ᠯᠢ ᠺᠧ ᠴᠢᠶᠠᠩ᠄ ᠳᠤᠮᠳᠠᠳᠤ ᠹᠷᠠᠨᠼᠢ ᠶᠢᠨ ᠬᠠᠷᠢᠯᠴᠠᠭ᠎ᠠ ᠳᠠᠰᠤᠷᠠᠯᠳᠠ ᠦᠬᠡᠢ ᠰᠢᠨ᠎ᠡ ᠨᠢᠬᠡᠨ ᠳᠡᠭᠳᠡᠷ ᠲᠤ ᠭᠠᠷᠬᠤ ᠶᠢ ᠠᠬᠢᠭᠤᠯᠤᠨ᠎ᠠ 2018-01-10 10:46

    ᠰᠢᠨᠬᠤᠧᠠ ᠬᠤᠷᠢᠶ᠎ᠠ   ᠪᠡᠭᠡᠵᠢᠩ ᠤᠨ 1 ᠰᠠᠷ᠎ᠠ ᠶᠢᠨ 9 ᠤ ᠡᠳᠦᠷ ᠤᠨ ᠴᠠᠬᠢᠯᠭᠠᠨ ᠮᠡᠳᠡᠭᠡ (ᠰᠤᠷᠪᠤᠯᠵᠢᠯᠠᠭᠴᠢ ᠡᠾᠧᠤ ᠯᠢ ᠵᠢᠶᠦ᠋ᠨ) ᠳᠦᠷᠦ ᠶᠢᠨ ᠶᠠᠪᠤᠳᠠᠯ ᠤᠨ ᠬᠤᠷᠢᠶᠠᠨ ᠤ ᠶᠡᠷᠦᠩᠬᠡᠢ ᠰᠠᠶᠢᠳ ᠯᠢ ᠺᠧ ᠴᠢᠶᠠᠩ 9 ᠤ ᠦᠳᠡ ᠡᠴᠡ ᠬᠤᠶᠢᠰᠢ ᠠᠷᠠᠳ ᠤᠨ ᠶᠡᠬᠡ ᠬᠤᠷᠠᠯ ᠤᠨ ᠳᠠᠩᠬᠢᠮ ᠳᠤ ᠳᠤᠮᠳᠠᠳᠤ ᠤᠯᠤᠰ ᠲᠤ ᠳᠦᠷᠦ ᠶᠢᠨ ᠠᠶᠢᠯᠴᠢᠯᠠᠯ ᠬᠢᠵᠤ ᠪᠠᠶᠢᠭ᠎ᠠ ᠹᠷᠠᠨᠼᠢ ᠶᠢᠨ ᠶᠡᠷᠦᠩᠬᠡᠶᠢᠯᠡᠭᠴᠢ ᠮᠠᠺᠷᠤᠨ ᠲᠠᠢ ᠠᠭᠤᠯᠵᠠᠪᠠ᠃

    ᠠᠭᠤᠯᠵᠠᠯᠳᠠ ᠶᠢᠨ ᠦᠶ᠎ᠡ ᠪᠡᠷ ᠯᠢ ᠺᠧ ᠴᠢᠶᠠᠩ ᠡᠴᠡ ᠳᠤᠮᠳᠠᠳᠤ ᠹᠷᠠᠨᠼᠢ ᠶᠢᠨ ᠬᠠᠷᠢᠯᠴᠠᠭ᠎ᠠ ᠤᠷᠳᠤ ᠬᠤᠭᠤᠴᠠᠭᠠᠨ ᠤ ᠳᠤᠷᠰᠢ ᠡᠧᠦ᠋ᠷᠦᠫᠠ ᠶᠢᠨ ᠤᠯᠤᠰ ᠤᠳ ᠤᠨ ᠬᠠᠷᠢᠯᠴᠠᠭᠠᠨ ᠤ ᠡᠮᠦᠨᠡᠬᠦᠷ ᠪᠠᠶᠢᠷᠢᠨ ᠳᠤ ᠪᠠᠶᠢᠵᠤ ᠪᠠᠶᠢᠭ᠎ᠠ᠂ ᠡᠨᠡ ᠨᠢ ᠳᠠᠯ᠎ᠠ ᠨᠤᠭᠤᠳ ᠤᠨ ᠬᠠᠷᠢᠯᠴᠠᠨ ᠬᠦᠨᠳᠦᠳᠬᠡᠭᠰᠡᠨ᠂ ᠡᠷᠬᠡ ᠳᠡᠭᠰᠢ ᠬᠠᠷᠢᠯᠴᠠᠭᠰᠠᠨ᠂ ᠬᠠᠮᠳᠤᠷᠠᠨ ᠠᠵᠢᠯᠯᠠᠵᠤ ᠬᠠᠮᠳᠤ ᠶᠢᠨ ᠢᠯᠠᠯᠳᠠ ᠳᠤ ᠬᠦᠷᠦᠭᠰᠡᠨ ᠲᠠᠢ ᠰᠠᠯᠵᠤ ᠪᠤᠯᠤᠰᠢ ᠦᠬᠡᠢ ᠬᠤᠯᠪᠤᠭ᠎ᠠ ᠲᠠᠢ ᠬᠡᠰᠡᠨ ᠪᠤᠯ ᠮᠠᠺᠷᠤᠨ ᠡᠴᠡ ᠹᠷᠠᠨᠼᠢ ᠶᠢᠨ ᠳᠠᠯ᠎ᠠ ᠳᠤᠷᠠᠳᠠᠶ᠎ᠠ ᠳᠤᠮᠳᠠᠳᠤ ᠶᠢᠨ ᠳᠠᠯ᠎ᠠ ᠲᠠᠢ ᠤᠷᠳᠤ ᠬᠤᠭᠤᠴᠠᠭᠠᠨ ᠤ ᠬᠠᠮᠳᠤ ᠶᠢᠨ ᠠᠵᠢᠯᠯᠠᠭᠠᠨ ᠤ ᠰᠠᠭᠤᠷᠢᠨ ᠳᠤ ᠬᠤᠶᠠᠷ ᠳᠠᠯ᠎ᠠ ᠶᠢᠨ ᠬᠤᠳᠠᠯᠳᠤᠭ᠎ᠠ ᠡᠳ᠋ ᠤᠨ ᠵᠠᠰᠠᠭ ᠤᠨ ᠬᠠᠮᠳᠤ ᠶᠢᠨ ᠠᠵᠢᠯᠯᠠᠭ᠎ᠠ ᠶᠢ ᠤᠯᠠᠮ ᠨᠢᠬᠡ ᠠᠯᠬᠤᠮ ᠳᠦᠯᠦᠪᠵᠢᠬᠦᠯᠵᠤ᠂ ᠦᠪᠡᠷ ᠦᠪᠡᠷᠰᠡᠳ ᠤᠨ ᠢᠶᠡᠨ ᠳᠠᠪᠠᠭᠤᠯᠢᠭ ᠢ ᠪᠠᠳᠠᠷᠠᠭᠤᠯᠤᠨ ᠰᠢᠨᠵᠢᠯᠡᠬᠦ ᠤᠬᠠᠭᠠᠨ ᠰᠤᠳᠤᠯᠭ᠎ᠠ᠂ ᠤᠶᠤᠯᠢᠭ ᠴᠢᠳᠠᠪᠬᠢ᠂ ᠠᠭᠠᠷ ᠠᠶᠠᠯᠠᠯ᠂ ᠴᠦᠮ᠎ᠡ ᠶᠢᠨ ᠡᠨᠧᠷᠬᠢ᠂ ᠳᠠᠷᠢᠶᠠᠯᠠᠩ ᠦᠢᠯᠡᠰ ᠵᠡᠷᠬᠡ ᠬᠦᠷᠢᠶ᠎ᠠ ᠴᠠᠷᠠᠭᠠᠨ ᠳᠡᠬᠢ ᠬᠠᠮᠳᠤ ᠶᠢᠨ ᠠᠵᠢᠯᠯᠠᠭ᠎ᠠ ᠪᠡᠨ ᠳᠡᠯᠡᠨ᠎ᠡ ᠬᠡᠵᠡᠢ᠃

ᠢᠷᠡᠯᠳᠡ᠄ ᠰᠢᠨᠬᠤᠧᠠ ᠬᠤᠷᠢᠶ᠎ᠠ ᠪᠡᠯᠡᠳᠭᠡᠭ᠍ᠰᠡᠨ ᠨᠢ᠄ ᠪᠣᠯᠣᠷᠴᠡᠴᠡᠭ᠌

ᠨᠡᠶᠢᠬᠡᠮ ᠠᠬᠤᠢ

ᠰᠣᠶᠤᠯ ᠤᠷᠠᠯᠢᠭ

  • ᠤᠯᠤᠰ ᠤᠨ ᠬᠡᠪᠯᠡᠯ ᠮᠡᠳᠡᠭᠡᠯᠡᠯ ᠷᠠᠳᠢᠣ᠋ ᠲᠧᠯᠸᠶ᠋ᠰ ᠤᠨ ᠶᠡᠷᠦᠩᠬᠡᠢ ᠲᠤᠪᠴᠢᠶ᠎ᠠ᠄ ᠵᠤᠭᠰᠤᠭᠠᠭᠰᠠᠨ ᠨᠡᠪᠲᠡᠷᠡᠭᠦᠯᠬᠡ ᠶᠢ ᠨᠧᠲ ᠲᠤ ᠰᠢᠯᠵᠢᠬᠦᠯᠦᠨ ᠨᠡᠪᠲᠡᠷᠡᠬᠦᠯᠵᠦ ᠪᠤᠯᠬᠤ ᠦᠬᠡᠢ
  • ᠨᠠᠷᠢᠯᠢᠬ ᠭᠤᠶᠤᠮᠰᠤᠭ ᠮᠦᠰᠦᠨ ᠱᠤᠭᠤᠮᠠᠯ 
  • ᠶᠤᠸᠠᠨ ᠤ ᠲᠡᠭᠡᠲᠤ ᠨᠡᠶᠢᠰᠯᠡᠯ ᠳᠤ ᠪᠤᠯᠤᠭᠰᠠᠨ ᠴᠠᠭᠠᠨ ᠢᠳᠡᠭᠡᠨ ᠤ ᠰᠤᠶᠤᠯ ᠤᠨ ᠨᠠᠶᠢᠷ
  • 26 ᠳ᠋ᠤᠭᠠᠷ ᠬᠤᠭᠤᠴᠠᠭᠠᠨ ᠤ ᠠᠯᠳᠠᠨ ᠳᠠᠬᠢᠶ᠎ᠠ ᠴᠡᠴᠡᠬᠡᠰ ᠺᠢᠨᠣ᠋ ᠶᠢᠨ ᠨᠠᠶᠢᠷ ᠬᠦᠬᠡᠬᠤᠳᠠ ᠳᠤ ᠨᠡᠬᠡᠬᠡᠯᠳᠡ ᠪᠡᠨ ᠬᠢᠪᠡ
010070230030000000000000011120701122237570