蒙古文网站Logo
ᠰᠢᠨᠬᠤᠸᠠ ᠮᠤᠩᠭ᠋ᠤᠯ ᠨᠧᠲ

ᠨᠢᠳᠤᠨᠤᠨ ᠨᠠᠮ ᠤᠨ ᠰᠤᠷᠲᠠᠯ ‍ᠢ ᠰᠠᠶᠢᠵᠢᠷᠠᠭᠤᠯᠵᠤ ᠠᠷᠢᠭᠤᠨ ᠴᠢᠬᠡᠴᠢ ᠪᠡᠷ ᠵᠠᠰᠠᠭ ᠶᠠᠪᠤᠭᠤᠯᠬᠤ ᠪᠠᠶᠢᠭᠤᠯᠤᠯᠲᠠ ᠪᠣᠯᠣᠨ ᠠᠪᠯᠢᠭᠠᠯ ‍ᠢ ᠡᠰᠡᠷᠭᠦᠴᠡᠬᠦ ᠲᠡᠮᠡᠴᠡᠯ ᠳ᠋ᠥ ᠰᠢᠨ᠎ᠡ ᠦᠷ᠎ᠡ ᠪᠦᠲᠦᠮᠵᠢ ᠣᠯᠵᠠᠢ

2018-01-09 15:59

    ᠡᠯ᠎ᠡ ᠱᠠᠲᠤᠨ ᠤ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠪᠠᠶᠢᠭᠤᠯᠤᠯᠭ᠎ᠠ ᠨᠢᠭᠡᠴᠡ ᠶ᠋ᠢᠨ ᠬᠢᠨ ᠨᠢᠳᠤᠨᠤᠨ ᠪᠦᠬᠦᠨ ‍ᠢ ᠬᠠᠮᠤᠷᠬᠤ᠂ ᠥᠴᠥᠬᠡᠨ ᠴᠦ ᠨᠠᠶᠢᠷ ᠲᠠᠯᠪᠢᠬᠤ ᠦᠭᠡᠢ ᠪᠠᠶᠢᠬᠤ᠂ ᠴᠢᠩᠭ᠎ᠠ ᠬᠢᠵᠠᠭᠠᠷᠯᠠᠬᠤ᠂ ᠬᠦᠴᠦᠲᠡᠢ ᠴᠤᠬᠢᠯᠳᠠ ᠥᠭᠬᠦ᠂ ᠪᠠᠶᠢᠩᠭᠤ ᠳᠠᠯᠠᠶᠢᠯᠭᠠᠬᠤ ᠵᠠᠷᠴᠢᠮ ‍ᠢ ᠪᠠᠷᠢᠮᠲᠠᠯᠠᠵᠤ᠂ ᠨᠠᠮ ᠤᠨ ᠰᠤᠷᠲᠠᠯ ‍ᠢ ᠰᠠᠶᠢᠵᠢᠷᠠᠭᠤᠯᠵᠤ ᠠᠷᠢᠭᠤᠨ ᠴᠢᠭᠡᠴᠢ ᠪᠡᠷ ᠵᠠᠰᠠᠭ ᠶᠠᠪᠤᠭᠤᠯᠬᠤ ᠪᠠᠶᠢᠭᠤᠯᠤᠯᠲᠠ ᠪᠣᠯᠣᠨ ᠠᠪᠯᠢᠭᠠᠯ ‍ᠢ ᠡᠰᠡᠷᠭᠦᠴᠡᠬᠦ ᠲᠡᠮᠡᠴᠡᠯ ‍ᠢ ᠬᠣᠷᠣᠮ ᠴᠦ ᠵᠣᠭᠰᠣᠭᠠᠯ ᠦᠭᠡᠢ ᠠᠬᠢᠭᠤᠯᠵᠤ᠂ ᠨᠠᠮ ᠢᠶᠡᠨ ᠪᠦᠬᠦ ᠲᠠᠯ᠎ᠠ ᠪᠠᠷ ᠴᠢᠩᠭ᠎ᠠ ᠵᠠᠰᠠᠬᠤ ᠠᠵᠢᠯ ‍ᠢ ᠠᠬᠢᠭᠤᠯᠵᠤ ᠰᠢᠨ᠎ᠡ ᠦᠷ᠎ᠡ ᠪᠦᠲᠦᠮᠵᠢ ᠣᠯᠣᠭᠰᠠᠨ ᠪᠠᠶᠢᠨ᠎ᠠ᠃

    2017 ᠣᠨ ᠤ 11 ᠰᠠᠷ᠎ᠠ ᠶ᠋ᠢᠨ 21 ᠤ ᠡᠳᠦᠷ᠂ ᠲᠥᠪ ‍ᠥᠨ ᠰᠠᠬᠢᠯᠭ᠎ᠠ ᠪᠠᠲᠤ ᠪᠠᠶᠢᠴᠠᠭᠠᠬᠤ ᠬᠣᠷᠢᠶ᠎ᠠ ᠬᠢᠨᠠᠨ ᠪᠠᠶᠢᠴᠠᠭᠠᠬᠤ ᠶᠠᠮᠤᠨ ᠤ ᠨᠧᠲ ᠢᠶᠡᠷ ᠨᠠᠮ ᠤᠨ ᠲᠥᠪ ᠬᠣᠷᠢᠶᠠᠨ ᠤ ᠤᠬᠠᠭᠤᠯᠬᠤ ᠬᠡᠯᠲᠡᠰ ‍ᠥᠨ ᠳᠡᠳ᠋ ᠳᠠᠷᠤᠭ᠎ᠠ ᠪᠠᠶᠢᠭᠰᠠᠨ ᠯᠦ ᠸᠧᠢ ᠰᠠᠬᠢᠯᠭ᠎ᠠ ᠳᠦᠷᠢᠮ ‍ᠢ ᠨᠣᠴᠢᠲᠠᠢ ᠵᠥᠷᠢᠴᠡᠭᠰᠡᠨ ᠬᠡᠷᠡᠭ ᠲᠥ ᠬᠣᠯᠪᠣᠭᠳᠠᠵᠤ ᠵᠣᠬᠢᠶᠠᠨ ᠪᠠᠶᠢᠭᠤᠯᠤᠯᠲᠠ ᠶ᠋ᠢᠨ ᠪᠠᠶᠢᠴᠠᠭᠠᠯᠲᠠ ᠶ᠋ᠢ ᠬᠦᠯᠢᠶᠡᠵᠦ ᠪᠠᠶᠢᠭ᠎ᠠ ᠲᠤᠬᠠᠢ ᠮᠡᠳᠡᠭᠡ ᠶ᠋ᠢ ᠨᠡᠶᠢᠲᠡᠯᠡᠭᠰᠡᠨ ᠪᠠᠶᠢᠯ᠎ᠠ᠃ ᠡᠨᠡ ᠪᠣᠯ ᠨᠠᠮ ᠤᠨ ᠠᠷᠪᠠ ᠶᠢᠰᠦᠳᠦᠭᠡᠷ ᠶᠡᠬᠡ ᠬᠤᠷᠠᠯ ᠤᠨ ᠳᠠᠷᠠᠭ᠎ᠠ ᠪᠠᠷᠢᠭᠳᠠᠭᠰᠠᠨ ᠠᠩᠬᠠᠨ ᠤ ᠲᠣᠮᠣ ᠲᠤᠰᠢᠶᠠᠯᠲᠠᠨ ᠪᠣᠯᠣᠨ᠎ᠠ᠃ 2017 ᠣᠨ ᠳ᠋ᠤ᠂ ᠨᠠᠮ ᠤᠨ ᠲᠥᠪ ᠬᠣᠷᠢᠶᠠᠨ ᠤ ᠰᠠᠬᠢᠯᠭ᠎ᠠ ᠪᠠᠲᠤ ᠪᠠᠶᠢᠴᠠᠭᠠᠬᠤ ᠬᠣᠷᠢᠶᠠᠨ ᠡᠴᠠ ᠰᠠᠬᠢᠯᠭ᠎ᠠ ᠳᠦᠷᠢᠮ ‍ᠢ ᠨᠣᠴᠢᠲᠠᠢ ᠵᠥᠷᠢᠴᠡᠭᠰᠡᠨ ᠰᠦᠨ ᠵᠧᠩ ᠼᠠᠢ᠂ ᠰᠢᠶᠠᠩ ᠵᠢᠶᠦ᠋ᠨ ᠪᠥᠧᠧ᠂ ᠰᠦᠨ ᠬᠤᠧᠠᠢ ᠱᠠᠨ᠂ ᠯᠦ ᠸᠧᠢ ᠵᠡᠷᠭᠡ ᠲᠥᠪ ᠡᠴᠡ ᠬᠠᠮᠢᠶᠠᠷᠴᠤ ᠪᠠᠶᠢᠭ᠎ᠠ ᠺᠠᠳ᠋ᠷ ᠤᠨ ᠠᠰᠠᠭᠤᠳᠠᠯ ‍ᠢ ᠳᠠᠩᠰᠠᠯᠠᠨ ᠪᠠᠶᠢᠴᠠᠭᠠᠵᠤ᠂ ᠰᠠᠬᠢᠯᠭ᠎ᠠ ᠳᠦᠷᠢᠮ ‍ᠢ ᠵᠥᠷᠢᠴᠡᠭᠰᠡᠨ ᠵᠠᠩᠭᠢᠯᠠᠭ᠎ᠠ ᠶ᠋ᠢᠨ ᠴᠥᠭᠡᠨ ᠲᠣᠭᠠᠨ ᠤ ᠺᠠᠳ᠋ᠷ ‍ᠢ ᠴᠢᠩᠭ᠎ᠠ ᠵᠠᠯᠬᠠᠭᠠᠨ ᠰᠢᠢᠳᠪᠦᠷᠢᠯᠡᠭᠰᠡᠨ ᠪᠠᠶᠢᠨ᠎ᠠ᠃

    ᠨᠠᠮ ᠤᠨ ᠰᠤᠷᠲᠠᠯ ‍ᠢ ᠰᠠᠶᠢᠵᠢᠷᠠᠭᠤᠯᠵᠤ ᠠᠷᠢᠭᠤᠨ ᠴᠢᠭᠡᠴᠢ ᠪᠡᠷ ᠵᠠᠰᠠᠭ ᠶᠠᠪᠤᠭᠤᠯᠬᠤ ᠪᠠᠶᠢᠭᠤᠯᠤᠯᠲᠠ ᠪᠣᠯᠣᠨ ᠠᠪᠯᠢᠭᠠᠯ ‍ᠢ ᠡᠰᠡᠷᠭᠦᠴᠡᠬᠦ ᠲᠡᠮᠡᠴᠡᠯ ᠳ᠋ᠥ ᠵᠡᠷᠭᠡ ᠲᠤᠰᠢᠶᠠᠯ ᠤᠨ ᠶᠡᠬᠡ ᠪᠠᠭ᠎ᠠ ᠭᠡᠵᠦ ᠪᠠᠶᠢᠬᠤ ᠦᠭᠡᠢ ᠶᠤᠮ᠃ 2017 ᠣᠨ ᠳ᠋ᠤ᠂ ᠨᠠᠮ ᠤᠨ ᠲᠥᠪ ᠬᠣᠷᠢᠶᠠᠨ ᠤ ᠰᠠᠬᠢᠯᠭ᠎ᠠ ᠪᠠᠲᠤ ᠪᠠᠶᠢᠴᠠᠭᠠᠬᠤ ᠬᠣᠷᠢᠶᠠᠨ ᠡᠴᠠ ᠶᠠᠳᠠᠭᠤ ᠡᠴᠠ ᠠᠩᠭᠢᠵᠢᠷᠠᠭᠤᠯᠬᠤ ᠠᠷᠠᠳ ᠤᠨ ᠠᠮᠢᠳᠤᠷᠠᠯ ᠤᠨ ᠴᠠᠷᠠᠭ᠎ᠠ ᠬᠦᠷᠢᠶᠡᠨ ᠳ᠋ᠥ ᠦᠷᠭᠦᠯᠵᠢᠯᠡᠨ ᠠᠩᠬᠠᠷᠤᠯ ᠢᠶᠡᠨ ᠲᠥᠪᠯᠡᠷᠡᠭᠦᠯᠵᠦ᠂ ᠣᠯᠠᠨ ᠲᠦᠮᠡᠨ ‍ᠥ ᠳᠡᠷᠭᠡᠳᠡ ᠭᠠᠷᠴᠤ ᠪᠠᠶᠢᠭ᠎ᠠ ᠲᠥᠪ ᠪᠤᠰᠤ ᠰᠤᠷᠲᠠᠯ ᠪᠠ ᠠᠪᠯᠢᠭᠠᠯ ᠤᠨ ᠠᠰᠠᠭᠤᠳᠠᠯ ‍ᠢ ᠴᠢᠩᠭ᠎ᠠ ᠪᠠᠶᠢᠴᠠᠭᠠᠨ ᠰᠢᠢᠳᠬᠡᠵᠦ᠂ ᠭᠠᠴᠠᠭ᠎ᠠ ᠲᠣᠰᠬᠤᠨ ‍ᠢ 《ᠭᠠᠭᠴᠠᠭᠠᠷ ᠡᠵᠡᠮᠰᠢᠬᠦ》ᠠᠰᠠᠭᠤᠳᠠᠯ᠂ ᠤᠰᠤᠨ ᠠᠰᠢᠭᠯᠠᠯᠲᠠ ᠪᠠᠷ ᠶᠠᠳᠠᠭᠤ ᠶ᠋ᠢ ᠲᠡᠳᠬᠦᠬᠦ ᠬᠦᠷᠦᠩᠬᠡ ᠮᠥᠩᠭᠥᠨ ‍ᠥ ᠲᠠᠯ᠎ᠠ ᠶ᠋ᠢᠨ ᠠᠰᠠᠭᠤᠳᠠᠯ᠂ ᠡᠳ᠋ ‍ᠥᠨ ᠵᠠᠰᠠᠭ ᠢᠶᠠᠷ ᠶᠠᠳᠠᠭᠤ ᠶ᠋ᠢ ᠲᠡᠳᠬᠦᠬᠦ ᠬᠦᠷᠦᠩᠬᠡ ᠮᠥᠩᠭᠥᠨ ‍ᠥ ᠬᠠᠮᠢᠶᠠᠷᠤᠯᠲᠠ ᠪᠠ ᠬᠡᠷᠡᠭᠯᠡᠯᠲᠡ ᠶ᠋ᠢᠨ ᠲᠠᠯ᠎ᠠ ᠶ᠋ᠢᠨ ᠠᠰᠠᠭᠤᠳᠠᠯ ᠳ᠋ᠤ ᠬᠣᠯᠪᠣᠭᠳᠠᠭᠰᠠᠨ ᠰᠦᠪᠡᠭᠴᠢ ᠶ᠋ᠢ ᠲᠤᠰᠬᠠᠢ ᠪᠠᠶᠢᠴᠠᠭᠠᠨ ᠰᠢᠢᠳᠪᠦᠷᠢᠯᠡᠭᠰᠡᠨ ᠪᠠᠶᠢᠨ᠎ᠠ᠃ 2017 ᠣᠨ ᠤ 1 ᠡᠴᠡ 11 ᠰᠠᠷ᠎ᠠ ᠪᠣᠯᠲᠠᠯ᠎ᠠ᠂ ᠤᠯᠤᠰ ᠲᠠᠶᠠᠭᠠᠷ ᠤᠨ ᠬᠡᠪᠴᠢᠶᠡᠨ ᠳ᠋ᠥ ᠣᠯᠠᠨ ᠲᠦᠮᠡᠨ ‍ᠥ ᠳᠡᠷᠭᠡᠳᠡᠬᠢ ᠠᠪᠯᠢᠭᠠᠯ ᠪᠠ ᠠᠵᠢᠯ ᠤᠨ ᠬᠡᠪ ᠰᠤᠷᠲᠠᠯ ᠲᠠᠢ ᠬᠣᠯᠪᠣᠭᠳᠠᠭᠰᠠᠨ 10 ᠲᠦᠮᠡ ᠣᠷᠴᠢᠮ ᠬᠡᠷᠡᠭ ‍ᠢ ᠪᠠᠶᠢᠴᠠᠭᠠᠨ ᠰᠢᠢᠳᠪᠦᠷᠢᠯᠡᠵᠦ᠂ 13 ᠲᠦᠮᠡ ᠣᠷᠴᠢᠮ ᠬᠥᠮᠥᠨ ‍ᠢ ᠰᠢᠢᠳᠬᠡᠭᠰᠡᠨ ᠪᠠᠶᠢᠨ᠎ᠠ᠃ ᠡᠭᠦᠨ ᠳ᠋ᠥ᠂ ᠶᠠᠳᠠᠭᠤ ᠶ᠋ᠢ ᠲᠡᠳᠬᠦᠬᠦ ᠴᠠᠷᠠᠭ᠎ᠠ ᠬᠦᠷᠢᠶᠡᠨ ᠳ᠋ᠡᠬᠢ ᠠᠪᠯᠢᠭᠠᠯ ᠪᠠ ᠠᠵᠢᠯ ᠤᠨ ᠬᠡᠪ ᠰᠤᠷᠲᠠᠯ ᠤᠨ ᠬᠡᠷᠡᠭ 3 ᠲᠦᠮᠡ 7000 ᠭᠠᠷᠤᠢ ᠪᠠᠶᠢᠵᠤ᠂ ᠲᠠᠪᠤᠨ ᠲᠦᠮᠡ ᠣᠷᠴᠢᠮ ᠬᠥᠮᠥᠨ ‍ᠢ ᠪᠠᠶᠢᠴᠠᠭᠠᠨ ᠰᠢᠢᠳᠪᠦᠷᠢᠯᠡᠭᠰᠡᠨ ᠪᠠᠶᠢᠨ᠎ᠠ᠃ ᠪᠦᠷᠢᠳᠬᠡᠭᠰᠡᠨ ‍ᠢᠶ᠋ᠡᠷ᠂ ᠠᠪᠯᠢᠭᠠᠯ ‍ᠢ ᠡᠰᠡᠷᠭᠦᠴᠡᠬᠦ ᠠᠵᠢᠯ ᠤᠨ ᠦᠷ᠎ᠡ ᠪᠦᠲᠦᠮᠵᠢ ᠳ᠋ᠥ ᠣᠯᠠᠨ ᠲᠦᠮᠡᠨ ᠶᠡᠬᠡ ᠬᠠᠨᠤᠮᠵᠢᠲᠠᠢ ᠪᠤᠶᠤ ᠨᠡᠯᠢᠶᠡᠳ ᠬᠠᠨᠤᠮᠵᠢᠲᠠᠢ ᠪᠠᠶᠢᠭ᠎ᠠ ᠬᠠᠷᠢᠴᠠᠯ 2012 ᠣᠨ ᠳᠤ ᠵᠠᠭᠤᠨ ᠤ 75 ᠪᠠᠶᠢᠭᠰᠠᠨ ᠡᠴᠠ ᠪᠠᠨ 2017 ᠣᠨ ᠳᠤ ᠨᠡᠮᠡᠭᠳᠡᠭᠡᠳ ᠵᠠᠭᠤᠨ ᠤ 93.9 ᠳ᠋ᠤ ᠬᠦᠷᠦᠭᠰᠡᠨ ᠪᠠᠶᠢᠨ᠎ᠠ᠃

ᠢᠷᠡᠯᠳᠡ᠄ ᠳᠤᠮᠳᠠᠳᠤ ᠤᠯᠤᠰ ᠤᠨ ᠮᠤᠩᠭ᠋ᠤᠯ ᠷᠠᠳᠢᠣ᠋ ᠰᠦᠯᠵᠢᠶ᠎ᠡ ᠪᠡᠯᠡᠳᠭᠡᠭ᠍ᠰᠡᠨ ᠨᠢ᠄ ᠪᠣᠯᠣᠷᠴᠡᠴᠡᠭ᠌

ᠨᠡᠶᠢᠬᠡᠮ ᠠᠬᠤᠢ

ᠰᠣᠶᠤᠯ ᠤᠷᠠᠯᠢᠭ

  • ᠨᠠᠷᠢᠯᠢᠬ ᠭᠤᠶᠤᠮᠰᠤᠭ ᠮᠦᠰᠦᠨ ᠱᠤᠭᠤᠮᠠᠯ 
  • ᠶᠤᠸᠠᠨ ᠤ ᠲᠡᠭᠡᠲᠤ ᠨᠡᠶᠢᠰᠯᠡᠯ ᠳᠤ ᠪᠤᠯᠤᠭᠰᠠᠨ ᠴᠠᠭᠠᠨ ᠢᠳᠡᠭᠡᠨ ᠤ ᠰᠤᠶᠤᠯ ᠤᠨ ᠨᠠᠶᠢᠷ
  • 26 ᠳ᠋ᠤᠭᠠᠷ ᠬᠤᠭᠤᠴᠠᠭᠠᠨ ᠤ ᠠᠯᠳᠠᠨ ᠳᠠᠬᠢᠶ᠎ᠠ ᠴᠡᠴᠡᠬᠡᠰ ᠺᠢᠨᠣ᠋ ᠶᠢᠨ ᠨᠠᠶᠢᠷ ᠬᠦᠬᠡᠬᠤᠳᠠ ᠳᠤ ᠨᠡᠬᠡᠬᠡᠯᠳᠡ ᠪᠡᠨ ᠬᠢᠪᠡ
  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
关闭
010070230030000000000000011120701122233400