蒙古文网站Logo
ᠰᠢᠨᠬᠤᠸᠠ ᠮᠤᠩᠭ᠋ᠤᠯ ᠨᠧᠲ

ᠨᠠᠮ ᠤᠨ ᠳᠦᠪ ᠬᠤᠷᠢᠶᠠᠨ ᠤ ᠠᠷᠪᠠ ᠶᠢᠰᠦᠳᠦᠬᠡᠷ ᠬᠤᠭᠤᠴᠠᠭᠠᠨ ᠤ ᠬᠤᠶᠠᠳᠤᠭᠠᠷ ᠪᠦᠬᠦᠳᠡ ᠬᠤᠷᠠᠯ 1 ᠰᠠᠷ᠎ᠠ ᠶᠢᠨ 18 ᠡᠴᠡ 19 ᠤ ᠡᠳᠦᠷ ᠪᠤᠯᠳᠠᠯ᠎ᠠ ᠪᠡᠬᠡᠵᠢᠩ ᠳᠤ ᠬᠤᠷᠠᠯᠳᠤᠨ᠎ᠠ

2018-01-12 15:21

    ᠰᠢᠨᠬᠤᠧᠠ ᠬᠤᠷᠢᠶ᠎ᠠ   ᠪᠡᠬᠡᠵᠢᠩ ᠤᠨ 1 ᠰᠠᠷ᠎ᠠ ᠶᠢᠨ 12 ᠤᠨ ᠡᠳᠦᠷ ᠤᠨ ᠴᠠᠬᠢᠯᠭᠠᠨ ᠮᠡᠳᠡᠬᠡ   ᠨᠠᠮ ᠤᠨ ᠳᠦᠪ ᠬᠤᠷᠢᠶᠠᠨ ᠤ ᠤᠯᠤᠰ ᠳᠦᠷᠦ ᠶᠢᠨ ᠳᠤᠪᠴᠢᠶ᠎ᠠ 1 ᠰᠠᠷ᠎ᠠ ᠶᠢᠨ 12 ᠤᠨ ᠡᠳᠦᠷ ᠬᠤᠷᠠᠯ ᠬᠤᠷᠠᠯᠳᠤᠭᠤᠯᠵᠤ᠂ ᠦᠨᠳᠦᠰᠦᠨ ᠬᠠᠤᠯᠢ ᠶᠢᠨ ᠵᠠᠷᠢᠮ ᠠᠭᠤᠯᠭ᠎ᠠ ᠳᠤ ᠵᠠᠰᠠᠪᠤᠷᠢ ᠤᠷᠤᠭᠤᠯᠬᠤ ᠳᠤᠬᠠᠢ ᠰᠠᠨᠠᠯ ᠢ ᠰᠤᠳᠤᠯᠤᠨ ᠶᠠᠷᠢᠯᠴᠠᠪᠠ᠃ ᠨᠠᠮ ᠤᠨ ᠳᠦᠪ ᠬᠤᠷᠢᠶᠠᠨ ᠤ ᠶᠡᠷᠦᠩᠬᠡᠢ ᠱᠦᠵᠢ ᠰᠢ ᠵᠢᠨ ᠫᠢᠩ ᠬᠤᠷᠠᠯ ᠡᠷᠬᠢᠯᠡᠵᠡᠢ᠃

    ᠬᠤᠷᠠᠯ ᠢᠶᠡᠷ᠂ ᠳᠤᠮᠳᠠᠳᠤ ᠤᠯᠤᠰ ᠤᠨ ᠡᠪ ᠬᠠᠮᠳᠤ ᠨᠠᠮ ᠤᠨ ᠠᠷᠪᠠ ᠶᠢᠰᠦᠳᠦᠬᠡᠷ ᠬᠤᠭᠤᠴᠠᠭᠠᠨ ᠤ ᠳᠦᠪ ᠬᠤᠷᠢᠶ᠎ᠠ ᠶᠢᠨ ᠬᠤᠶᠠᠳᠤᠭᠠᠷ ᠤᠳᠠᠭᠠᠨ ᠤ ᠪᠦᠬᠦᠳᠡ ᠬᠤᠷᠠᠯ ᠢ 1 ᠰᠠᠷ᠎ᠠ ᠶᠢᠨ 18 ᠡᠴᠡ 19 ᠤ ᠡᠳᠦᠷ ᠪᠤᠯᠳᠠᠯ᠎ᠠ ᠪᠡᠬᠡᠵᠢᠩ ᠳᠤ ᠬᠤᠷᠠᠯᠳᠤᠭᠤᠯᠬᠤ ᠪᠡᠷ ᠳᠤᠭᠳᠠᠪᠠ᠃

    ᠨᠠᠮ ᠤᠨ ᠳᠦᠪ ᠬᠤᠷᠢᠶᠠᠨ ᠤ ᠤᠯᠤᠰ ᠳᠦᠷᠦ ᠶᠢᠨ ᠳᠤᠪᠴᠢᠶ᠎ᠠ᠂《ᠦᠨᠳᠦᠰᠦᠨ ᠬᠠᠤᠯᠢ ᠶᠢᠨ ᠵᠠᠷᠢᠮ ᠠᠭᠤᠯᠭ᠎ᠠ ᠳᠤ ᠵᠠᠰᠠᠪᠤᠷᠢ ᠤᠷᠤᠭᠤᠯᠬᠤ ᠳᠤᠬᠠᠢ ᠨᠠᠮ ᠤᠨ ᠳᠦᠪ ᠬᠤᠷᠢᠶᠠᠨ ᠤ ᠰᠠᠨᠠᠯ》 ᠤᠨ ᠳᠤᠬᠠᠢ ᠨᠠᠮ ᠤᠨ ᠳᠤᠳᠤᠨ᠎ᠠ ᠭᠠᠳᠠᠨᠠᠬᠢ ᠵᠤᠬᠢᠬᠤ ᠬᠦᠷᠢᠶ᠎ᠡ ᠬᠡᠪᠴᠢᠶᠡᠨ ᠳᠤ ᠰᠠᠨᠠᠯ ᠬᠤᠷᠢᠶᠠᠭᠰᠠᠨ ᠳᠤᠬᠠᠢ ᠮᠡᠳᠡᠬᠦᠯᠦᠯᠳᠡ ᠶᠢ ᠰᠤᠨᠤᠰᠴᠤ᠂ ᠡᠨᠡ ᠤᠳᠠᠭᠠᠨ ᠤ ᠬᠤᠷᠠᠯ ᠢᠶᠡᠷ ᠶᠠᠷᠢᠯᠴᠠᠭᠰᠠᠨ ᠰᠠᠨᠠᠯ ᠤᠨ ᠳᠠᠭᠠᠤ ᠵᠠᠰᠠᠪᠤᠷᠢ ᠤᠷᠤᠭᠤᠯᠤᠭᠰᠠᠨ ᠤ ᠳᠠᠷᠠᠭ᠎ᠠ ᠡᠬᠡ ᠨᠤᠤᠷᠠᠭ ᠢ ᠨᠠᠮ ᠤᠨ ᠳᠦᠪ ᠬᠤᠷᠢᠶᠠᠨ ᠤ ᠠᠷᠪᠠ ᠶᠢᠰᠦᠳᠦᠬᠡᠷ ᠬᠤᠭᠤᠴᠠᠭᠠᠨ ᠤ ᠬᠤᠶᠠᠳᠤᠭᠠᠷ ᠪᠦᠬᠦᠳᠡ ᠬᠤᠷᠠᠯ ᠳᠤ ᠳᠡᠪᠰᠢᠬᠦᠯᠵᠤ ᠬᠢᠨᠠᠨ ᠪᠠᠳᠤᠯᠠᠭᠤᠯᠬᠤ ᠪᠡᠷ ᠪᠤᠯᠪᠠ᠃

ᠢᠷᠡᠯᠳᠡ᠄ ᠰᠢᠨᠬᠤᠧᠠ ᠬᠤᠷᠢᠶ᠎ᠠ ᠪᠡᠯᠡᠳᠭᠡᠭ᠍ᠰᠡᠨ ᠨᠢ᠄ ᠪᠣᠯᠣᠷᠴᠡᠴᠡᠭ᠌

ᠨᠡᠶᠢᠬᠡᠮ ᠠᠬᠤᠢ

ᠰᠣᠶᠤᠯ ᠤᠷᠠᠯᠢᠭ

  • ᠤᠯᠤᠰ ᠤᠨ ᠬᠡᠪᠯᠡᠯ ᠮᠡᠳᠡᠭᠡᠯᠡᠯ ᠷᠠᠳᠢᠣ᠋ ᠲᠧᠯᠸᠶ᠋ᠰ ᠤᠨ ᠶᠡᠷᠦᠩᠬᠡᠢ ᠲᠤᠪᠴᠢᠶ᠎ᠠ᠄ ᠵᠤᠭᠰᠤᠭᠠᠭᠰᠠᠨ ᠨᠡᠪᠲᠡᠷᠡᠭᠦᠯᠬᠡ ᠶᠢ ᠨᠧᠲ ᠲᠤ ᠰᠢᠯᠵᠢᠬᠦᠯᠦᠨ ᠨᠡᠪᠲᠡᠷᠡᠬᠦᠯᠵᠦ ᠪᠤᠯᠬᠤ ᠦᠬᠡᠢ
  • ᠨᠠᠷᠢᠯᠢᠬ ᠭᠤᠶᠤᠮᠰᠤᠭ ᠮᠦᠰᠦᠨ ᠱᠤᠭᠤᠮᠠᠯ 
  • ᠶᠤᠸᠠᠨ ᠤ ᠲᠡᠭᠡᠲᠤ ᠨᠡᠶᠢᠰᠯᠡᠯ ᠳᠤ ᠪᠤᠯᠤᠭᠰᠠᠨ ᠴᠠᠭᠠᠨ ᠢᠳᠡᠭᠡᠨ ᠤ ᠰᠤᠶᠤᠯ ᠤᠨ ᠨᠠᠶᠢᠷ
  • 26 ᠳ᠋ᠤᠭᠠᠷ ᠬᠤᠭᠤᠴᠠᠭᠠᠨ ᠤ ᠠᠯᠳᠠᠨ ᠳᠠᠬᠢᠶ᠎ᠠ ᠴᠡᠴᠡᠬᠡᠰ ᠺᠢᠨᠣ᠋ ᠶᠢᠨ ᠨᠠᠶᠢᠷ ᠬᠦᠬᠡᠬᠤᠳᠠ ᠳᠤ ᠨᠡᠬᠡᠬᠡᠯᠳᠡ ᠪᠡᠨ ᠬᠢᠪᠡ
关闭
010070230030000000000000011120701122250561