ᠰᠢ ᠵᠢᠨ ᠫᠢᠩ ᠤᠷᠢᠯᠭ᠎ᠠ ᠪᠡᠷ ᠺᠤᠷᠢᠶᠠ ᠶᠢᠨ ᠶᠡᠷᠦᠩᠬᠡᠶᠢᠯᠡᠭᠴᠢ ᠮᠦᠨ ᠽᠠᠢ ᠶᠢᠨ ᠲᠠᠢ ᠤᠳᠠᠰᠤ ᠪᠡᠷ ᠬᠤᠯᠪᠤᠭᠳᠠᠪᠠ 2018-01-12 10:27

    ᠰᠢᠨᠬᠤᠧᠠ ᠬᠤᠷᠢᠶ᠎ᠠ   ᠪᠡᠭᠡᠵᠢᠩ ᠤᠨ 1 ᠰᠠᠷ᠎ᠠ ᠶᠢᠨ 11 ᠤ ᠡᠳᠦᠷ ᠤᠨ ᠴᠠᠬᠢᠯᠭᠠᠨ ᠮᠡᠳᠡᠭᠡ   ᠤᠯᠤᠰ ᠤᠨ ᠳᠡᠷᠢᠬᠦᠯᠡᠭᠴᠢ ᠰᠢ ᠵᠢᠨ ᠫᠢᠩ 11 ᠤ ᠡᠳᠦᠷ ᠤᠷᠢᠯᠭ᠎ᠠ ᠪᠡᠷ ᠺᠤᠷᠢᠶᠠ ᠶᠢᠨ ᠶᠡᠷᠦᠩᠬᠡᠶᠢᠯᠡᠭᠴᠢ ᠮᠦᠨ ᠽᠠᠢ ᠶᠢᠨ ᠲᠠᠢ ᠤᠳᠠᠰᠤ ᠪᠡᠷ ᠬᠤᠯᠪᠤᠭᠳᠠᠪᠠ᠃

    ᠰᠢ ᠵᠢᠨ ᠫᠢᠩ᠂ ᠶᠡᠷᠦᠩᠬᠡᠶᠢᠯᠡᠭᠴᠢ ᠠᠪᠤᠭᠠᠢ ᠰᠠᠶ᠊ᠢᠬᠠᠨ ᠳᠤᠮᠳᠠᠳᠤ ᠤᠯᠤᠰ ᠲᠤ ᠠᠮᠵᠢᠯᠳᠠ ᠲᠠᠢ ᠳᠦᠷᠦ ᠶᠢᠨ ᠠᠶᠢᠯᠴᠢᠯᠠᠯ ᠬᠢᠵᠤ ᠬᠤᠶᠠᠷ ᠳᠠᠯ᠎ᠠ ᠪᠡᠷ ᠢᠶᠡᠨ ᠳᠤᠮᠳᠠᠳᠤ ᠺᠤᠷᠢᠶᠠ ᠶᠢᠨ ᠰᠲ᠋ᠷᠠᠲ᠋ᠢᠺᠢ ᠶᠢᠨ ᠬᠠᠮᠳᠤ ᠶᠢᠨ ᠠᠵᠢᠯᠯᠠᠭᠠᠨ ᠤ ᠳᠦᠩᠰᠢᠯᠡᠯ ᠤᠨ ᠬᠠᠷᠢᠯᠴᠠᠭ᠎ᠠ ᠶᠢ ᠬᠦᠭᠵᠢᠬᠦᠯᠬᠦ᠂ ᠴᠢᠬᠤᠯᠠ ᠪᠦᠰᠡ ᠨᠤᠳᠤᠭ ᠤᠨ ᠪᠤᠯᠤᠨ ᠤᠯᠠᠨ ᠤᠯᠤᠰ ᠤᠨ ᠬᠡᠷᠡᠭ ᠶᠠᠪᠤᠳᠠᠯ ᠤᠨ ᠳᠠᠯ᠎ᠠ ᠪᠡᠷ ᠬᠢ ᠤᠶᠢᠯᠠᠭᠠᠯᠴᠠᠭ᠎ᠠ ᠪᠡᠨ ᠨᠡᠮᠡᠭᠳᠡᠬᠦᠯᠬᠦ ᠳᠠᠯ᠎ᠠ ᠪᠡᠷ ᠬᠠᠮᠳᠤ ᠶᠢᠨ ᠳᠠᠨᠢᠯᠳᠠ ᠳᠤ ᠬᠦᠷᠦᠭᠰᠡᠨ᠃ ᠳᠤᠮᠳᠠᠳᠤ ᠶᠢᠨ ᠳᠠᠯ᠎ᠠ ᠳᠤᠮᠳᠠᠳᠤ ᠺᠤᠷᠢᠶᠠ ᠶᠢᠨ ᠬᠠᠷᠢᠯᠴᠠᠭᠠᠨ ᠤ ᠬᠦᠭᠵᠢᠯᠳᠡ ᠰᠠᠶᠢᠵᠢᠷᠠᠵᠤ ᠪᠠᠶᠢᠭ᠎ᠠ ᠳᠤ ᠬᠠᠨᠤᠮᠵᠢᠳᠠᠢ ᠪᠠᠶᠢᠨ᠎ᠠ᠃ ᠰᠢᠨ᠎ᠡ ᠨᠢᠬᠡᠨ ᠵᠢᠯ ᠳᠤ ᠳᠤᠷᠠᠳᠠᠶ᠎ᠠ ᠺᠤᠷᠢᠶᠠ ᠶᠢᠨ ᠳᠠᠯ᠎ᠠ ᠲᠠᠢ ᠬᠠᠮᠳᠤᠪᠠᠷ ᠴᠢᠷᠮᠠᠶᠢᠵᠤ ᠰᠲ᠋ᠷᠠᠲ᠋ᠢᠺᠢ ᠶᠢᠨ ᠤᠶᠢᠯᠠᠭᠠᠯᠴᠠᠭ᠎ᠠ ᠪᠡᠨ ᠨᠡᠮᠡᠭᠳᠡᠬᠦᠯᠦᠨ᠂ ᠪᠤᠳᠠᠳᠠᠢ ᠬᠠᠮᠳᠤ ᠶᠢᠨ ᠠᠵᠢᠯᠯᠠᠭ᠎ᠠ ᠶᠢ ᠴᠢᠩᠭᠠᠳᠬᠠᠵᠤ᠂ ᠡᠮᠵᠡᠭ᠌ ᠠᠰᠠᠭᠤᠳᠠᠯ ᠢ ᠵᠤᠬᠢᠰᠳᠠᠢ ᠰᠢᠶ᠋ᠳᠪᠦᠷᠢᠯᠡᠨ ᠬᠤᠶᠠᠷ ᠤᠷᠤᠨ ᠤ ᠬᠠᠷᠢᠯᠴᠠᠭᠠᠨ ᠤ ᠨᠡᠩ ᠶᠡᠬᠡ ᠤᠷᠤᠨ ᠵᠠᠢ ᠶᠢ ᠳᠡᠯᠡᠵᠤ᠂ ᠪᠦᠰᠡ ᠨᠤᠳᠤᠭ ᠤᠨ ᠡᠩᠬᠡ ᠳᠠᠶᠢᠪᠤᠩ ᠳᠤᠭᠳᠠᠭᠤᠨ ᠢ ᠴᠢᠷᠮᠠᠶᠢᠨ ᠠᠬᠢᠭᠤᠯᠤᠨ᠎ᠠ᠃ ᠺᠤᠷᠢᠶᠠ ᠶᠢᠨ ᠳᠠᠯ᠎ᠠ ᠡᠪᠦᠯ ᠤᠨ ᠤᠯᠢᠮᠫᠢᠺ ᠢ ᠰᠠᠶᠢᠨ ᠡᠷᠬᠢᠯᠡᠬᠦ ᠶᠢ ᠳᠤᠮᠳᠠᠳᠤ ᠶᠢᠨ ᠳᠠᠯ᠎ᠠ ᠳᠡᠮᠵᠢᠵᠤ᠂ ᠰᠢᠯᠢᠳᠡᠭ ᠠᠮᠵᠢᠯᠳᠠ ᠤᠯᠬᠤ ᠶᠢ ᠬᠦᠰᠡᠨ ᠵᠦᠩᠨᠡᠵᠤ ᠪᠤᠢ ᠬᠡᠵᠡᠢ᠃

    ᠮᠦᠨ ᠽᠠᠢ ᠶᠢᠨ᠂ ᠠᠶᠢᠯᠴᠢᠯᠠᠯ ᠤᠨ ᠦᠶ᠎ᠡ ᠪᠡᠷ ᠬᠦᠨᠳᠦᠳᠬᠡᠯ ᠲᠠᠢ ᠬᠦᠯᠢᠶᠡᠨ ᠠᠪᠤᠯᠳᠠ ᠬᠦᠷᠳᠡᠭᠰᠡᠨ ᠳ᠋ᠡᠬᠡᠨ ᠳᠠᠬᠢᠨᠳᠠ ᠳᠠᠯᠠᠷᠬᠠᠯ ᠢᠯᠡᠷᠬᠡᠶᠢᠯᠡᠪᠡ᠃ ᠳᠡᠷᠡᠪᠡᠷ ᠺᠤᠷᠢᠶᠠ ᠳᠤᠮᠳᠠᠳᠤ  ᠶᠢᠨ ᠰᠲ᠋ᠷᠠᠲ᠋ᠢᠺᠢ ᠶᠢᠨ ᠬᠠᠮᠳᠤ ᠶᠢᠨ ᠠᠵᠢᠯᠯᠠᠭᠠᠨ ᠤ ᠳᠦᠩᠰᠢᠯᠡᠯ ᠤᠨ ᠬᠠᠷᠢᠯᠴᠠᠭ᠎ᠠ ᠬᠦᠭᠵᠢᠯᠳᠡ ᠶᠢᠨ ᠬᠠᠨᠳᠤᠰᠢ ᠪᠡᠨ ᠪᠠᠳᠤᠯᠠᠵᠤ ᠰᠢᠨ᠎ᠡ ᠵᠢᠯ ᠳᠤ ᠨᠡᠩ ᠶᠡᠬᠡ ᠠᠮᠵᠢᠯᠳᠠ ᠪᠦᠳᠦᠮᠵᠢ ᠭᠠᠷᠭᠠᠬᠤ ᠪᠤᠯᠤᠨ᠎ᠠ᠂ ᠳᠤᠮᠳᠠᠳᠤ ᠶᠢᠨ ᠳᠠᠯ᠎ᠠ ᠺᠤᠷᠢᠶᠠ ᠶᠢᠨ ᠡᠪᠦᠯ ᠤᠨ ᠤᠯᠢᠮᠫᠢᠺ ᠢ ᠳᠡᠮᠵᠢᠵᠤ ᠪᠠᠶᠢᠭ᠎ᠠ ᠳᠤ ᠪᠠᠶᠠᠷᠯᠠᠯ᠎ᠠ ᠬᠡᠵᠡᠢ᠃ ᠮᠦᠨ ᠽᠠᠢ ᠶᠢᠨ ᠪᠠᠰᠠ ᠤᠶᠢᠷ᠎ᠠ ᠶᠢᠨ ᠡᠳᠦᠷ ᠰᠤᠯᠤᠩᠭᠤᠰ ᠲᠠᠢ ᠬᠢᠭᠰᠡᠨ ᠬᠡᠯᠡᠯᠴᠡᠬᠡᠷ ᠤᠨ ᠳᠤᠬᠠᠢ ᠮᠡᠳᠡᠬᠡᠯᠡᠯ ᠦᠭᠴᠤ᠂ ᠰᠤᠯᠤᠩᠭᠤᠰ ᠬᠤᠶᠢᠭ ᠤᠨ ᠴᠦᠮ᠎ᠡ ᠶᠢᠨ ᠠᠰᠠᠭᠤᠳᠠᠯ ᠳᠡᠬᠡᠷ᠎ᠡ ᠳᠤᠮᠳᠠᠳᠤ ᠶᠢᠨ ᠳᠠᠯ᠎ᠠ ᠴᠢᠬᠤᠯᠠ ᠡᠬᠦᠷᠬᠡ ᠬᠦᠢᠴᠡᠳᠬᠡᠵᠤ ᠪᠠᠶᠢᠭ᠎ᠠ ᠶᠢ ᠺᠤᠷᠢᠶᠠ ᠶᠢᠨ ᠳᠠᠯ᠎ᠠ ᠳᠡᠬᠡᠳᠦ ᠬᠡᠮᠵᠢᠶ᠎ᠡ ᠪᠡᠷ ᠴᠢᠬᠤᠯᠠᠴᠢᠯᠠᠨ ᠦᠵᠡᠵᠤ ᠪᠤᠢ᠃ ᠳᠤᠮᠳᠠᠳᠤ ᠶᠢᠨ ᠳᠠᠯ᠎ᠠ ᠡᠮᠦᠨᠡᠳᠦ ᠤᠮᠠᠷᠠᠳᠤ ᠶᠢᠨ ᠬᠡᠯᠡᠯᠴᠡᠬᠡᠷ ᠢ ᠳᠡᠮᠵᠢᠭᠰᠡᠨ ᠳᠤ ᠪᠠᠶᠠᠷᠯᠠᠨ ᠳᠠᠯᠠᠷᠬᠠᠵᠤ ᠪᠠᠶᠢᠨ᠎ᠠ᠂ ᠬᠡᠯᠡᠯᠴᠡᠬᠡᠷ ᠢᠶᠡᠷ ᠳᠠᠮᠵᠢᠨ ᠠᠰᠠᠭᠤᠳᠠᠯ ᠢ ᠰᠢᠶ᠋ᠳᠪᠦᠷᠢᠯᠡᠬᠦ᠂ ᠰᠤᠯᠤᠩᠭᠤᠰ ᠬᠤᠶᠢᠭ ᠤᠨ ᠡᠩᠬᠡ ᠳᠠᠶᠢᠪᠤᠩ ᠳᠤᠭᠳᠠᠭᠤᠨ ᠤ ᠦᠢᠯᠡᠰ ᠲᠤ ᠵᠢᠳᠬᠦᠯ ᠭᠠᠷᠭᠠᠭᠰᠠᠨ ᠳᠤ ᠪᠠᠶᠠᠷᠯᠠᠨ ᠳᠠᠯᠠᠷᠬᠠᠵᠤ ᠪᠠᠶᠢᠨ᠎ᠠ᠃ ᠺᠤᠷᠢᠶᠠ ᠶᠢᠨ ᠳᠠᠯ᠎ᠠ ᠳᠤᠷᠠᠲᠠᠶ᠎ᠠ ᠳᠤᠮᠳᠠᠳᠤ ᠶᠢᠨ ᠳᠠᠯ᠎ᠠ ᠲᠠᠢ ᠬᠠᠮᠳᠤᠪᠠᠷ ᠴᠢᠷᠮᠠᠶᠢᠵᠤ ᠪᠦᠰᠡ ᠨᠤᠳᠤᠭ ᠤᠨ ᠡᠩᠬᠡ ᠳᠠᠶᠢᠪᠤᠩ ᠳᠤᠭᠳᠠᠭᠤᠨ ᠢ ᠬᠠᠮᠠᠭᠠᠯᠠᠨ᠎ᠠ ᠬᠡᠵᠡᠢ᠃

ᠢᠷᠡᠯᠳᠡ᠄ ᠰᠢᠨᠬᠤᠧᠠ ᠬᠤᠷᠢᠶ᠎ᠠ ᠪᠡᠯᠡᠳᠭᠡᠭ᠍ᠰᠡᠨ ᠨᠢ᠄ ᠪᠣᠯᠣᠷᠴᠡᠴᠡᠭ᠌

ᠨᠡᠶᠢᠬᠡᠮ ᠠᠬᠤᠢ

ᠰᠣᠶᠤᠯ ᠤᠷᠠᠯᠢᠭ

  • ᠤᠯᠤᠰ ᠤᠨ ᠬᠡᠪᠯᠡᠯ ᠮᠡᠳᠡᠭᠡᠯᠡᠯ ᠷᠠᠳᠢᠣ᠋ ᠲᠧᠯᠸᠶ᠋ᠰ ᠤᠨ ᠶᠡᠷᠦᠩᠬᠡᠢ ᠲᠤᠪᠴᠢᠶ᠎ᠠ᠄ ᠵᠤᠭᠰᠤᠭᠠᠭᠰᠠᠨ ᠨᠡᠪᠲᠡᠷᠡᠭᠦᠯᠬᠡ ᠶᠢ ᠨᠧᠲ ᠲᠤ ᠰᠢᠯᠵᠢᠬᠦᠯᠦᠨ ᠨᠡᠪᠲᠡᠷᠡᠬᠦᠯᠵᠦ ᠪᠤᠯᠬᠤ ᠦᠬᠡᠢ
  • ᠨᠠᠷᠢᠯᠢᠬ ᠭᠤᠶᠤᠮᠰᠤᠭ ᠮᠦᠰᠦᠨ ᠱᠤᠭᠤᠮᠠᠯ 
  • ᠶᠤᠸᠠᠨ ᠤ ᠲᠡᠭᠡᠲᠤ ᠨᠡᠶᠢᠰᠯᠡᠯ ᠳᠤ ᠪᠤᠯᠤᠭᠰᠠᠨ ᠴᠠᠭᠠᠨ ᠢᠳᠡᠭᠡᠨ ᠤ ᠰᠤᠶᠤᠯ ᠤᠨ ᠨᠠᠶᠢᠷ
  • 26 ᠳ᠋ᠤᠭᠠᠷ ᠬᠤᠭᠤᠴᠠᠭᠠᠨ ᠤ ᠠᠯᠳᠠᠨ ᠳᠠᠬᠢᠶ᠎ᠠ ᠴᠡᠴᠡᠬᠡᠰ ᠺᠢᠨᠣ᠋ ᠶᠢᠨ ᠨᠠᠶᠢᠷ ᠬᠦᠬᠡᠬᠤᠳᠠ ᠳᠤ ᠨᠡᠬᠡᠬᠡᠯᠳᠡ ᠪᠡᠨ ᠬᠢᠪᠡ
010070230030000000000000011120701122249183