蒙古文网站Logo
ᠰᠢᠨᠬᠤᠸᠠ ᠮᠤᠩᠭ᠋ᠤᠯ ᠨᠧᠲ

ᠯᠢ ᠺᠧ ᠴᠢᠶᠠᠩ᠄ ᠯᠠᠨᠼᠠᠩ ᠮᠦᠷᠡᠨ - ᠮᠧᠺᠦᠩ ᠮᠦᠷᠡᠨ ᠤ ᠰᠠᠪᠠ ᠭᠠᠵᠠᠷ ᠤᠨ ᠡᠳ᠋ ᠤᠨ ᠵᠠᠰᠠᠭ ᠤᠨ ᠬᠦᠭᠵᠢᠯᠳᠡ ᠶᠢᠨ ᠪᠦᠰᠡ ᠶᠢ ᠡᠬᠦᠳᠴᠦ ᠯᠠᠨᠼᠠᠩ ᠮᠦᠷᠡᠨ - ᠮᠧᠺᠦᠩ ᠮᠦᠷᠡᠨ ᠤ ᠤᠯᠤᠰ ᠤᠳ ᠤᠨ ᠬᠤᠪᠢ ᠵᠠᠶᠠᠭᠠᠨ ᠤ ᠬᠠᠮᠳᠤ ᠶᠢᠨ ᠴᠤᠭᠴᠠ ᠶᠢ ᠪᠠᠶᠢᠭᠤᠯᠬᠤ ᠬᠡᠷᠡᠭᠳᠡᠢ

2018-01-12 15:21

    ᠰᠢᠨᠬᠤᠧᠠ ᠬᠤᠷᠢᠶ᠎ᠠ   ᠫᠨᠤᠮ ᠫᠧᠩ ᠤᠨ 1 ᠰᠠᠷ᠎ᠠ ᠶᠢᠨ 11 ᠤ ᠡᠳᠦᠷ ᠤᠨ ᠴᠠᠬᠢᠯᠭᠠᠨ ᠮᠡᠳᠡᠬᠡ (ᠰᠤᠷᠪᠤᠯᠵᠢᠯᠠᠭᠴᠢ ᠲᠠᠨ ᠵᠢᠩ ᠵᠢᠩ᠂ ᠴᠧᠨ ᠱᠢ ᠯᠧᠢ᠎) ᠲᠦᠷᠦ ᠶᠢᠨ ᠶᠠᠪᠤᠳᠠᠯ ᠤᠨ ᠬᠤᠷᠢᠶᠠᠨ ᠤ ᠶᠡᠷᠤᠩᠬᠡᠢ ᠰᠠᠶᠢᠳ ᠯᠢ ᠺᠧ ᠴᠢᠶᠠᠩ ᠲᠤᠬᠠᠢ ᠶᠢᠨ ᠤᠷᠤᠨ ᠤ ᠴᠠᠭ ᠢᠶᠠᠷ 1 ᠰᠠᠷ᠎ᠠ ᠶᠢᠨ 10 ᠤ ᠦᠳᠡ ᠶᠢᠨ ᠬᠤᠶᠢᠨ᠎ᠡ ᠫᠨᠤᠮ ᠫᠧᠩ ᠤᠨ ᠡᡁᠧ ᠫᠢᠩ ᠲᠤᠮᠤ ᠠᠰᠠᠷ ᠲᠤ ᠯᠠᠨᠼᠠᠩ ᠮᠦᠷᠡᠨ - ᠮᠧᠺᠦᠩ ᠮᠦᠷᠡᠨ ᠤ ᠬᠠᠮᠳᠤ ᠶᠢᠨ ᠠᠵᠢᠯᠯᠠᠭᠠᠨ ᠤ ᠤᠳᠤᠷᠢᠳᠬᠤ ᠬᠦᠮᠥᠰ ᠤᠨ ᠬᠤᠶᠠᠳᠡᠬᠢ ᠬᠤᠷᠡᠯ ᠳᠤ ᠤᠷᠤᠯᠴᠠᠪᠠ᠃

    ᠯᠢ ᠺᠧ ᠴᠢᠶᠠᠩ ᠪᠤᠯᠤᠨ ᠺᠠᠮᠪᠤᠵᠠ ᠶᠢᠨ ᠲᠡᠷᠢᠬᠦᠨ ᠰᠠᠶᠢᠳ ᠬᠤᠩ ᠰᠧᠨ ᠬᠠᠮᠳᠤ ᠪᠠᠷ ᠬᠤᠷᠡᠯ ᠢ ᠡᠷᠬᠢᠯᠡᠵᠡᠢ᠃

    ᠯᠢ ᠺᠧ ᠴᠢᠶᠠᠩ᠂ ᠯᠠᠨᠼᠠᠩ ᠮᠦᠷᠡᠨ - ᠮᠧᠺᠦᠩ ᠮᠦᠷᠡᠨ ᠤ ᠬᠠᠮᠳᠤ ᠶᠢᠨ ᠠᠵᠢᠯᠯᠠᠭ᠎ᠠ ᠪᠤᠯ ᠲᠤᠰ ᠰᠠᠪᠠ ᠭᠠᠵᠠᠷ ᠤᠨ 6 ᠤᠯᠤᠰ ᠤᠨ ᠬᠠᠮᠳᠤ ᠪᠠᠷ ᠡᠬᠦᠰᠬᠡᠨ ᠪᠠᠶᠢᠭᠤᠯᠤᠭᠰᠠᠠ ᠠᠩᠬᠠᠳᠠᠭᠴᠢ ᠰᠢᠨ᠎ᠡ ᠬᠡᠯᠪᠡᠷᠢ ᠶᠢᠨ ᠳᠡᠳ᠋ ᠤᠷᠤᠨ ᠪᠦᠰᠡ ᠶᠢᠨ ᠬᠠᠮᠳᠤ ᠶᠢᠨ ᠠᠵᠢᠯᠯᠠᠭᠠᠨ ᠤ ᠲᠤᠭᠳᠠᠴᠠ ᠪᠤᠯᠤᠨ᠎ᠠ᠂ 《ᠨᠢᠬᠡ ᠪᠦᠰᠡ ᠨᠢᠬᠡ ᠵᠠᠮ》 ᠢ᠋ ᠬᠠᠮᠳᠤ ᠪᠠᠷ ᠵᠦᠪᠯᠡᠨ ᠬᠠᠮᠳᠤ ᠪᠠᠷ ᠪᠠᠶᠢᠭᠤᠯᠬᠤ ᠴᠢᠬᠤᠯᠠ ᠲᠠᠪᠴᠠᠩ ᠪᠤᠯᠤᠨ᠎ᠠ᠃ ᠬᠤᠶᠠᠷ ᠵᠢᠯ ᠤᠨ ᠲᠤᠷᠰᠢ᠂ ᠪᠢᠳᠡ ᠬᠦᠭᠵᠢᠯᠳᠡ ᠶᠢ ᠲᠡᠷᠢᠬᠦᠨ ᠳᠤ ᠲᠠᠯᠪᠢᠬᠤ᠂ ᠡᠷᠭᠡ ᠲᠡᠭᠰᠢ ᠪᠠᠷ ᠵᠦᠪᠳᠡᠯᠴᠡᠬᠦ᠂ ᠪᠤᠳᠠᠳᠠᠢ ᠦᠨᠳᠤᠷ ᠦᠷ᠎ᠡ ᠪᠦᠳᠦᠮᠵᠢᠳᠡᠢ ᠪᠠᠶᠢᠬᠤ᠂ ᠨᠡᠬᠡᠬᠡᠯᠳᠡᠳᠡᠢ ᠪᠠᠭᠳᠠᠭᠠᠮᠵᠢᠳᠠᠢ ᠪᠠᠶᠢᠬᠤ ᠬᠠᠮᠳᠤ ᠶᠢᠨ ᠠᠵᠢᠯᠯᠠᠭᠠᠨ ᠤ ᠤᠢᠢᠯᠠᠭᠠᠬᠳᠠᠬᠤᠨ ᠢ ᠪᠠᠷᠢᠮᠳᠠᠯᠠᠵᠥ᠂ ᠵᠢᠱᠢᠯᠳᠡ ᠠᠴᠠ ᠲᠠᠪᠠᠭᠰᠠᠠ ᠦᠷ᠎ᠡ ᠪᠦᠳᠦᠮᠵᠢ ᠤᠯᠵᠥ᠂ 《ᠤᠳᠤᠷᠢᠳᠬᠤ ᠬᠦᠮᠥᠰ ᠬᠦᠳᠦᠯᠥᠨ ᠲᠠᠭᠠᠭᠤᠯᠤᠭᠰᠠᠠ᠂ ᠪᠦᠬᠦ ᠲᠠᠯ᠎ᠠ ᠶᠢ ᠬᠠᠮᠤᠷᠤᠭᠰᠠᠨ᠂ ᠡᠯ᠎ᠡ ᠲᠠᠯ᠎ᠠ ᠶᠢᠨ ᠬᠢᠨ ᠤᠷᠤᠯᠴᠠᠭᠰᠠᠠ》ᠯᠠᠨᠼᠠᠩ ᠮᠦᠷᠡᠨ - ᠮᠧᠺᠦᠩ ᠮᠦᠷᠡᠨ ᠤ ᠪᠠᠶᠢᠷᠢᠰᠢᠯ ᠢ ᠪᠦᠷᠢᠯᠳᠦᠬᠦᠯᠵᠥ᠂ 《ᠡᠳᠦᠷ ᠪᠦᠷᠢ ᠳᠠᠪᠰᠢᠯᠳᠠ ᠲᠠᠢ᠂ ᠰᠠᠷ᠎ᠠ ᠪᠦᠷᠢ ᠤᠯᠤᠯᠳᠠ ᠲᠠᠢ᠂ ᠵᠢᠯ ᠪᠦᠷᠢ ᠰᠢᠨ᠎ᠠ ᠳᠡᠭᠳᠡᠷ ᠲᠤ ᠭᠠᠷᠤᠭᠰᠠᠨ》ᠯᠠᠨᠼᠠᠩ ᠮᠦᠷᠡᠨ - ᠮᠧᠺᠦᠩ ᠮᠦᠷᠡᠨ ᠤ ᠬᠠᠮᠳᠤ ᠶᠢᠨ ᠠᠵᠢᠯᠯᠠᠭᠠᠨ ᠤ ᠬᠤᠷᠳᠤᠴᠠ ᠪᠠᠷ᠂ 《ᠡᠷᠬᠡ ᠲᠡᠭᠰᠢ ᠪᠠᠷ ᠬᠠᠨᠳᠤᠯᠴᠠᠬᠤ᠂ ᠴᠢᠩ ᠦᠨᠡᠨᠴᠢ ᠪᠠᠷ ᠬᠠᠪᠰᠤᠷᠤᠯᠴᠠᠬᠤ᠂ ᠨᠢᠭᠡ ᠭᠡᠷ ᠪᠦᠯᠢ ᠮᠡᠳᠦ ᠳᠤᠳᠤᠨᠤᠰᠤᠭ》ᠯᠠᠨᠼᠠᠩ ᠮᠦᠷᠡᠨ - ᠮᠧᠺᠦᠩ ᠮᠦᠷᠡᠨ ᠤ ᠬᠠᠮᠳᠤ ᠶᠢᠨ ᠠᠵᠢᠯᠯᠠᠭᠠᠨ ᠤ ᠰᠤᠶᠤᠯ ᠢ ᠪᠤᠢ ᠪᠤᠯᠭᠠᠵᠠᠢ ᠭᠡᠵᠤ ᠢᠯᠡᠳᠭᠡᠪᠡ᠃

    ᠯᠢ ᠺᠧ ᠴᠢᠶᠠᠩ᠂ ᠯᠠᠨᠼᠠᠩ ᠮᠦᠷᠡᠨ - ᠮᠧᠺᠦᠩ ᠮᠦᠷᠡᠨ ᠤ ᠬᠠᠮᠳᠤ ᠶᠢᠨ ᠠᠵᠢᠯᠯᠠᠭ᠎ᠠ ᠨᠢ ᠨᠢᠭᠡᠨᠳᠡ ᠲᠤᠰ ᠭᠠᠵᠠᠷ ᠤᠷᠤᠨ ᠤ ᠠᠮᠢᠵᠢᠷᠠᠯ ᠤᠨ ᠬᠦᠴᠦᠨ ᠢᠶᠠᠷ ᠬᠠᠮᠤᠭ ᠤᠨ ᠴᠢᠩᠭ᠎ᠠ᠂ ᠦᠷ᠎ᠠ ᠪᠦᠲᠦᠭᠡᠯ ᠢᠶᠠᠷ ᠬᠠᠮᠤᠭ ᠤᠨ ᠡᠯᠪᠡᠭ᠌ ᠬᠠᠮᠳᠤ ᠶᠢᠨ ᠠᠵᠢᠯᠯᠠᠭᠠᠨ ᠤ ᠲᠤᠭᠳᠠᠴᠠ ᠶᠢᠨ ᠨᠢᠭᠡ ᠪᠤᠯᠵᠠᠢ᠃ ᠳᠤᠮᠳᠠᠳᠤ ᠤᠯᠤᠰ ᠳᠤᠷᠠᠳᠠᠶ᠎ᠠ ᠮᠧᠺᠦᠩ ᠮᠦᠷᠡᠨ ᠳᠠᠭᠠᠤ ᠶᠢᠨ ᠤᠯᠤᠰ ᠤᠳ ᠲᠠᠢ ᠬᠠᠮᠲᠦᠪᠡᠷ᠂ ᠯᠠᠨᠼᠠᠩ ᠮᠦᠷᠡᠨ - ᠮᠧᠺᠦᠩ ᠮᠦᠷᠡᠨ ᠤ ᠰᠠᠪᠠ ᠭᠠᠵᠠᠷ ᠤᠨ ᠡᠳ᠋ ᠤᠨ ᠵᠠᠰᠠᠭ ᠤᠨ ᠬᠦᠭᠵᠢᠯᠳᠡ ᠶᠢᠨ ᠪᠦᠰᠡ ᠶᠢ ᠪᠠᠶᠢᠭᠤᠯᠵᠤ᠂ ᠯᠠᠨᠼᠠᠩ ᠮᠦᠷᠡᠨ - ᠮᠧᠺᠦᠩ ᠮᠦᠷᠡᠨ ᠤ ᠰᠠᠪᠠ ᠭᠠᠵᠠᠷ ᠤᠨ ᠤᠯᠤᠰ ᠤᠳ ᠤᠨ ᠬᠤᠪᠢ ᠵᠠᠶᠠᠭᠠᠨ ᠤ ᠬᠠᠮᠲᠦ ᠶᠢᠨ ᠴᠤᠭᠴᠠ ᠶᠢ ᠪᠠᠶᠢᠭᠤᠯᠤᠨ᠎ᠠ ᠭᠡᠵᠤ ᠵᠢᠭᠠᠵᠤ ᠭᠠᠷᠭᠠᠵᠠᠢ᠃

    ᠯᠢ ᠺᠧ ᠴᠢᠶᠠᠩ᠂ ᠪᠢᠳᠡ 《3+5 ᠬᠠᠮᠳᠤ ᠶᠢᠨ ᠠᠵᠢᠯᠯᠠᠭᠠᠨ ᠤ ᠪᠦᠳᠦᠭᠦᠪᠴᠢ ᠲᠦᠰᠦᠪ》 ᠤ᠋ᠨ ᠰᠠᠭᠤᠷᠢᠨ ᠳᠡᠭᠡᠷ᠎ᠠ᠂ ᠲᠤᠭᠠᠴᠢᠯᠠᠭᠰᠠᠨ ᠡᠳ᠋ ᠤᠨ ᠵᠠᠰᠠᠭ᠂ ᠤᠷᠴᠢᠨ ᠲᠤᠭᠤᠷᠢᠨ ᠤ ᠬᠠᠮᠠᠭᠠᠯᠠᠯᠳᠠ᠂ ᠡᠷᠡᠭᠦᠯ ᠬᠠᠮᠠᠭᠠᠯᠠᠯ᠂ ᠳᠠᠯᠠᠢ ᠶᠢᠨ ᠪᠤᠭᠤᠮᠳᠠ᠂ ᠵᠠᠯᠠᠭᠤᠴᠤᠳ ᠵᠡᠷᠭᠡ ᠬᠦᠷᠢᠶᠡᠨ ᠤ ᠬᠠᠮᠳᠤ ᠶᠢᠨ ᠠᠵᠢᠯᠯᠠᠭ᠎ᠠ ᠶᠢ ᠦᠷᠭᠡᠳᠭᠡᠵᠤ᠂ 《3+5+X ᠬᠠᠮᠳᠤ ᠶᠢᠨ ᠠᠵᠢᠯᠯᠠᠭᠠᠨ ᠤ ᠪᠦᠳᠦᠭᠦᠪᠴᠢ ᠲᠦᠰᠦᠪ》 ᠢ᠋ ᠠᠯᠬᠤᠮ ᠠᠯᠬᠤᠮ ᠢᠶᠠᠷ ᠪᠦᠷᠢᠯᠳᠦᠭᠦᠯᠦᠶ᠎ᠠ᠃ ᠳᠤᠮᠳᠠᠳᠤ ᠤᠯᠤᠰ ᠳᠤᠷᠠᠳᠠᠶ᠎ᠠ ᠬᠤᠯᠪᠤᠭᠳᠠᠯ ᠪᠦᠬᠦᠢ ᠤᠯᠤᠰ ᠲᠠᠢ ᠬᠠᠮᠲᠦᠪᠡᠷ ᠬᠦᠳᠡᠯᠦᠯᠴᠡᠵᠤ᠂ ᠯᠠᠨᠼᠠᠩ ᠮᠦᠷᠡᠨ - ᠮᠧᠺᠦᠩ ᠮᠦᠷᠡᠨ ᠤ ᠬᠠᠮᠳᠤ ᠶᠢᠨ ᠠᠵᠢᠯᠯᠠᠭᠠᠨ ᠤ ᠨᠢᠯᠬ᠎ᠠ ᠴᠢᠬᠢ ᠶᠢ ᠲᠡᠭᠷᠢ ᠲᠤᠯᠤᠮ᠎ᠠ ᠲᠤᠮᠤ ᠮᠤᠳᠤ ᠪᠤᠯᠭᠠᠵᠤ᠂ ᠳᠡᠳ᠋ ᠤᠷᠤᠨ ᠪᠦᠰᠡ ᠶᠢᠨ ᠬᠠᠮᠳᠤ ᠶᠢᠨ ᠠᠵᠢᠯᠯᠠᠭᠠᠨ ᠤ ᠨᠡᠩ ᠭᠡᠭᠡᠨ ᠰᠠᠷᠠᠭᠤᠯ ᠢᠷᠡᠭᠡᠳᠦᠢ ᠶᠢ ᠡᠭᠦᠳᠦᠨ᠎ᠠ ᠭᠡᠵᠤ ᠴᠢᠬᠤᠯᠠᠴᠢᠯᠠᠪᠠ᠃

    ᠬᠤᠷᠠᠯ ᠳᠤ ᠤᠷᠤᠯᠴᠠᠬᠰᠠᠨ ᠤᠳᠤᠷᠢᠳᠬᠤ ᠬᠦᠮᠦᠰ ᠶᠡᠷᠦᠩᠬᠡᠢ ᠰᠠᠶᠢᠳ ᠯᠢ ᠺᠧ ᠴᠢᠶᠠᠩ ᠤᠨ ᠰᠠᠨᠠᠭᠠᠴᠢᠯᠠᠭ᠎ᠠ ᠨᠢ ᠮᠧᠺᠤᠩ ᠮᠦᠷᠡᠨ ᠤ ᠤᠯᠤᠰ ᠤᠳ ᠤᠨ ᠠᠯᠤᠰ ᠬᠡᠳᠦ ᠶᠢᠨ ᠠᠰᠢᠬ ᠲᠤᠰᠠ ᠳᠤ ᠨᠡᠶᠢᠴᠡᠨ᠎ᠡ ᠬᠡᠮᠡᠨ ᠮᠠᠬᠲᠠᠨ ᠰᠠᠶᠢᠰᠢᠶᠠᠵᠤ᠂ ᠳᠤᠮᠳᠠᠳᠤ ᠤᠯᠤᠰ ᠤᠨ ᠡᠯ᠎ᠡ ᠤᠯᠤᠰ ᠤᠨ ᠬᠦᠭᠵᠢᠯᠲᠡ ᠳᠤ ᠦᠵᠡᠬᠦᠯᠥᠭᠰᠡᠡ ᠬᠠᠪᠰᠤᠷᠤᠯᠭ᠎ᠠ ᠳᠡᠮᠵᠢᠯᠭᠡ ᠳᠤ ᠲᠠᠯᠠᠷᠬᠠᠵᠤ᠂ ᠯᠠᠨᠼᠠᠩ ᠮᠦᠷᠡᠨ - ᠮᠧᠺᠦᠩ ᠮᠦᠷᠡᠨ ᠤ ᠬᠠᠮᠳᠤ ᠶᠢᠨ ᠠᠵᠢᠯᠯᠠᠭᠠᠨ ᠤ ᠳᠤᠬᠲᠠᠴᠠ ᠶᠢᠨ ᠪᠠᠶᠢᠭᠤᠯᠤᠬᠳᠠᠬᠰᠠᠨ ᠬᠤᠭᠤᠴᠠᠭ᠎ᠠ ᠨᠢ ᠬᠡᠳᠦ᠋ᠢᠪᠡᠷ ᠤᠬᠤᠷᠬᠠᠨ ᠪᠤᠯᠪᠠᠴᠤ ᠦᠷ᠎ᠡ ᠪᠦᠲᠦᠭᠡᠯ ᠨᠢ ᠯᠠᠪᠳᠠᠭᠤᠨ ᠪᠠᠲᠤᠲᠠᠢ ᠡᠯᠪᠡᠭ᠌ ᠳᠡᠯᠪᠡᠭ᠌ ᠪᠠᠶᠢᠵᠤ᠂ ᠡᠶᠡᠯᠳᠡᠭ ᠬᠦᠷᠰᠢ ᠶᠢᠨ ᠨᠦᠬᠦᠷᠰᠡᠭ ᠬᠠᠷᠢᠯᠴᠠᠭ᠎ᠠ᠂ ᠬᠠᠷᠢᠯᠴᠠᠨ ᠠᠰᠢᠬᠲᠠᠢ ᠬᠠᠮᠲᠤᠪᠡᠷ ᠠᠰᠢᠬ ᠬᠦᠷᠲᠡᠬᠦ ᠦᠷᠭᠡᠨ ᠳᠡᠯᠭᠡᠷ ᠬᠠᠮᠳᠤ ᠶᠢᠨ ᠠᠵᠢᠯᠯᠠᠭᠠᠨ ᠤ ᠠᠯᠤᠰ ᠤᠨ ᠲᠦᠯᠦᠪ ᠢ ᠬᠠᠷᠠᠭᠤᠯᠤᠭᠰᠠᠨ ᠪᠠᠶᠢᠨ᠎ᠠ ᠭᠡᠵᠦ ᠦᠵᠡᠪᠡ᠃

    ᠬᠤᠷᠠᠯ ᠠᠴᠠ 《ᠯᠠᠨᠼᠠᠩ ᠮᠦᠷᠡᠨ - ᠮᠧᠺᠦᠩ ᠮᠦᠷᠡᠨ ᠤ ᠬᠠᠮᠳᠤ ᠶᠢᠨ ᠠᠵᠢᠯᠯᠠᠭᠠᠨ ᠤ ᠲᠠᠪᠤᠨ ᠵᠢᠯ ᠤᠨ ᠠᠵᠢᠯᠯᠠᠭᠠᠨ ᠤ ᠲᠦᠯᠦᠪᠯᠡᠭᠡ (2018 - 2022)》 ᠪᠠ 《ᠯᠠᠨᠼᠠᠩ ᠮᠦᠷᠡᠨ - ᠮᠧᠺᠦᠩ ᠮᠦᠷᠡᠨ ᠤ ᠬᠠᠮᠳᠤ ᠶᠢᠨ ᠠᠵᠢᠯᠯᠠᠭᠠᠨ ᠤ ᠤᠳᠤᠷᠢᠳᠬᠤ ᠬᠦᠮᠦᠰ ᠤᠨ ᠬᠤᠶᠠᠳᠡᠬᠢ ᠬᠤᠷᠠᠯ ᠤᠨ ᠫᠨᠤᠮ ᠫᠧᠩ ᠤᠨ ᠲᠤᠩᠬᠠᠬ》 ᠢ᠋ ᠨᠡᠶᠢᠲᠡᠯᠡᠪᠡ᠃

    ᠬᠤᠷᠠᠯ ᠲᠡᠬᠦᠰᠦᠭᠰᠡᠡ ᠤ ᠳᠠᠷᠠᠭ᠎ᠠ᠂ ᠯᠢ ᠺᠧᠩ ᠴᠢᠶᠠᠩ ᠪᠠ ᠡᠯ᠎ᠡ ᠤᠯᠤᠰ ᠤᠨ ᠤᠳᠤᠷᠢᠳᠬᠤ ᠬᠦᠮᠦᠰ ᠯᠠᠦᠰ ᠳᠠᠷᠠᠭ᠎ᠠ ᠬᠤᠭᠤᠴᠠᠭᠠᠨ ᠤ ᠯᠠᠨᠼᠠᠩ ᠮᠦᠷᠡᠨ - ᠮᠧᠺᠦᠩ ᠮᠦᠷᠡᠨ ᠤ ᠬᠠᠮᠳᠤ ᠶᠢᠨ ᠠᠵᠢᠯᠯᠠᠭᠠᠨ ᠤ ᠬᠠᠮᠲᠤ ᠶᠢᠨ ᠲᠡᠷᠢᠭᠦᠯᠡᠭᠴᠢ ᠶᠢᠨ ᠲᠤᠰᠢᠶᠠᠯ ᠢ ᠬᠦᠯᠢᠶᠡᠨ ᠠᠪᠬᠤ ᠶᠤᠰᠤᠯᠠᠯ ᠳᠤ ᠬᠠᠮᠳᠤ ᠤᠷᠤᠯᠴᠠᠪᠠ᠃

ᠢᠷᠡᠯᠳᠡ᠄ ᠰᠢᠨᠬᠤᠧᠠ ᠬᠤᠷᠢᠶ᠎ᠠ ᠪᠡᠯᠡᠳᠭᠡᠭ᠍ᠰᠡᠨ ᠨᠢ᠄ ᠪᠣᠯᠣᠷᠴᠡᠴᠡᠭ᠌

ᠨᠡᠶᠢᠬᠡᠮ ᠠᠬᠤᠢ

ᠰᠣᠶᠤᠯ ᠤᠷᠠᠯᠢᠭ

  • ᠤᠯᠤᠰ ᠤᠨ ᠬᠡᠪᠯᠡᠯ ᠮᠡᠳᠡᠭᠡᠯᠡᠯ ᠷᠠᠳᠢᠣ᠋ ᠲᠧᠯᠸᠶ᠋ᠰ ᠤᠨ ᠶᠡᠷᠦᠩᠬᠡᠢ ᠲᠤᠪᠴᠢᠶ᠎ᠠ᠄ ᠵᠤᠭᠰᠤᠭᠠᠭᠰᠠᠨ ᠨᠡᠪᠲᠡᠷᠡᠭᠦᠯᠬᠡ ᠶᠢ ᠨᠧᠲ ᠲᠤ ᠰᠢᠯᠵᠢᠬᠦᠯᠦᠨ ᠨᠡᠪᠲᠡᠷᠡᠬᠦᠯᠵᠦ ᠪᠤᠯᠬᠤ ᠦᠬᠡᠢ
  • ᠨᠠᠷᠢᠯᠢᠬ ᠭᠤᠶᠤᠮᠰᠤᠭ ᠮᠦᠰᠦᠨ ᠱᠤᠭᠤᠮᠠᠯ 
  • ᠶᠤᠸᠠᠨ ᠤ ᠲᠡᠭᠡᠲᠤ ᠨᠡᠶᠢᠰᠯᠡᠯ ᠳᠤ ᠪᠤᠯᠤᠭᠰᠠᠨ ᠴᠠᠭᠠᠨ ᠢᠳᠡᠭᠡᠨ ᠤ ᠰᠤᠶᠤᠯ ᠤᠨ ᠨᠠᠶᠢᠷ
  • 26 ᠳ᠋ᠤᠭᠠᠷ ᠬᠤᠭᠤᠴᠠᠭᠠᠨ ᠤ ᠠᠯᠳᠠᠨ ᠳᠠᠬᠢᠶ᠎ᠠ ᠴᠡᠴᠡᠬᠡᠰ ᠺᠢᠨᠣ᠋ ᠶᠢᠨ ᠨᠠᠶᠢᠷ ᠬᠦᠬᠡᠬᠤᠳᠠ ᠳᠤ ᠨᠡᠬᠡᠬᠡᠯᠳᠡ ᠪᠡᠨ ᠬᠢᠪᠡ
关闭
010070230030000000000000011120701122250830