蒙古文网站Logo
ᠰᠢᠨᠬᠤᠸᠠ ᠮᠤᠩᠭ᠋ᠤᠯ ᠨᠧᠲ

ᠦᠪᠦᠷ ᠮᠤᠩᠭᠤᠯ ᠤᠨ 6 ᠬᠠᠤᠯᠢ ᠴᠠᠭᠠᠵᠠ ᠶᠢᠨ ᠳᠤᠮᠢᠯᠠᠭᠰᠠᠨ ᠰᠠᠯᠪᠤᠷᠢ ᠤᠯᠤᠰ ᠲᠠᠶᠠᠭᠠᠷ ᠤᠨ ᠦᠯᠢᠬᠡᠷ ᠵᠢᠱᠢᠶ᠎ᠡ ᠢᠷᠠᠭᠤ ᠠᠯᠳᠠᠷ ᠬᠦᠷᠳᠡᠪᠡ

2016-08-01 16:36

    ᠤᠶᠢᠷ᠎ᠠ ᠶᠢᠨ ᠡᠳᠦᠷ᠂ ᠬᠠᠤᠯᠢ ᠴᠠᠭᠠᠵᠠ ᠶᠢᠨ ᠶᠠᠮᠤᠨ ᠪᠡᠬᠡᠵᠢᠩ ᠳᠤ ᠤᠯᠤᠰ ᠲᠠᠶᠠᠭᠠᠷ ᠤᠨ ᠦᠯᠢᠬᠡᠷ ᠵᠢᠱᠢᠶ᠎ᠡ ᠬᠠᠤᠯᠢ ᠴᠠᠭᠠᠵᠠ ᠶᠢᠨ ᠳᠤᠮᠢᠯᠠᠭᠰᠠᠨ ᠰᠠᠯᠪᠤᠷᠢ ᠵᠢᠴᠢ ᠳᠡᠷᠢᠬᠦᠨ ᠤ ᠬᠠᠮᠳᠤ ᠨᠢᠬᠡᠴᠡ᠂ ᠳᠡᠷᠢᠬᠦᠨ ᠤ ᠬᠤᠪᠢ ᠬᠦᠮᠦᠨ ᠢ ᠱᠠᠩᠨᠠᠨ ᠬᠦᠬᠢᠬᠦᠯᠬᠦ ᠤᠳᠠᠰᠤᠳᠤ ᠲᠧᠯᠧᠶ᠋ᠰ ᠬᠤᠷᠠᠯ ᠬᠤᠷᠠᠯᠳᠤᠭᠤᠯᠪᠠ᠃ ᠡᠬᠦᠨ ᠳᠤ ᠦᠪᠦᠷ ᠮᠤᠩᠭᠤᠯ ᠤᠨ 6 ᠬᠠᠤᠯᠢ ᠴᠠᠭᠠᠵᠠ ᠶᠢᠨ ᠳᠤᠮᠢᠯᠠᠭᠰᠠᠨ ᠰᠠᠯᠪᠤᠷᠢ《ᠤᠯᠤᠰ ᠲᠠᠶᠠᠭᠠᠷ ᠤᠨ ᠦᠯᠢᠬᠡᠷ ᠵᠢᠱᠢᠶ᠎ᠡ ᠬᠠᠤᠯᠢ ᠴᠠᠭᠠᠵᠠ ᠶᠢᠨ ᠳᠤᠮᠢᠯᠠᠭᠰᠠᠨ ᠰᠠᠯᠪᠤᠷᠢ》 ᠶᠢᠨ ᠢᠷᠠᠭᠤ ᠠᠯᠳᠠᠷ ᠬᠦᠷᠳᠡᠵᠤ᠂ 12 ᠪᠠᠶᠢᠭᠤᠯᠭ᠎ᠠ ᠳᠡᠷᠢᠬᠦᠨ ᠤ ᠬᠠᠮᠳᠤ ᠨᠢᠬᠡᠴᠡ ᠪᠡᠷ ᠱᠠᠩᠨᠠᠭᠳᠠᠨ᠂ 18 ᠬᠦᠮᠦᠨ ᠳᠡᠷᠢᠬᠦᠨ ᠤ ᠬᠤᠪᠢ ᠬᠦᠮᠦᠨ ᠤ ᠱᠠᠩᠨᠠᠯ ᠬᠦᠷᠳᠡᠵᠡᠢ᠃

    ᠡᠨᠡᠬᠦ ᠬᠤᠷᠠᠯ ᠢᠶᠡᠷ ᠨᠡᠶᠢᠳᠡ 199 《ᠤᠯᠤᠰ ᠲᠠᠶᠠᠭᠠᠷ ᠤᠨ ᠦᠯᠢᠬᠡᠷ ᠵᠢᠱᠢᠶ᠎ᠡ ᠬᠠᠤᠯᠢ ᠴᠠᠭᠠᠵᠠ ᠶᠢᠨ ᠳᠤᠮᠢᠯᠠᠭᠰᠠᠨ ᠰᠠᠯᠪᠤᠷᠢ》᠂ 400 《ᠤᠯᠤᠰ ᠲᠠᠶᠠᠭᠠᠷ ᠤᠨ ᠳᠡᠷᠢᠬᠦᠨ ᠤ ᠬᠠᠤᠯᠢ ᠴᠠᠭᠠᠵᠠ ᠶᠢᠨ ᠳᠤᠮᠢᠯᠠᠭᠰᠠᠨ ᠰᠠᠯᠪᠤᠷᠢ》᠂ 599《ᠤᠯᠤᠰ ᠲᠠᠶᠠᠭᠠᠷ ᠤᠨ ᠦᠯᠢᠬᠡᠷ ᠵᠢᠱᠢᠶ᠎ᠡ ᠬᠠᠤᠯᠢ ᠴᠠᠭᠠᠵᠠ ᠶᠢᠨ ᠳᠤᠮᠢᠯᠠᠭᠰᠠᠨ ᠰᠠᠯᠪᠤᠷᠢ ᠶᠢᠨ ᠳᠠᠷᠤᠭ᠎ᠠ》ᠰᠢᠯᠭᠠᠷᠠᠵᠠᠢ᠃ ᠡᠨᠡᠬᠦ ᠢᠷᠠᠭᠤ ᠠᠯᠳᠠᠷ ᠢ ᠬᠦᠷᠳᠡᠭᠰᠡᠨ ᠦᠪᠦᠷ ᠮᠤᠩᠭᠤᠯ ᠤᠨ ᠬᠠᠤᠯᠢ ᠴᠠᠭᠠᠵᠠ ᠶᠢᠨ ᠳᠤᠮᠢᠯᠠᠭᠰᠠᠨ ᠰᠠᠯᠪᠤᠷᠢ ᠨᠢ ᠳᠤᠰ ᠳᠤᠰ ᠬᠦᠬᠡᠬᠤᠳᠠ ᠶᠢᠨ ᠰᠠᠶᠢᠬᠠᠨ ᠳᠤᠭᠤᠷᠢᠭ ᠤᠨ ᠶᠡᠬᠡ ᠰᠤᠷᠭᠠᠭᠤᠯᠢ ᠪᠠᠷᠠᠭᠤᠨ ᠵᠠᠮ ᠤᠨ ᠬᠠᠤᠯᠢ ᠴᠠᠭᠠᠵᠠ ᠶᠢᠨ ᠳᠤᠮᠢᠯᠠᠭᠰᠠᠨ ᠰᠠᠯᠪᠤᠷᠢ᠂ ᠪᠤᠭᠤᠳᠤ ᠬᠤᠳᠠ ᠶᠢᠨ ᠬᠦᠨᠳᠡᠯᠡᠨ ᠳᠤᠭᠤᠷᠢᠭ ᠤᠨ ᠬᠠᠤᠯᠢ ᠴᠠᠭᠠᠵᠠ ᠶᠢᠨ ᠳᠤᠪᠴᠢᠶᠠᠨ ᠤ ᠠᠯᠳᠠᠨ ᠳᠤᠮᠢᠯᠠᠭᠰᠠᠨ ᠰᠠᠯᠪᠤᠷᠢ᠂ ᠠᠤᠬᠠᠨ ᠬᠤᠰᠢᠭᠤᠨ ᠤ ᠬᠠᠤᠯᠢ ᠴᠠᠭᠠᠵᠠ ᠶᠢᠨ ᠳᠤᠪᠴᠢᠶᠠᠨ ᠤ ᠪᠧᠢ ᠽᠢ ᠹᠦ᠋ ᠳᠤᠮᠢᠯᠠᠭᠰᠠᠨ ᠰᠠᠯᠪᠤᠷᠢ᠂ ᠵᠡᠬᠦᠨ ᠦᠵᠦᠮᠦᠴᠢᠨ ᠬᠤᠰᠢᠭᠤᠨ ᠤ ᠬᠠᠤᠯᠢ ᠴᠠᠭᠠᠵᠠ ᠶᠢᠨ ᠳᠤᠪᠴᠢᠶᠠᠨ ᠤ ᠬᠦᠷᠢᠶᠡᠳᠦ ᠨᠠᠭᠤᠷ ᠳᠤᠮᠢᠯᠠᠭᠰᠠᠨ ᠰᠠᠯᠪᠤᠷᠢ᠂ ᠰᠢᠨ᠎ᠡ ᠪᠠᠷᠭᠤ ᠪᠠᠷᠠᠭᠤᠨ ᠬᠤᠰᠢᠭᠤᠨ ᠤ ᠠᠯᠳᠠᠡᠡᠮᠡᠬᠡᠯ ᠬᠠᠤᠯᠢ ᠴᠠᠭᠠᠵᠠ ᠶᠢᠨ ᠳᠤᠮᠢᠯᠠᠭᠰᠠᠨ ᠰᠠᠯᠪᠤᠷᠢ᠂ ᠤᠯᠠᠭᠠᠨᠴᠠᠪ ᠬᠤᠳᠠ ᠶᠢᠨ ᠵᠢᠨᠢᠩ ᠳᠤᠭᠤᠷᠢᠭ ᠤᠨ ᠰᠢᠨᠬᠤᠧᠠ ᠵᠡᠬᠡᠯᠢ ᠶᠢᠨ ᠬᠠᠤᠯᠢ ᠴᠠᠭᠠᠵᠠ ᠶᠢᠨ ᠳᠤᠮᠢᠯᠠᠭᠰᠠᠨ ᠰᠠᠯᠪᠤᠷᠢ ᠪᠤᠯᠤᠨ᠎ᠠ᠃

    ᠤᠶᠢᠯᠠᠭᠠᠭᠰᠠᠨ ᠢᠶᠡᠷ ᠦᠪᠦᠷ ᠮᠤᠩᠭᠤᠯ ᠳᠤ ᠨᠡᠶᠢᠳᠡ 1101 ᠬᠠᠤᠯᠢ ᠴᠠᠭᠠᠵᠠ ᠶᠢᠨ ᠳᠤᠮᠢᠯᠠᠭᠰᠠᠨ ᠰᠠᠯᠪᠤᠷᠢ ᠪᠠᠶᠢᠵᠤ᠂ 3360 ᠠᠵᠢᠯᠳᠠᠨ ᠲᠠᠢ᠃

ᠢᠷᠡᠯᠳᠡ᠄ ᠦᠪᠦᠷ ᠮᠤᠩᠭ᠋ᠤᠯ ᠤᠨ ᠰᠤᠨᠢᠨ ᠮᠡᠳᠡᠬᠡ ᠨᠧᠲ ᠪᠡᠯᠡᠳᠭᠡᠭ᠍ᠰᠡᠨ ᠨᠢ᠄ ᠪᠣᠯᠣᠷᠴᠡᠴᠡᠭ᠌

ᠰᠣᠶᠤᠯ ᠤᠷᠠᠯᠢᠭ

  • ᠦᠪᠦᠷ ᠮᠤᠨᠭᠭᠤᠯ ᠤᠨ ᠦᠨᠳᠦᠰᠦᠲᠡᠨ ᠤ ᠺᠢᠨᠤ᠋ ᠬᠢᠷᠢ ᠮᠤᠨᠳᠠᠬ ᠪᠠᠶᠢᠳᠠᠬ ᠢ ᠠᠨᠭᠬᠠᠷᠤᠬᠰᠨᠨ ᠤᠤ
  • ᠮᠤᠩᠭ᠋ᠤᠯ ᠦᠨᠳᠦᠰᠦᠲᠡᠨ ᠤ ᠵᠠᠯᠠᠭᠤᠴᠤᠳ ᠤᠨ ᠨᠠᠶᠢᠷᠠᠯ ᠳᠠᠭᠤᠤ ᠵᠢᠨ ᠪᠦᠯᠬᠦᠮ ᠪᠡᠭᠡᠵᠢᠩ ᠳ᠋ᠥ ᠲᠤᠭᠯᠠᠪᠠ
  • 25 ᠳ᠋ᠡᠬᠢ ᠬᠤᠭᠤᠴᠠᠭᠠᠨ ᠤ ᠠᠯᠲᠠᠨ ᠲᠠᠬᠢᠶ᠎ᠠ ᠴᠡᠴᠡᠭᠡᠰ ᠱᠠᠩᠨᠠᠯ ᠤᠨ ᠺᠢᠨᠤ᠋ ᠨᠠᠭᠠᠳᠤᠮ ᠬᠦᠰᠢᠭᠡ ᠪᠠᠨ ᠨᠡᠬᠡᠭᠡᠯ᠎ᠡ
  • ᠰᠦᠢ ᠶᠠᠩ ᠳ᠋᠋ᠢ ᠬᠠᠭᠠᠨ ᠤ ᠰᠢᠶᠤᠤ ᠬᠠᠲᠤᠨ ᠤ ᠲᠢᠳᠢᠮ ᠢ ᠳᠡᠯᠭᠡᠨ ᠦᠵᠡᠭᠦᠯᠦᠯ᠎ᠡ
关闭
010070230030000000000000011120701119317075