蒙古文网站Logo
ᠰᠢᠨᠬᠤᠸᠠ ᠮᠤᠩᠭ᠋ᠤᠯ ᠨᠧᠲ

ᠬᠤᠶᠠᠷ ᠠᠯᠪᠠᠨ ᠡᠴᠡ ᠬᠤᠳᠠ ᠶᠢᠨ ᠠᠶᠤᠯᠬᠦᠢ ᠶᠢᠨ ᠬᠦᠭ᠍ᠵᠢᠯᠳᠡ ᠶᠢᠨ ᠰᠢᠰᠲ᠋ᠧᠮ ᠪᠠᠶᠢᠭᠤᠯᠬᠤ ᠶᠢ ᠠᠬᠢᠭᠤᠯᠬᠤ ᠰᠠᠨᠠᠯ ᠳᠤᠷᠠᠳᠴᠠᠢ

2018-01-08 12:33

    ᠰᠢᠨᠬᠤᠸᠠ ᠬᠤᠷᠢᠶ᠎ᠠ   ᠪᠡᠭᠡᠵᠢᠩ ᠤᠨ 1 ᠰᠠᠷ᠎ᠠ ᠶᠢᠨ 7 ᠤ ᠡᠳᠤᠷ ᠤᠨ ᠴᠠᠬᠢᠯᠭᠠᠨ ᠮᠡᠳᠡᠬᠡ (ᠰᠤᠷᠪᠤᠯᠵᠢᠯᠠᠭᠴᠢ ᠶᠧ ᠬᠤᠤ ᠮᠢᠩ) ᠨᠠᠮ ᠤᠨ ᠲᠦᠪ ᠬᠤᠷᠢᠶᠠᠨ ᠤ ᠠᠯᠪᠠᠨ ᠲᠢᠩᠬᠢᠮ᠂ ᠲᠦᠷᠦ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠶᠢᠷ᠎ᠠ ᠳᠤ 《ᠬᠤᠳᠠ ᠶᠢᠨ ᠠᠶᠤᠯᠬᠦᠢ ᠶᠢᠨ ᠬᠦᠭ᠍ᠵᠢᠯᠳᠡ ᠶᠢ ᠠᠬᠢᠭᠤᠯᠬᠤ ᠰᠠᠨᠠᠯ 》 ᠢ᠋ ᠲᠠᠷᠤᠮᠠᠯᠯᠠᠨ ᠲᠠᠷᠬᠠᠭᠠᠵᠤ᠂ ᠠᠶᠤᠯᠬᠦᠢ ᠶᠢᠨ ᠦᠢᠯᠡᠳᠪᠦᠷᠢᠯᠡᠯ ᠢᠶᠡᠷ ᠰᠠᠭᠤᠷᠢ ᠪᠤᠯᠭᠠᠭᠰᠠᠨ ᠶᠡᠷᠦᠩᠬᠡᠶᠢᠯᠡᠭᠰᠡᠨ ᠴᠢᠨᠠᠷᠲᠠᠢ᠂ ᠪᠦᠬᠦ ᠲᠠᠯ᠎ᠠ ᠶᠢᠨ᠂ ᠰᠢᠰᠲ᠋ᠧᠮᠴᠢᠯᠡᠭᠰᠡᠨ ᠬᠤᠳᠠ ᠶᠢᠨ ᠠᠶᠤᠯᠬᠦᠢ ᠶᠢᠨ ᠬᠦᠭ᠍ᠵᠢᠯᠳᠡ ᠶᠢᠨ ᠰᠢᠰᠲ᠋ᠧᠮ ᠪᠠᠶᠢᠭᠤᠯᠬᠤ ᠶᠢ ᠠᠬᠢᠭᠤᠯᠬᠤ ᠪᠡᠷ ᠱᠠᠭᠠᠷᠳᠠᠵᠤ᠂ ᠬᠤᠳᠠ ᠶᠢᠨ ᠠᠶᠤᠯᠬᠦᠢ ᠶᠢᠨ ᠪᠠᠳᠤᠯᠠᠭ᠎ᠠ ᠶᠢᠨ ᠲᠦᠪᠰᠢᠨ ᠢ ᠪᠦᠬᠦ ᠲᠠᠯ᠎ᠠ ᠪᠡᠷ ᠲᠡᠭᠡᠭ᠍ᠰᠢᠯᠡᠬᠦᠯᠦᠨ᠎ᠡ ᠬᠡᠵᠡᠢ᠃

    ᠤᠯᠤᠰ ᠤᠨ ᠠᠶᠤᠯᠬᠦᠢ ᠶᠢᠨ ᠦᠢᠯᠡᠳᠪᠦᠷᠢᠯᠡᠯ ᠢ ᠬᠢᠨᠠᠨ ᠬᠠᠮᠢᠶᠠᠷᠬᠤ ᠶᠡᠷᠦᠩᠬᠡᠢ ᠲᠤᠪᠴᠢᠶᠠᠨ ᠤ ᠬᠠᠮᠢᠶᠠᠳᠠᠢ ᠬᠠᠷᠢᠭᠤᠴᠠᠯᠭᠠᠳᠠᠨ ᠤ ᠲᠠᠨᠢᠯᠴᠠᠭᠤᠯᠤᠭᠰᠠᠨ ᠢᠶᠡᠷ᠂ ᠰᠠᠨᠠᠯ ᠢ ᠦᠨᠳᠦᠰᠦᠯᠡᠪᠡᠯ᠂ 2020 ᠤᠨ ᠪᠤᠯᠬᠤ ᠳᠤ ᠪᠦᠬᠦ ᠲᠠᠯ᠎ᠠ ᠪᠡᠷ ᠴᠢᠨᠡᠭᠡᠯᠢᠭ᠌᠌ ᠨᠡᠶᠢᠬᠡᠮ ᠢ ᠪᠠᠶᠢᠭᠤᠯᠬᠤ ᠬᠠᠷᠠᠯᠳᠠ ᠲᠠᠢ ᠬᠠᠷᠠᠭᠠᠯᠵᠠᠭᠰᠠᠨ ᠠᠶᠤᠯᠬᠦᠢ ᠶᠢᠨ ᠬᠦᠭ᠍ᠵᠢᠯᠳᠡ ᠶᠢᠨ ᠵᠢᠱᠢᠶᠡᠴᠢ ᠬᠤᠳᠠ ᠶᠢ ᠨᠢᠬᠡ ᠪᠦᠯᠦᠭ ᠪᠠᠶᠢᠭᠤᠯᠤᠨ᠎ᠠ᠃ 2035 ᠤᠨ ᠪᠤᠯᠬᠤ ᠳᠤ ᠨᠡᠶᠢᠬᠡᠮ ᠵᠢᠷᠤᠮ ᠤᠨ ᠤᠳᠤᠬᠢᠴᠢᠯᠠᠯᠳᠠ ᠶᠢ ᠦᠨᠳᠦᠰᠦᠨ ᠳᠤ ᠪᠠᠨ ᠪᠡᠶᠡᠯᠡᠬᠦᠯᠦᠭᠰᠡᠨ ᠲᠠᠢ ᠬᠠᠷᠠᠭᠠᠯᠵᠠᠭᠰᠠᠨ ᠠᠶᠤᠯᠬᠦᠢ ᠶᠢᠨ ᠬᠦᠭ᠍ᠵᠢᠯᠳᠡ ᠶᠢᠨ ᠬᠤᠳᠠ ᠶᠢ ᠪᠠᠶᠢᠭᠤᠯᠤᠨ᠎ᠠ᠃ ᠡᠬᠦᠨ ᠤ ᠰᠠᠭᠤᠷᠢᠨ ᠲᠡᠭᠡᠷ᠎ᠡ ᠰᠢᠰᠲ᠋ᠧᠮᠴᠢᠯᠡᠭᠰᠡᠨ᠂ ᠤᠳᠤᠬᠢᠴᠢᠯᠠᠭᠰᠠᠨ ᠬᠤᠳᠠ ᠶᠢᠨ ᠠᠶᠤᠯᠬᠦᠢ ᠶᠢᠨ ᠪᠠᠳᠤᠯᠠᠭ᠎ᠠ ᠶᠢᠨ ᠰᠢᠰᠲ᠋ᠧᠮ ᠪᠦᠷᠢᠯᠳᠦᠬᠦ ᠶᠢ ᠠᠬᠢᠭᠤᠯᠵᠤ᠂ ᠬᠤᠳᠠ ᠶᠢᠨ ᠲᠦᠪ ᠲᠤᠭᠤᠷᠢᠭ ᠢᠶᠡᠷ ᠰᠠᠭᠤᠷᠢ ᠪᠤᠯᠭᠠᠨ᠂ ᠲᠡᠬᠦᠷᠬᠡ ᠶᠢ ᠲᠠᠶᠢᠴᠢᠯᠠᠨ᠂ ᠰᠢᠶᠠᠨ ᠰᠢᠶᠠᠩ ᠳᠤ ᠰᠠᠴᠤᠷᠠᠭᠤᠯᠵᠤ᠂ ᠠᠷᠠᠳ ᠲᠤ ᠠᠰᠢᠭᠳᠠᠢ ᠠᠶᠤᠯᠬᠦᠢ ᠶᠢᠨ ᠬᠦᠭ᠍ᠵᠢᠯᠳᠡ ᠶᠢᠨ ᠬᠤᠳᠠ ᠪᠠᠶᠢᠭᠤᠯᠬᠤ ᠶᠢ ᠲᠦᠷᠭᠡᠳᠬᠡᠨ᠎ᠡ᠃ 

ᠢᠷᠡᠯᠳᠡ᠄ ᠰᠢᠨᠬᠤᠸᠠ ᠨᠧᠲ ᠪᠡᠯᠡᠳᠭᠡᠭ᠍ᠰᠡᠨ ᠨᠢ᠄ ᠪᠠᠢ ᠯᠢᠩ ᠳ᠋ᠢ

ᠨᠡᠶᠢᠬᠡᠮ ᠠᠬᠤᠢ

ᠰᠣᠶᠤᠯ ᠤᠷᠠᠯᠢᠭ

  • ᠨᠠᠷᠢᠯᠢᠬ ᠭᠤᠶᠤᠮᠰᠤᠭ ᠮᠦᠰᠦᠨ ᠱᠤᠭᠤᠮᠠᠯ 
  • ᠶᠤᠸᠠᠨ ᠤ ᠲᠡᠭᠡᠲᠤ ᠨᠡᠶᠢᠰᠯᠡᠯ ᠳᠤ ᠪᠤᠯᠤᠭᠰᠠᠨ ᠴᠠᠭᠠᠨ ᠢᠳᠡᠭᠡᠨ ᠤ ᠰᠤᠶᠤᠯ ᠤᠨ ᠨᠠᠶᠢᠷ
  • 26 ᠳ᠋ᠤᠭᠠᠷ ᠬᠤᠭᠤᠴᠠᠭᠠᠨ ᠤ ᠠᠯᠳᠠᠨ ᠳᠠᠬᠢᠶ᠎ᠠ ᠴᠡᠴᠡᠬᠡᠰ ᠺᠢᠨᠣ᠋ ᠶᠢᠨ ᠨᠠᠶᠢᠷ ᠬᠦᠬᠡᠬᠤᠳᠠ ᠳᠤ ᠨᠡᠬᠡᠬᠡᠯᠳᠡ ᠪᠡᠨ ᠬᠢᠪᠡ
  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
关闭
010070230030000000000000011120701122226096