蒙古文网站Logo
ᠰᠢᠨᠬᠤᠸᠠ ᠮᠤᠩᠭ᠋ᠤᠯ ᠨᠧᠲ

ᠤᠷᠳᠤᠰ ᠬᠤᠲᠠ ᠶᠢᠨ ᠨᠠᠮ ᠤᠨ ᠬᠤᠷᠢᠶ᠎ᠠ ᠶᠢᠨ ᠤᠤᠯ ᠤᠨ ᠪᠠᠶᠢᠩᠭ᠋ᠤ ᠶᠢᠨ ᠭᠡᠰᠢᠭᠦᠨ ᠵᠠᠩ ᠫᠢᠩ ᠠᠯᠪᠠᠨ ᠵᠠᠭᠠᠯᠳᠤᠯᠭ᠎ᠠ ᠪᠡᠷ ᠵᠠᠭᠠᠯᠳᠤᠭᠳᠠᠪᠠ

2016-08-16 16:06

    ᠰᠢᠨᠬᠤᠧᠠ ᠬᠤᠷᠢᠶ᠎ᠠ  ᠬᠦᠬᠡᠬᠤᠲᠠ ᠶᠢᠨ 8 ᠰᠠᠷ᠎ᠠ ᠶᠢᠨ 15 ᠤ ᠡᠳᠦᠷ ᠤᠨ ᠴᠠᠬᠢᠯᠭᠠᠨ ᠮᠡᠳᠡᠭᠡ(ᠰᠤᠷᠪᠤᠯᠵᠢᠯᠠᠭᠴᠢ ᠯᠢᠦ ᠡᠢ ᠳ᠋ᠧ ) ᠰᠤᠷᠪᠤᠯᠵᠢᠯᠠᠭᠴᠢ ᠦᠪᠦᠷ ᠮᠣᠩᠭᠣᠯ ᠤᠨ ᠦᠪᠡᠷᠲᠡᠭᠡᠨ ᠵᠠᠰᠠᠬᠤ ᠤᠷᠤᠨ ᠤ ᠠᠷᠠᠳ ᠤᠨ ᠪᠠᠶᠢᠴᠠᠭᠠᠬᠤ ᠬᠤᠷᠢᠶ᠎ᠠ ᠡᠴᠡ ᠤᠢᠢᠯᠭᠠᠬᠰᠠᠨ ᠢᠶᠡᠷ᠂ ᠤᠷᠳᠤᠰ ᠬᠤᠲᠠ ᠶᠢᠨ ᠨᠠᠮ ᠤᠨ ᠬᠤᠷᠢᠶ᠎ᠠ ᠶᠢᠨ ᠤᠤᠯ ᠤᠨ ᠪᠠᠶᠢᠩᠭ᠋ᠤ ᠶᠢᠨ ᠭᠡᠰᠢᠭᠦᠨ᠂ ᠳ᠋ᠦᠩᠱᠧᠩ ᠲᠤᠭᠤᠷᠢᠭ ᠤᠨ ᠨᠠᠮ ᠤᠨ ᠬᠤᠷᠢᠶ᠎ᠠ ᠶᠢᠨ ᠤᠤᠯ ᠤᠨ ᠱᠦᠵᠢ ᠵᠠᠩ ᠫᠢᠩ ᠡᠷᠬᠡ ᠲᠤᠰᠢᠶᠠᠯ ᠢᠶᠡᠨ ᠠᠰᠢᠭᠯᠠᠵᠤ᠂ ᠠᠪᠯᠢᠭ᠎ᠠ ᠠᠪᠴᠤ᠂ ᠭᠡᠷ᠎ᠡ ᠲᠤᠭᠲᠠᠬᠤ  ᠳᠤ ᠪᠠᠨ ᠬᠠᠷᠢᠭᠤᠴᠠᠯᠭ᠎ᠠ ᠠᠯᠳᠠᠵᠤ ᠮᠡᠬᠡᠯᠡᠭᠳᠡᠵᠠᠢ᠃ ᠡᠭᠦᠨ ᠢ ᠦᠪᠦᠷ ᠮᠣᠩᠭᠣᠯ ᠤᠨ ᠦᠪᠡᠷᠲᠡᠭᠡᠨ ᠵᠠᠰᠠᠬᠤ ᠤᠷᠤᠨ ᠤ ᠠᠷᠠᠳ ᠤᠨ ᠪᠠᠶᠢᠴᠠᠭᠠᠬᠤ ᠬᠤᠷᠢᠶ᠎ᠠ ᠮᠦᠷᠳᠡᠨ ᠪᠠᠶᠢᠴᠠᠭᠠᠭᠠᠳ ᠬᠢᠨᠠᠨ ᠪᠠᠶᠢᠴᠠᠭᠠᠯᠲᠠ ᠳᠤ ᠰᠢᠯᠵᠢᠭᠦᠯᠪᠠ ᠃ ᠰᠠᠭᠦᠯ ᠤᠨ ᠦᠶ᠎ᠠ ᠳᠦ ᠦᠪᠦᠷ ᠮᠣᠩᠭᠣᠯ ᠤᠨ ᠦᠪᠡᠷᠲᠡᠭᠡᠨ ᠵᠠᠰᠠᠬᠤ ᠤᠷᠤᠨ ᠤ ᠪᠠᠶᠠᠨᠨᠠᠭᠤᠷ ᠬᠤᠲᠠ ᠶᠢᠨ ᠠᠷᠠᠳ ᠤᠨ ᠪᠠᠶᠢᠴᠠᠭᠠᠬᠤ ᠬᠤᠷᠢᠶ᠎ᠠ ᠪᠠᠶᠠᠨᠨᠠᠭᠤᠷ ᠬᠤᠲᠠ ᠶᠢᠨ ᠳᠤᠮᠳᠠ ᠵᠡᠷᠭᠡ ᠶᠢᠨ ᠠᠷᠠᠳ ᠤᠨ ᠰᠢᠭᠦᠬᠦ ᠬᠤᠷᠢᠶ᠎ᠠ ᠳᠦ ᠠᠯᠪᠠᠨ ᠵᠠᠭᠠᠯᠳᠤᠯᠭ᠎ᠠ ᠪᠡᠷ ᠵᠠᠭᠠᠯᠳᠤᠪᠠ᠃

    ᠪᠠᠶᠢᠴᠠᠭᠠᠬᠤ ᠪᠠᠶᠢᠭᠤᠯᠭ᠎ᠠ ᠵᠠᠭᠠᠯᠳᠤᠯᠭ᠎ᠠ ᠶᠢ ᠪᠠᠶᠢᠴᠠᠭᠠᠬᠤ ᠶᠠᠪᠤᠴᠠ ᠳᠤ ᠵᠠᠭᠠᠯᠳᠤᠭᠳᠠᠭᠴᠢ ᠵᠠᠩ ᠫᠢᠩ ᠳᠤ ᠬᠠᠤᠯᠢ ᠶᠤᠰᠤᠭᠠᠷ ᠵᠠᠷᠭᠤᠯᠳᠤᠬᠤ ᠡᠷᠬᠡ ᠪᠠᠶᠢᠬᠤ ᠶᠢ ᠮᠡᠳᠡᠭᠳᠡᠨ᠂ ᠵᠠᠭᠠᠯᠳᠤᠭᠳᠠᠭᠴᠢ ᠵᠠᠩ ᠫᠢᠩ ᠡᠴᠡ ᠠᠰᠠᠭᠤᠨ ᠯᠠᠪᠯᠠᠵᠤ᠂ ᠦᠮᠦᠭᠯᠡᠭᠴᠢ ᠶᠢᠨ ᠰᠠᠨᠠᠯ ᠢ ᠰᠤᠨᠤᠰᠪᠠ᠃ ᠪᠠᠶᠠᠨᠨᠠᠭᠤᠷ ᠬᠤᠲᠠ ᠶᠢᠨ ᠠᠷᠠᠳ ᠤᠨ ᠰᠢᠭᠦᠬᠦ ᠬᠤᠷᠢᠶ᠎ᠠ ᠵᠠᠩ ᠫᠢᠩ ᠢ ᠤᠯᠤᠰ ᠤᠨ ᠪᠠᠶᠢᠭᠤᠯᠭ᠎ᠠ ᠶᠢᠨ ᠠᠵᠢᠯᠲᠠᠨ ᠤ ᠬᠤᠪᠢ ᠳᠤ ᠡᠷᠬᠡ ᠲᠤᠰᠢᠶᠠᠯ ᠢᠶᠡᠨ ᠲᠤᠷ᠎ᠠ ᠪᠡᠷ ᠬᠡᠷᠡᠭᠯᠡᠵᠤ᠂ ᠲᠤᠤᠷ᠎ᠠ ᠦᠨ᠎ᠡ  ᠪᠡᠷ ᠤᠯᠤᠰ ᠤᠨ ᠬᠦᠷᠦᠩᠭᠡ ᠶᠢ ᠰᠢᠯᠵᠢᠭᠦᠯᠦᠭᠰᠡᠨ ᠶᠠᠪᠤᠳᠠᠯ ᠨᠢ ᠬᠦᠨᠳᠤ ᠨᠤᠴᠢᠲᠠᠢ᠃ ᠡᠷᠬᠡ ᠲᠤᠰᠢᠶᠠᠯ  ᠶᠢᠡᠨ ᠠᠰᠢᠭᠯᠠᠨ ᠪᠤᠰᠤᠳ ᠡᠴᠡ ᠠᠰᠢᠭ ᠬᠤᠨᠵᠢᠪᠤᠷᠢ ᠤᠯᠵᠤ᠂ ᠬᠠᠤᠯᠢ ᠪᠤᠰᠤ ᠪᠡᠷ ᠪᠤᠰᠤᠳ ᠤᠨ ᠡᠳ᠋ ᠮᠦᠩᠭᠦ ᠶᠢ ᠬᠦᠯᠢᠶᠡᠨ ᠠᠪᠴᠤ᠂ ᠭᠡᠷ᠎ᠡ ᠲᠤᠭᠲᠠᠬᠤ ᠳᠦ ᠪᠠᠨ ᠬᠠᠷᠢᠭᠤᠴᠠᠯᠭ᠎ᠠ ᠠᠯᠳᠠᠭᠰᠠᠨ ᠡᠴᠡ ᠮᠡᠬᠡᠯᠡᠭᠳᠡᠭᠡᠳ ᠤᠯᠤᠰ ᠤᠨ ᠠᠰᠢᠭ ᠲᠤᠰᠠ ᠶᠢ ᠶᠠᠬᠡ ᠪᠡᠷ ᠬᠤᠬᠢᠷᠠᠭᠤᠯᠪᠠ ᠭᠡᠵᠤ ᠵᠠᠭᠠᠯᠳᠤᠪᠠ᠃ (ᠳᠠᠳᠤᠯᠭ᠎ᠠ ᠶᠢᠨ ᠰᠤᠷᠤᠭᠴᠢ ᠬᠡᠤᠬᠡᠨᠰᠤᠯᠢ ᠤᠷᠴᠢᠭᠤᠯᠪᠠ)

 

ᠢᠷᠡᠯᠳᠡ᠄ ᠰᠢᠨᠬᠤᠧᠠ ᠬᠤᠷᠢᠶ᠎ᠠ ᠪᠡᠯᠡᠳᠭᠡᠭ᠍ᠰᠡᠨ ᠨᠢ᠄ ᠬ • ᠦᠵᠡᠰᠭᠦᠯᠡᠩ

ᠰᠣᠶᠤᠯ ᠤᠷᠠᠯᠢᠭ

  • ᠦᠪᠦᠷ ᠮᠤᠨᠭᠭᠤᠯ ᠤᠨ ᠦᠨᠳᠦᠰᠦᠲᠡᠨ ᠤ ᠺᠢᠨᠤ᠋ ᠬᠢᠷᠢ ᠮᠤᠨᠳᠠᠬ ᠪᠠᠶᠢᠳᠠᠬ ᠢ ᠠᠨᠭᠬᠠᠷᠤᠬᠰᠨᠨ ᠤᠤ
  • ᠮᠤᠩᠭ᠋ᠤᠯ ᠦᠨᠳᠦᠰᠦᠲᠡᠨ ᠤ ᠵᠠᠯᠠᠭᠤᠴᠤᠳ ᠤᠨ ᠨᠠᠶᠢᠷᠠᠯ ᠳᠠᠭᠤᠤ ᠵᠢᠨ ᠪᠦᠯᠬᠦᠮ ᠪᠡᠭᠡᠵᠢᠩ ᠳ᠋ᠥ ᠲᠤᠭᠯᠠᠪᠠ
  • 25 ᠳ᠋ᠡᠬᠢ ᠬᠤᠭᠤᠴᠠᠭᠠᠨ ᠤ ᠠᠯᠲᠠᠨ ᠲᠠᠬᠢᠶ᠎ᠠ ᠴᠡᠴᠡᠭᠡᠰ ᠱᠠᠩᠨᠠᠯ ᠤᠨ ᠺᠢᠨᠤ᠋ ᠨᠠᠭᠠᠳᠤᠮ ᠬᠦᠰᠢᠭᠡ ᠪᠠᠨ ᠨᠡᠬᠡᠭᠡᠯ᠎ᠡ
  • ᠰᠦᠢ ᠶᠠᠩ ᠳ᠋᠋ᠢ ᠬᠠᠭᠠᠨ ᠤ ᠰᠢᠶᠤᠤ ᠬᠠᠲᠤᠨ ᠤ ᠲᠢᠳᠢᠮ ᠢ ᠳᠡᠯᠭᠡᠨ ᠦᠵᠡᠭᠦᠯᠦᠯ᠎ᠡ
关闭
010070230030000000000000011120791119401157