᠠᠷ ᠤᠨ ᠬᠡᠯᠪᠡᠷᠢ ᠵᠢᠨ ᠠᠵᠢᠯ ᠤᠨ ᠬᠠᠷᠢᠭᠤᠴᠠᠯᠭ᠎ᠠ ᠵᠢᠨ ᠳᠦᠷᠢᠮ ᠢ ᠰᠠᠢᠢᠲᠤᠷ ᠨᠠᠢᠢᠳᠠᠪᠤᠷᠢᠵᠢᠭᠤᠯᠵᠤ᠂ ᠺᠠᠳ᠋ᠷ ᠪᠤᠯᠤᠨ ᠴᠢᠳᠠᠪᠤᠷᠢᠲᠠᠨ ᠤ ᠡᠩᠨᠡᠭᠡ ᠵᠢᠨ ᠪᠠᠢᠢᠭᠤᠯᠤᠯᠳᠠ ᠵᠢ ᠴᠢᠩᠭᠠᠳᠬᠠᠬᠤ ᠬᠡᠷᠡᠭᠲᠠᠢ ᠭᠡᠵᠤ ᠵᠢᠭᠠᠵᠤ ᠭᠠᠷᠭᠠᠵᠠᠢ᠃

ᠢᠷᠡᠯᠳᠡ᠄ ᠰᠢᠨᠬᠤᠧᠠ ᠬᠤᠷᠢᠶ᠎ᠠ ᠪᠡᠯᠡᠳᠭᠡᠭ᠍ᠰᠡᠨ ᠨᠢ᠄ ᠪᠣᠯᠣᠷᠴᠡᠴᠡᠭ᠌

ᠰᠣᠶᠤᠯ ᠤᠷᠠᠯᠢᠭ

  • ᠨᠠᠷᠢᠯᠢᠬ ᠭᠤᠶᠤᠮᠰᠤᠭ ᠮᠦᠰᠦᠨ ᠱᠤᠭᠤᠮᠠᠯ 
  • ᠶᠤᠸᠠᠨ ᠤ ᠲᠡᠭᠡᠲᠤ ᠨᠡᠶᠢᠰᠯᠡᠯ ᠳᠤ ᠪᠤᠯᠤᠭᠰᠠᠨ ᠴᠠᠭᠠᠨ ᠢᠳᠡᠭᠡᠨ ᠤ ᠰᠤᠶᠤᠯ ᠤᠨ ᠨᠠᠶᠢᠷ
  • 26 ᠳ᠋ᠤᠭᠠᠷ ᠬᠤᠭᠤᠴᠠᠭᠠᠨ ᠤ ᠠᠯᠳᠠᠨ ᠳᠠᠬᠢᠶ᠎ᠠ ᠴᠡᠴᠡᠬᠡᠰ ᠺᠢᠨᠣ᠋ ᠶᠢᠨ ᠨᠠᠶᠢᠷ ᠬᠦᠬᠡᠬᠤᠳᠠ ᠳᠤ ᠨᠡᠬᠡᠬᠡᠯᠳᠡ ᠪᠡᠨ ᠬᠢᠪᠡ
  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
010070230030000000000000011120701122211334