ᠯᠢ ᠺᠧ ᠴᠢᠶᠠᠩ ᠯᠠᠨᠼᠠᠩ ᠮᠦᠷᠡᠨ ᠮᠧᠺᠤᠩ ᠮᠦᠷᠡᠨ ᠤ ᠬᠠᠮᠳᠤ ᠶᠢᠨ ᠠᠵᠢᠯᠯᠠᠭᠠᠨ ᠤ ᠤᠳᠤᠷᠢᠳᠬᠤ ᠬᠦᠮᠦᠰ ᠤᠨ ᠬᠤᠶᠠᠳᠠᠬᠢ ᠬᠤᠷᠠᠯ ᠳᠤ ᠤᠷᠤᠯᠴᠠᠵᠤ ᠺᠠᠮᠪᠤᠵᠠ ᠳᠤ ᠠᠶᠢᠯᠴᠢᠯᠠᠨ᠎ᠠ 2018-01-05 15:36

    ᠰᠢᠨᠬᠤᠧᠠ ᠬᠤᠷᠢᠶ᠎ᠠ   ᠪᠡᠬᠡᠵᠢᠩ ᠤᠨ 1 ᠰᠠᠷ᠎ᠠ ᠶᠢᠨ 4 ᠤ ᠡᠳᠦᠷ ᠤᠨ ᠴᠠᠬᠢᠯᠭᠠᠨ ᠮᠡᠳᠡᠬᠡ (ᠰᠤᠷᠪᠤᠯᠵᠢᠯᠠᠭᠴᠢ ᠡᠦ ᠶᠤᠧᠠᠢ) ᠳᠦᠷᠦ ᠶᠢᠨ ᠶᠠᠪᠤᠳᠠᠯ ᠤᠨ ᠬᠤᠷᠢᠶᠠᠨ ᠤ ᠶᠡᠷᠦᠩᠬᠡᠢ ᠰᠠᠶᠢᠳ ᠯᠢ ᠺᠧ ᠴᠢᠶᠠᠩ ᠯᠠᠨᠼᠠᠩ ᠮᠦᠷᠡᠨ - ᠮᠧᠺᠤᠩ ᠮᠦᠷᠡᠨ ᠤ ᠬᠠᠮᠳᠤ ᠶᠢᠨ ᠠᠵᠢᠯᠯᠠᠭᠠᠨ ᠤ ᠤᠳᠤᠷᠢᠳᠬᠤ ᠬᠦᠮᠦᠰ ᠤᠨ ᠬᠤᠶᠠᠳᠠᠬᠢ ᠬᠤᠷᠠᠯ ᠳᠤ ᠤᠷᠤᠯᠴᠠᠵᠤ ᠺᠠᠮᠪᠤᠵᠠ ᠳᠤ ᠠᠯᠪᠠᠨ ᠶᠤᠰᠤ ᠪᠡᠷ ᠠᠶᠢᠯᠴᠢᠯᠠᠬᠤ ᠬᠡᠵᠤ ᠪᠠᠶᠢᠭ᠎ᠠ ᠳᠠᠯ᠎ᠠ ᠪᠡᠷ ᠭᠠᠳᠠᠭᠠᠳᠤ ᠬᠡᠷᠡᠭ ᠤᠨ ᠶᠠᠮᠤᠨ 4 ᠤ ᠡᠳᠦᠷ ᠬᠡᠪᠯᠡᠯ ᠮᠡᠳᠡᠬᠡᠯᠡᠯ ᠤᠨ ᠬᠤᠷᠠᠯ ᠬᠤᠷᠠᠯᠳᠤᠭᠤᠯᠵᠠᠢ᠃

    ᠭᠠᠳᠠᠭᠠᠳᠤ ᠬᠡᠷᠡᠭ ᠤᠨ ᠶᠠᠮᠤᠨ ᠤ ᠤᠷᠤᠯᠠᠭᠴᠢ ᠳᠠᠷᠤᠭ᠎ᠠ ᠺᠦᠩ ᠰᠢᠤᠧᠠᠨ ᠶᠢᠤ ᠶᠢᠨ ᠳᠠᠨᠢᠯᠴᠠᠭᠤᠯᠤᠭᠰᠠᠨ ᠢᠶᠡᠷ᠂ ᠯᠢ ᠺᠧ ᠴᠢᠶᠠᠩ ᠶᠡᠷᠦᠩᠬᠡᠢ ᠰᠠᠶᠢᠳ 1 ᠰᠠᠷ᠎ᠠ ᠶᠢᠨ 10 ᠡᠴᠡ 11 ᠤ ᠡᠳᠦᠷ ᠪᠤᠯᠳᠠᠯ᠎ᠠ ᠺᠠᠮᠪᠤᠵᠠ ᠳᠤ ᠵᠤᠬᠢᠶᠠᠨ ᠪᠠᠶᠢᠭᠤᠯᠤᠭᠳᠠᠬᠤ ᠯᠠᠨᠼᠠᠩ ᠮᠦᠷᠡᠨ - ᠮᠧᠺᠤᠩ ᠮᠦᠷᠡᠨ ᠤ ᠬᠠᠮᠳᠤ ᠶᠢᠨ ᠠᠵᠢᠯᠯᠠᠭᠠᠨ ᠤ ᠤᠳᠤᠷᠢᠳᠬᠤ ᠬᠦᠮᠦᠰ ᠤᠨ ᠬᠤᠶᠠᠳᠠᠬᠢ ᠬᠤᠷᠠᠯ ᠳᠤ ᠤᠷᠤᠯᠴᠠᠬᠤ ᠶᠢᠨ ᠬᠠᠮᠳᠤ ᠳᠤᠰ ᠬᠦᠷᠦᠨ ᠳᠤ ᠠᠯᠪᠠᠨ ᠶᠤᠰᠤ ᠪᠡᠷ ᠠᠶᠢᠯᠴᠢᠯᠠᠨ᠎ᠠ ᠬᠡᠵᠡᠢ᠃

ᠢᠷᠡᠯᠳᠡ᠄ ᠰᠢᠨᠬᠤᠧᠠ ᠬᠤᠷᠢᠶ᠎ᠠ ᠪᠡᠯᠡᠳᠭᠡᠭ᠍ᠰᠡᠨ ᠨᠢ᠄ ᠪᠣᠯᠣᠷᠴᠡᠴᠡᠭ᠌

ᠨᠡᠶᠢᠬᠡᠮ ᠠᠬᠤᠢ

ᠰᠣᠶᠤᠯ ᠤᠷᠠᠯᠢᠭ

  • ᠤᠯᠤᠰ ᠤᠨ ᠬᠡᠪᠯᠡᠯ ᠮᠡᠳᠡᠭᠡᠯᠡᠯ ᠷᠠᠳᠢᠣ᠋ ᠲᠧᠯᠸᠶ᠋ᠰ ᠤᠨ ᠶᠡᠷᠦᠩᠬᠡᠢ ᠲᠤᠪᠴᠢᠶ᠎ᠠ᠄ ᠵᠤᠭᠰᠤᠭᠠᠭᠰᠠᠨ ᠨᠡᠪᠲᠡᠷᠡᠭᠦᠯᠬᠡ ᠶᠢ ᠨᠧᠲ ᠲᠤ ᠰᠢᠯᠵᠢᠬᠦᠯᠦᠨ ᠨᠡᠪᠲᠡᠷᠡᠬᠦᠯᠵᠦ ᠪᠤᠯᠬᠤ ᠦᠬᠡᠢ
  • ᠨᠠᠷᠢᠯᠢᠬ ᠭᠤᠶᠤᠮᠰᠤᠭ ᠮᠦᠰᠦᠨ ᠱᠤᠭᠤᠮᠠᠯ 
  • ᠶᠤᠸᠠᠨ ᠤ ᠲᠡᠭᠡᠲᠤ ᠨᠡᠶᠢᠰᠯᠡᠯ ᠳᠤ ᠪᠤᠯᠤᠭᠰᠠᠨ ᠴᠠᠭᠠᠨ ᠢᠳᠡᠭᠡᠨ ᠤ ᠰᠤᠶᠤᠯ ᠤᠨ ᠨᠠᠶᠢᠷ
  • 26 ᠳ᠋ᠤᠭᠠᠷ ᠬᠤᠭᠤᠴᠠᠭᠠᠨ ᠤ ᠠᠯᠳᠠᠨ ᠳᠠᠬᠢᠶ᠎ᠠ ᠴᠡᠴᠡᠬᠡᠰ ᠺᠢᠨᠣ᠋ ᠶᠢᠨ ᠨᠠᠶᠢᠷ ᠬᠦᠬᠡᠬᠤᠳᠠ ᠳᠤ ᠨᠡᠬᠡᠬᠡᠯᠳᠡ ᠪᠡᠨ ᠬᠢᠪᠡ
010070230030000000000000011120701122216696