ᠯᠢ ᠺᠧ ᠴᠢᠶᠠᠩ ᠲᠦᠷᠦ ᠶᠢᠨ ᠶᠠᠪᠤᠳᠠᠯ ᠤᠨ ᠬᠤᠷᠢᠶᠠᠨ ᠤ ᠪᠠᠶᠢᠩᠭᠤ ᠶᠢᠨ ᠬᠤᠷᠡᠯ ᠢ ᠡᠷᠬᠢᠯᠡᠨ ᠬᠤᠷᠠᠯᠳᠤᠭᠤᠯᠪᠠ 2018-01-04 17:51

    ᠰᠢᠨᠬᠤᠧᠠ ᠬᠤᠷᠢᠶ᠎ᠠ   ᠪᠡᠬᠡᠵᠢᠩ ᠤᠨ 1 ᠰᠠᠷ᠎ᠠ ᠶᠢᠨ 3 ᠤ ᠡᠳᠦᠷ ᠤᠨ ᠴᠠᠬᠢᠯᠭᠠᠨ ᠮᠡᠳᠡᠬᠡ   ᠲᠦᠷᠦ ᠶᠢᠨ ᠶᠠᠪᠤᠳᠠᠯ ᠤᠨ ᠬᠤᠷᠢᠶᠠᠨ ᠤ ᠶᠡᠷᠤᠩᠬᠡᠢ ᠰᠠᠶᠢᠳ ᠯᠢ ᠺᠧ ᠴᠢᠶᠠᠩ 1 ᠰᠠᠷ᠎ᠠ ᠶᠢᠨ 3 ᠤ ᠡᠳᠤᠷ ᠲᠦᠷᠦ ᠶᠢᠨ ᠶᠠᠪᠤᠳᠠᠯ ᠤᠨ ᠬᠤᠷᠢᠶᠠᠨ ᠤ ᠪᠠᠶᠢᠩᠭᠤ ᠶᠢᠨ ᠬᠤᠷᠡᠯ ᠢ ᠡᠷᠬᠢᠯᠡᠨ ᠬᠤᠷᠠᠯᠳᠤᠭᠤᠯᠵᠥ᠂ ᠬᠤᠳᠠᠯᠳᠤᠭ᠎ᠠ ᠡᠵᠡᠩᠨᠡᠬᠦ ᠤᠷᠴᠢᠨ ᠲᠤᠭᠤᠷᠢᠨ ᠢ ᠤᠯᠠᠮ ᠴᠢᠨᠠᠭᠰᠢᠳᠠ ᠰᠢᠯᠢᠳᠡᠭᠵᠢᠬᠦᠯᠵᠥ᠂ ᠵᠠᠬ᠎ᠠ ᠲᠡᠯᠬᠡᠬᠦᠷ ᠤᠨ ᠠᠮᠢᠵᠢᠷᠡᠯ ᠤᠨ ᠬᠦᠴᠦᠨ ᠪᠤᠯᠤᠨ ᠨᠡᠶᠢᠭᠡᠮ ᠤᠨ ᠡᠬᠦᠳᠦᠨ ᠪᠦᠳᠦᠭᠡᠬᠦ ᠴᠢᠳᠠᠪᠤᠷᠢ ᠶᠢ ᠦᠷᠬᠦᠯᠵᠢᠯᠡᠨ ᠬᠦᠭᠵᠢᠬᠡᠬᠦ ᠲᠤᠬᠠᠢ ᠪᠠᠶᠢᠷᠢᠯᠠᠭᠤᠯᠪᠠ; ᠰᠠᠭᠤᠷᠢ ᠰᠢᠨᠵᠢᠯᠡᠬᠦ ᠤᠬᠠᠭᠠᠨ ᠤ ᠰᠤᠳᠤᠯᠭᠠᠨ ᠢ ᠲᠡᠮᠵᠢᠬᠦ ᠠᠷᠭ᠎ᠠ ᠬᠡᠮᠵᠢᠶ᠎ᠡ ᠶᠢ ᠴᠢᠩᠭᠠᠷᠠᠭᠤᠯᠵᠥ᠂ ᠠᠩᠬᠠᠨ ᠤ ᠰᠢᠨ᠎ᠡ ᠶᠢ ᠡᠬᠦᠳᠬᠦ ᠴᠢᠳᠠᠪᠤᠷᠢ ᠶᠢ ᠲᠡᠭᠡᠭᠰᠢᠯᠡᠬᠦᠯᠬᠦ ᠪᠠᠷ ᠲᠤᠭᠳᠠᠵᠠᠢ᠃

    ᠬᠤᠷᠡᠯ ᠠᠴᠠ᠂ ᠬᠤᠳᠠᠯᠳᠤᠭ᠎ᠠ ᠡᠵᠡᠩᠨᠡᠬᠦ ᠤᠷᠴᠢᠨ ᠲᠤᠭᠤᠷᠢᠨ ᠢ ᠰᠢᠯᠢᠳᠡᠭᠵᠢᠬᠦᠯᠬᠦ ᠪᠤᠯ ᠦᠢᠯᠡᠳᠪᠤᠷᠢᠯᠡᠯ ᠤᠨ ᠬᠦᠴᠦᠨ ᠢ ᠴᠢᠯᠥᠬᠡᠯᠡᠵᠥ᠂ ᠶᠡᠷᠤᠩᠬᠡᠶᠢᠯᠡᠭᠰᠡᠡ ᠦᠷᠢᠰᠦᠯᠳᠦᠬᠦ ᠬᠦᠴᠦᠨ ᠢ ᠲᠡᠭᠡᠭᠰᠢᠯᠡᠬᠦᠯᠬᠦ ᠶᠠᠪᠤᠳᠠᠯ ᠪᠤᠯᠤᠨ᠎ᠠ᠃ ᠨᠠᠮ ᠤᠨ ᠠᠷᠪᠠ ᠶᠢᠰᠦᠳᠦᠭᠡᠷ ᠶᠡᠭᠡ ᠬᠤᠷᠡᠯ ᠪᠤᠯᠤᠨ ᠲᠦᠪ ᠤᠨ ᠡᠳ᠋ ᠤᠨ ᠵᠠᠰᠠᠭ ᠤᠨ ᠠᠵᠢᠯ ᠤᠨ ᠬᠤᠷᠡᠯ ᠤᠨ ᠵᠤᠷᠢᠭ ᠰᠠᠨᠠᠭ᠎ᠠ ᠶᠤᠰᠤᠭᠠᠷ᠂ ᠪᠠᠶᠢᠭᠤᠯᠤᠮᠵᠢ ᠲᠤᠭᠳᠠᠴᠠ ᠶᠢ ᠦᠭᠡᠷᠡᠴᠢᠯᠡᠨ ᠰᠢᠨᠡᠴᠢᠯᠡᠵᠥ᠂ ᠬᠤᠳᠠᠯᠳᠤᠭ᠎ᠠ ᠡᠵᠡᠩᠨᠡᠬᠦ ᠤᠷᠴᠢᠨ ᠲᠤᠭᠤᠷᠢᠨ ᠢ ᠤᠯᠠᠮ ᠴᠢᠨᠠᠭᠰᠢᠳᠠ ᠰᠢᠯᠢᠳᠡᠭᠵᠢᠬᠦᠯᠬᠦ ᠬᠡᠷᠡᠭᠳᠡᠢ᠃ ᠨᠢᠬᠡ ᠳᠤ᠂ ᠵᠠᠰᠠᠬ ᠢ ᠴᠤᠮᠬᠠᠳᠬᠠᠵᠤ ᠡᠷᠬᠡ ᠶᠢ ᠲᠠᠯᠪᠢᠬᠤ ᠭᠠᠶᠢᠯᠢ ᠶᠢ ᠬᠠᠰᠤᠬᠤ ᠰᠦᠢᠳᠬᠡᠯ ᠢ ᠪᠠᠭᠠᠰᠬᠠᠬᠤ ᠪᠠᠷ ᠭᠤᠤᠯᠳᠠᠯᠭ᠎ᠠ ᠪᠤᠯᠭᠠᠵᠤ᠂ ᠡᠵᠡᠩᠨᠡᠯᠳᠠ ᠠᠷᠠᠯᠵᠢᠶᠠᠨ ᠤ ᠤᠷᠴᠢᠨ ᠪᠠᠶᠢᠳᠠᠯ ᠢ ᠴᠢᠨᠠᠬᠰᠢᠳᠠ ᠰᠢᠯᠢᠳᠡᠭᠵᠢᠬᠦᠯᠬᠦ ᠭᠡᠷᠡᠭᠳᠠᠢ᠃ ᠠᠵᠤ ᠠᠬᠤᠢᠢᠯᠠᠯ ᠡᠷᠬᠢᠯᠡᠬᠦ᠂ ᠭᠠᠶᠢᠯᠢ ᠲᠤᠰᠢᠶᠠᠬᠤ᠂ ᠪᠠᠷᠢᠯᠭ᠎ᠠ ᠪᠠᠷᠢᠬᠤ ᠶᠢ ᠵᠦᠪᠰᠢᠶᠡᠷᠡᠬᠦ᠂ ᠤᠰᠤ ᠴᠠᠬᠢᠯᠭᠠᠨ ᠬᠡᠢ ᠤᠬᠰᠠᠷᠠᠬᠤ ᠪᠠᠷ ᠮᠡᠳᠡᠬᠦᠯᠬᠦ᠂ ᠲᠤᠭᠳᠠᠮᠠᠯ ᠬᠦᠷᠤᠩᠬᠡ ᠶᠢ ᠲᠠᠩᠰᠠᠯᠠᠬᠤ ᠵᠡᠷᠬᠡ ᠶᠠᠪᠤᠳᠠᠯ ᠢ ᠬᠢᠨᠠᠨ ᠵᠦᠪᠰᠢᠶᠡᠷᠡᠬᠦ ᠶᠢ ᠶᠡᠭᠡ ᠬᠡᠪᠴᠢᠶ᠎ᠠ ᠪᠠᠷ ᠴᠤᠮᠬᠠᠳᠬᠠᠵᠤ᠂ ᠬᠦᠢᠴᠡᠳᠬᠡᠬᠦ ᠴᠠᠬ ᠬᠤᠭᠤᠴᠠᠭ᠎ᠠ ᠶᠢ ᠤᠬᠤᠷ ᠪᠤᠯᠭᠠᠬᠤ ᠭᠡᠷᠡᠭᠳᠠᠢ᠃ ᠬᠤᠶᠠᠷ ᠲᠤ᠂ ᠡᠯ᠎ᠠ ᠵᠦᠢᠯ ᠤᠨ ᠦᠮᠴᠢᠯᠠᠯ ᠤᠨ ᠡᠷᠬᠡ ᠶᠢ ᠬᠠᠤᠯᠢ ᠶᠤᠰᠤᠭᠠᠷ ᠡᠷᠬᠡ ᠲᠡᠭᠰᠢ ᠪᠠᠷ ᠴᠢᠩᠭ᠎ᠠ ᠬᠠᠮᠠᠭᠠᠯᠠᠵᠤ᠂ ᠮᠡᠳᠡᠯᠬᠡ ᠶᠢᠨ ᠦᠮᠴᠢᠯᠠᠬᠦ ᠡᠷᠬᠡ ᠶᠢ ᠬᠠᠮᠠᠭᠠᠯᠠᠬᠤ ᠡᠷᠴᠢᠮ ᠢ ᠴᠢᠩᠭᠠᠷᠠᠭᠤᠯᠬᠤ ᠭᠡᠷᠡᠭᠳᠠᠢ᠃ ᠵᠠᠰᠠᠬ ᠤᠨ ᠤᠷᠳᠤᠨ ᠤ ᠬᠢᠨ ᠠᠮᠠᠯᠠᠯᠳᠠ ᠪᠠᠨ ᠴᠢᠩᠭ᠎ᠠ ᠬᠦᠢᠴᠡᠳᠬᠡᠵᠥ᠂ ᠰᠢᠨ᠎ᠠ ᠲᠠᠷᠤᠭ᠎ᠠ ᠬᠠᠭᠤᠴᠢᠨ ᠲᠠᠩᠰᠠ ᠶᠢ ᠬᠠᠮᠢᠶᠠᠷᠬᠤ ᠦᠬᠡᠢ ᠪᠠᠶᠢᠵᠤ ᠠᠵᠤ ᠠᠬᠤᠢᠢᠯᠠᠯ ᠳᠤ ᠡᠷᠬᠡ ᠲᠡᠭᠰᠢ ᠪᠤᠰᠤ ᠪᠠᠷ ᠬᠠᠨᠳᠤᠬᠤ ᠪᠤᠶᠤ ᠤᠷᠤᠨ ᠨᠤᠳᠤᠬ ᠤᠨ ᠬᠠᠮᠠᠭᠠᠯᠠᠬᠤ ᠦᠵᠡᠯ ᠶᠠᠪᠤᠭᠤᠯᠵᠤ ᠪᠤᠯᠬᠤ ᠦᠬᠡᠢ᠃ ᠠᠳᠠᠯᠢ ᠪᠤᠰᠤ ᠦᠮᠴᠢᠯᠠᠯ ᠤᠨ ᠲᠦᠷᠢᠮᠲᠦ ᠠᠵᠤ ᠠᠬᠤᠢᠢᠯᠠᠯ ᠤᠨ ᠬᠢᠷᠢ ᠭᠡᠮ ᠢ ᠵᠦᠪᠰᠢᠶᠡᠷᠡᠬᠦ᠂ ᠵᠠᠰᠠᠬ ᠤᠨ ᠤᠷᠳᠤᠨ ᠤ ᠬᠤᠳᠠᠯᠳᠤᠨ ᠠᠪᠬᠤ᠂ ᠰᠢᠨᠵᠢᠯᠡᠬᠦ ᠤᠬᠠᠭᠠᠨ ᠲᠧᠭᠨᠤᠯᠤᠬᠢ ᠶᠢᠨ ᠲᠦᠷᠤᠯ ᠵᠦᠢᠯ᠂ ᠪᠠᠷᠢᠮᠵᠢᠶ᠎ᠠ ᠲᠤᠬᠳᠠᠭᠠᠬᠤ ᠵᠡᠷᠬᠡ ᠲᠠᠯ᠎ᠠ ᠪᠠᠷ ᠡᠷᠬᠡ ᠲᠡᠭᠰᠢ ᠬᠠᠷᠠᠭᠠᠯᠵᠠᠯ ᠦᠵᠡᠬᠦᠯᠬᠦ ᠶᠢ ᠪᠠᠳᠤᠯᠠᠬᠤ ᠭᠡᠷᠡᠭᠳᠠᠢ᠃ ᠭᠤᠷᠪᠠ ᠳᠤ᠂ ᠲᠡᠯᠡᠬᠡᠢ ᠶᠢᠨ ᠲᠤᠷᠰᠢᠯᠭ᠎ᠠ ᠪᠠᠷ ᠲᠤᠯᠢ ᠪᠤᠯᠭᠠᠵᠤ᠂ ᠡᠵᠡᠩᠨᠠᠯᠳᠠ ᠠᠷᠠᠯᠵᠢᠶ᠎ᠠ ᠶᠢᠨ ᠤᠷᠴᠢᠨ ᠪᠠᠶᠢᠳᠠᠯ ᠤᠨ ᠦᠨᠡᠯᠠᠯᠳᠠ ᠶᠢᠨ ᠲᠤᠭᠳᠠᠴᠠ ᠶᠢ ᠱᠠᠯᠠᠪᠳᠠᠨ ᠪᠠᠶᠢᠭᠤᠯᠵᠤ᠂ ᠪᠦᠬᠦ ᠤᠯᠤᠰ ᠲᠤ ᠢᠳᠡᠭ ᠢᠳᠡᠭ ᠢᠶᠠᠷ ᠲᠡᠯᠬᠡᠷᠡᠬᠦᠯᠬᠦ ᠭᠡᠷᠡᠭᠳᠠᠢ ᠬᠡᠵᠥ ᠵᠢᠭᠠᠵᠥ ᠭᠠᠷᠭᠠᠪᠠ᠃

    ᠬᠤᠷᠠᠯ ᠠᠴᠠ᠂ ᠰᠢᠨᠵᠢᠯᠡᠬᠦ ᠤᠬᠠᠭᠠᠨ ᠲᠧᠭᠨᠤᠯᠤᠬᠢ ᠶᠢᠨ ᠪᠠᠶᠢᠭᠤᠯᠤᠮᠵᠢ ᠶᠢᠨ ᠦᠬᠡᠷᠡᠴᠢᠯᠠᠯᠳᠠ ᠶᠢ ᠬᠦᠨᠵᠡᠬᠡᠶᠢᠷᠡᠬᠦᠯᠬᠦ ᠪᠠᠷ ᠲᠠᠮᠵᠢᠭᠤᠯᠵᠤ᠂ ᠰᠠᠭᠤᠷᠢ ᠰᠢᠨᠵᠢᠯᠡᠬᠦ ᠤᠬᠠᠭᠠᠨ ᠤ ᠰᠤᠳᠤᠯᠭᠠᠨ ᠢ ᠴᠢᠩᠭᠠᠳᠬᠠᠵᠤ᠂ ᠠᠩᠬᠠᠨ ᠤ ᠰᠢᠨ᠎ᠠ ᠶᠢ ᠡᠬᠦᠳᠬᠦ ᠴᠢᠳᠠᠪᠤᠷᠢ ᠶᠢ ᠲᠡᠭᠡᠭᠰᠢᠯᠡᠬᠦᠯᠬᠦ ᠪᠤᠯ ᠰᠢᠨ᠎ᠠ ᠶᠢ ᠡᠬᠦᠳᠬᠦ ᠪᠠᠷ ᠬᠦᠳᠡᠯᠬᠡᠬᠦᠷ ᠪᠤᠯᠭᠠᠬᠤ ᠬᠦᠭᠵᠢᠯᠳᠠ ᠶᠢᠨ ᠪᠠᠶᠢᠯᠳᠤᠬᠤ ᠪᠤᠳᠤᠯᠭ᠎ᠠ ᠶᠢ ᠬᠡᠷᠡᠭᠵᠢᠬᠦᠯᠬᠦ᠂ ᠰᠢᠨ᠎ᠠ ᠶᠢ ᠡᠬᠦᠳᠬᠦ ᠮᠠᠶ᠊ᠢᠬ ᠤᠨ ᠤᠯᠤᠰ ᠢ ᠪᠦᠳᠤᠬᠡᠨ ᠪᠠᠶᠢᠭᠤᠯᠬᠤ ᠴᠢᠬᠤᠯᠠ ᠠᠷᠭ᠎ᠠ ᠬᠡᠮᠵᠢᠶ᠎ᠠ ᠪᠤᠯᠤᠨ᠎ᠠ᠃ ᠨᠢᠭᠡ ᠳᠤ᠂ ᠰᠤᠷᠭᠠᠨ ᠬᠦᠮᠦᠵᠢᠯ ᠠᠴᠠ ᠭᠠᠷᠳᠠᠨ ᠠᠳᠬᠤᠵᠥ᠂ ᠰᠠᠭᠤᠷᠢ ᠰᠢᠨᠵᠢᠯᠡᠬᠦ ᠤᠬᠠᠭᠠᠨ ᠤ ᠰᠤᠳᠤᠯᠭᠠᠨ ᠢ ᠴᠢᠩᠭᠠᠳᠬᠠᠵᠤ᠂ ᠲᠤᠭᠠᠨ ᠤ ᠤᠬᠠᠭᠠᠨ ᠵᠡᠷᠭᠡ ᠭᠤᠤᠯᠳᠠᠯᠭ᠎ᠠ ᠲᠠᠢ ᠰᠠᠭᠤᠷᠢ ᠡᠷᠳᠡᠮ ᠰᠢᠨᠵᠢᠯᠡᠭᠡᠨ ᠢ ᠨᠡᠩ ᠶᠡᠬᠡᠪᠡᠷ ᠳᠡᠮᠵᠢᠬᠦ ᠬᠡᠷᠡᠭᠲᠠᠢ᠃ ᠬᠤᠶᠠᠷ ᠲᠤ᠂ ᠰᠠᠭᠤᠷᠢ ᠰᠢᠨᠵᠢᠯᠡᠬᠦ ᠤᠬᠠᠭᠠᠨ ᠪᠤᠯᠤᠨ ᠬᠡᠷᠡᠭᠯᠡᠭᠡᠨ ᠤ ᠰᠤᠳᠤᠯᠭᠠᠨ ᠤ ᠠᠭᠤᠰᠤᠯᠴᠠᠯ ᠢ ᠠᠬᠢᠭᠤᠯᠵᠤ᠂ ᠪᠦᠲᠦᠭᠡᠯᠴᠢ ᠴᠢᠨᠠᠷᠲᠠᠢ᠂ ᠴᠢᠬᠤᠯᠠ ᠶᠡᠭᠡ ᠡᠭᠦᠳᠦᠯᠳᠡ ᠶᠢ ᠴᠢᠬᠤᠯᠠᠴᠢᠯᠠᠬᠤ ᠪᠠᠷ ᠪᠠᠷᠠᠬᠤ ᠦᠭᠡᠢ᠂ ᠤᠶᠤᠨᠳᠤ ᠦᠢᠯᠡᠳᠭᠡᠯ᠂ ᠮᠡᠳᠡᠭᠡ ᠵᠠᠩᠭᠢ ᠶᠢᠨ ᠮᠡᠷᠭᠡᠵᠢᠯ᠂ ᠤᠳᠤ ᠦᠶ᠎ᠠ ᠶᠢᠨ ᠲᠠᠷᠢᠶᠠᠯᠠᠩ᠂ ᠡᠬᠢ ᠪᠠᠶᠠᠯᠢᠭ ᠤᠷᠴᠢᠨ ᠲᠤᠭᠤᠷᠢᠨ ᠵᠡᠷᠭᠡ ᠭᠤᠤᠯᠳᠠᠯᠭ᠎ᠠ ᠲᠠᠢ ᠬᠦᠷᠢᠶ᠎ᠠ ᠶᠢᠨ ᠬᠡᠷᠡᠭᠯᠡᠭᠡᠨ ᠤ ᠮᠡᠷᠭᠡᠵᠢᠯ ᠤᠨ ᠡᠭᠦᠳᠦᠯᠳᠡ ᠶᠢ ᠴᠤ ᠬᠦᠴᠦᠳᠠᠢ ᠠᠬᠢᠭᠤᠯᠬᠤ ᠬᠡᠷᠡᠭᠲᠠᠢ᠃ ᠭᠤᠷᠪᠠ ᠳᠤ᠂ ᠪᠠᠶᠢᠭᠤᠯᠤᠮᠵᠢ ᠲᠤᠭᠳᠠᠴᠠ ᠶᠢᠨ ᠰᠢᠨ᠎ᠠ ᠡᠭᠦᠳᠦᠯᠳᠡ ᠶᠢ ᠴᠢᠩᠭᠠᠳᠬᠠᠵᠤ᠂ ᠵᠠᠰᠠᠭ ᠤᠨ ᠤᠷᠳᠤᠨ ᠵᠢᠯᠤᠭᠤᠳᠬᠤ᠂ ᠭᠠᠶᠢᠯᠢ ᠲᠠᠳᠠᠪᠤᠷᠢ ᠶᠢᠨ ᠬᠦᠰᠢᠭᠦᠷᠭᠡ ᠵᠡᠷᠭᠡ ᠠᠷᠭ᠎ᠠ ᠬᠡᠯᠪᠡᠷᠢ ᠶᠢ ᠬᠡᠷᠡᠭᠯᠡᠵᠤ᠂ ᠠᠵᠤ ᠠᠬᠤᠢᠢᠯᠠᠯ ᠪᠤᠯᠤᠨ ᠨᠡᠶᠢᠭᠡᠮ ᠤᠨ ᠬᠦᠴᠦᠨ ᠤ ᠰᠠᠭᠤᠷᠢ ᠰᠤᠳᠤᠯᠭᠠᠨ ᠤ ᠤᠷᠤᠭᠤᠯᠤᠯᠳᠠ ᠪᠠᠨ ᠨᠡᠮᠡᠭᠳᠡᠭᠦᠯᠬᠦ ᠶᠢ ᠵᠤᠷᠢᠭᠵᠢᠭᠤᠯᠬᠤ ᠬᠡᠷᠡᠭᠳᠡᠢ᠃ ᠳᠦᠷᠪᠡ ᠳᠤ᠂ ᠶᠡᠭᠡ ᠳᠡᠭᠡᠳᠦ ᠰᠤᠷᠭᠠᠭᠤᠯᠢ ᠪᠤᠯᠤᠨ ᠡᠷᠳᠡᠮ ᠰᠢᠨᠵᠢᠯᠡᠭᠡᠨ ᠤ ᠨᠢᠭᠡᠴᠡ ᠶᠢᠨ ᠬᠢᠨ ᠪᠡᠶ᠎ᠠ ᠪᠠᠨ ᠳᠠᠭᠠᠭᠠᠵᠤ ᠰᠠᠭᠤᠷᠢ ᠰᠤᠳᠤᠯᠭᠠᠨ ᠢᠶᠠᠨ ᠪᠠᠶᠢᠷᠢᠯᠠᠭᠤᠯᠬᠤ ᠳᠤ ᠳᠡᠮᠵᠢᠯᠭᠡ ᠦᠵᠡᠭᠦᠯᠵᠤ᠂ ᠡᠷᠳᠡᠮ ᠰᠢᠨᠵᠢᠯᠡᠭᠡᠨ ᠤ ᠠᠵᠢᠯᠳᠠᠳ ᠤᠨ ᠰᠤᠳᠤᠯᠭᠠᠨ ᠤ ᠰᠡᠳᠦᠪ ᠢᠶᠠᠨ ᠰᠤᠩᠭᠤᠬᠤ ᠡᠷᠬᠡ ᠶᠢ ᠦᠷᠭᠡᠳᠭᠡᠵᠤ᠂ ᠰᠢᠨ᠎ᠠ ᠡᠭᠦᠳᠦᠯᠳᠡ ᠶᠢᠨ ᠶᠠᠰᠤ ᠴᠢᠨᠠᠷ ᠪᠤᠯᠤᠨ ᠡᠷᠳᠡᠮ ᠰᠢᠨᠵᠢᠯᠡᠬᠡᠨ ᠳᠤ ᠦᠵᠡᠭᠦᠯᠦᠭᠰᠡᠨ ᠬᠤᠪᠢ ᠨᠡᠮᠡᠷᠢ ᠪᠠᠷ ᠭᠤᠤᠯ ᠪᠤᠯᠭᠠᠭᠰᠠᠨ ᠦᠨᠡᠯᠡᠯᠳᠡ ᠶᠢᠨ ᠲᠤᠭᠳᠠᠴᠠ ᠶᠢ ᠲᠡᠭᠦᠯᠳᠡᠷᠵᠢᠭᠦᠯᠵᠤ᠂ ᠠᠯᠳᠠᠭ᠎ᠠ ᠪᠤᠷᠤᠭᠤ ᠶᠢ ᠠᠭᠤᠴᠢᠯᠠᠬᠤ ᠲᠤᠭᠳᠠᠴᠠ ᠶᠢ ᠪᠠᠶᠢᠭᠤᠯᠵᠤ᠂ ᠴᠢᠯᠦᠭᠡᠳᠠᠢ ᠪᠠᠷ ᠬᠠᠶᠢᠨ ᠰᠢᠨᠵᠢᠯᠡᠵᠤ᠂ ᠲᠠᠨᠢᠭᠠᠳᠤᠢ ᠵᠦᠢᠯᠡᠰ ᠢ ᠰᠤᠳᠤᠯᠤᠨ ᠢᠯᠡᠷᠡᠭᠦᠯᠬᠦ ᠶᠢ ᠵᠤᠷᠢᠭᠵᠢᠭᠤᠯᠬᠤ ᠬᠡᠷᠡᠭᠲᠠᠢ᠃ ᠲᠠᠪᠤ ᠳᠤ᠂ ᠤᠯᠠᠨ ᠲᠠᠯ᠎ᠠ ᠠᠴᠠ ᠮᠡᠷᠭᠡᠵᠢᠯᠳᠡᠨ ᠴᠢᠳᠠᠪᠤᠷᠢᠳᠠᠨ ᠤᠷᠢᠬᠤ ᠬᠡᠷᠡᠭᠲᠠᠢ᠃ ᠤᠯᠠᠨ ᠤᠯᠤᠰ ᠤᠨ ᠡᠷᠳᠡᠮ ᠰᠢᠨᠵᠢᠯᠡᠭᠡᠨ ᠤ ᠬᠠᠮᠲᠤᠷᠠᠯᠴᠠᠭ᠎ᠠ ᠶᠢ ᠴᠢᠩᠭᠠᠳᠬᠠᠵᠤ᠂ ᠢᠳᠡᠷ ᠵᠠᠯᠠᠭᠤ ᠴᠢᠳᠠᠪᠤᠷᠢᠲᠠᠨ ᠢ ᠬᠦᠮᠦᠵᠢᠭᠦᠯᠵᠤ᠂ ᠰᠢᠯᠢᠳᠡᠭ ᠰᠠᠶᠢᠨ ᠰᠢᠨ᠎ᠠ ᠶᠢ ᠡᠭᠦᠳᠬᠦ ᠪᠦᠯᠬᠦᠮ ᠤᠨ ᠦᠷᠭᠦᠯᠵᠢᠯᠡᠨ ᠰᠠᠭᠤᠷᠢ ᠰᠢᠨᠵᠢᠯᠡᠬᠦ ᠤᠬᠠᠭᠠᠨ ᠤ ᠰᠤᠳᠤᠯᠭᠠᠨ ᠦᠷᠨᠢᠭᠦᠯᠬᠦ ᠶᠢ ᠳᠡᠮᠵᠢᠵᠤ᠂ ᠭᠠᠳᠠᠭᠠᠳᠤ ᠶᠢᠨ ᠲᠤᠰᠬᠠᠢ ᠮᠡᠷᠭᠡᠵᠢᠯᠳᠡᠨ ᠤᠯᠤᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠲᠦᠷᠦᠯ ᠵᠦᠢᠯ ᠢ ᠳᠠᠭᠠᠭᠤᠯᠬᠤ ᠪᠤᠶᠤ ᠤᠷᠤᠯᠴᠠᠬᠤ ᠶᠢ ᠳᠡᠮᠵᠢᠬᠦ ᠬᠡᠷᠡᠭᠲᠠᠢ ᠬᠡᠵᠥ ᠵᠢᠭᠠᠵᠥ ᠭᠠᠷᠭᠠᠪᠠ᠃

ᠢᠷᠡᠯᠳᠡ᠄ ᠰᠢᠨᠬᠤᠧᠠ ᠬᠤᠷᠢᠶ᠎ᠠ ᠪᠡᠯᠡᠳᠭᠡᠭ᠍ᠰᠡᠨ ᠨᠢ᠄ ᠪᠣᠯᠣᠷᠴᠡᠴᠡᠭ᠌

ᠰᠣᠶᠤᠯ ᠤᠷᠠᠯᠢᠭ

  • ᠨᠠᠷᠢᠯᠢᠬ ᠭᠤᠶᠤᠮᠰᠤᠭ ᠮᠦᠰᠦᠨ ᠱᠤᠭᠤᠮᠠᠯ 
  • ᠶᠤᠸᠠᠨ ᠤ ᠲᠡᠭᠡᠲᠤ ᠨᠡᠶᠢᠰᠯᠡᠯ ᠳᠤ ᠪᠤᠯᠤᠭᠰᠠᠨ ᠴᠠᠭᠠᠨ ᠢᠳᠡᠭᠡᠨ ᠤ ᠰᠤᠶᠤᠯ ᠤᠨ ᠨᠠᠶᠢᠷ
  • 26 ᠳ᠋ᠤᠭᠠᠷ ᠬᠤᠭᠤᠴᠠᠭᠠᠨ ᠤ ᠠᠯᠳᠠᠨ ᠳᠠᠬᠢᠶ᠎ᠠ ᠴᠡᠴᠡᠬᠡᠰ ᠺᠢᠨᠣ᠋ ᠶᠢᠨ ᠨᠠᠶᠢᠷ ᠬᠦᠬᠡᠬᠤᠳᠠ ᠳᠤ ᠨᠡᠬᠡᠬᠡᠯᠳᠡ ᠪᠡᠨ ᠬᠢᠪᠡ
  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
010070230030000000000000011120701122211419