蒙古文网站Logo
ᠰᠢᠨᠬᠤᠸᠠ ᠮᠤᠩᠭ᠋ᠤᠯ ᠨᠧᠲ

ᠳᠦᠪ ᠤᠨ ᠪᠠᠶᠢᠭᠠᠯᠢ ᠤᠷᠴᠢᠨ ᠤ ᠬᠢᠨᠠᠨ ᠰᠢᠯᠭᠠᠯᠳᠠ ᠪᠡᠷ ᠵᠠᠭᠤ ᠭᠠᠷᠤᠢ ᠬᠦᠮᠦᠨ ᠢ ᠪᠠᠷᠢᠪᠴᠢᠯᠠᠪᠠ

2016-08-22 09:54

    ᠰᠢᠨᠬᠤᠧᠠ ᠬᠤᠷᠢᠶ᠎ᠠ   ᠪᠡᠬᠡᠵᠢᠩ ᠤᠨ 8 ᠰᠠᠷ᠎ᠠ ᠶᠢᠨ 21 ᠤ ᠡᠳᠦᠷ ᠤᠨ ᠴᠠᠬᠢᠯᠭᠠᠨ ᠮᠡᠳᠡᠬᠡ   8 ᠰᠠᠷ᠎ᠠ ᠶᠢᠨ 19 ᠤ ᠡᠳᠦᠷ᠂ ᠨᠢᠬᠡ ᠰᠠᠷ᠎ᠠ ᠶᠢᠨ ᠬᠤᠭᠤᠴᠠᠭ᠎ᠠ ᠲᠠᠢ ᠦᠷᠬᠦᠯᠵᠢᠯᠡᠭᠰᠡᠨ ᠳᠦᠪ ᠤᠨ ᠡᠬᠢᠨ ᠤ ᠡᠬᠡᠯᠵᠢ ᠶᠢᠨ ᠪᠠᠶᠢᠭᠠᠯᠢ ᠤᠷᠴᠢᠨ ᠤ ᠬᠢᠨᠠᠨ ᠰᠢᠯᠭᠠᠯᠳᠠ ᠶᠢᠨ ᠠᠵᠢᠯ ᠪᠦᠬᠦ ᠳᠠᠯ᠎ᠠ ᠪᠡᠷ ᠳᠠᠭᠤᠰᠴᠠᠢ᠃

    7 ᠰᠠᠷ᠎ᠠ ᠶᠢᠨ ᠳᠤᠮᠳᠠᠴᠢ ᠪᠡᠷ ᠳᠦᠪ ᠤᠨ ᠪᠠᠶᠢᠭᠠᠯᠢ ᠤᠷᠴᠢᠨ ᠤ ᠬᠢᠨᠠᠨ ᠰᠢᠯᠭᠠᠯᠳᠠ ᠶᠢᠨ ᠪᠠᠭ ᠦᠪᠦᠷ ᠮᠤᠩᠭᠤᠯ᠂ ᠬᠠᠷᠠᠮᠦ᠋ᠷᠡᠨ᠂ ᠵᠢᠶᠠᠩᠰᠤ᠂ ᠵᠢᠶᠠᠩᠰᠢ᠂ ᠡᠾᠧᠨᠠᠨ᠂ ᠭᠤᠧᠠᠩᠱᠢ᠂ ᠶᠦᠨᠨᠠᠨ᠂ ᠨᠢᠩᠰᠢᠶᠠ ᠵᠡᠷᠬᠡ 8 ᠮᠤᠵᠢ ᠳᠤ ᠪᠠᠭ ᠬᠤᠪᠢᠶᠠᠨ ᠬᠦᠨᠵᠡᠬᠡᠶᠢᠷᠡᠭᠰᠡᠨ ᠤ ᠡᠴᠤᠰ ᠲᠤ᠂ ᠠᠮᠢ ᠠᠬᠤᠢ ᠶᠢ ᠡᠪᠳᠡᠭᠰᠡᠨ ᠪᠠ ᠪᠠᠶᠢᠭᠠᠯᠢ ᠤᠷᠴᠢᠨ ᠢ ᠪᠤᠬᠢᠷᠳᠤᠭᠤᠯᠤᠭᠰᠠᠨ ᠬᠡᠷᠡᠭ ᠢᠶᠡᠷ 100 ᠭᠠᠷᠤᠢ ᠬᠦᠮᠦᠨ ᠢ ᠡᠷᠡᠬᠦᠦ ᠶᠢᠨ ᠬᠠᠤᠯᠢ ᠪᠡᠷ ᠪᠠᠷᠢᠪᠴᠢᠯᠠᠵᠤ᠂ ᠨᠠᠮ ᠵᠠᠰᠠᠭ ᠤᠨ 2000 ᠭᠠᠷᠤᠢ ᠬᠦᠮᠦᠨ ᠡᠴᠡ ᠬᠠᠷᠢᠭᠤᠴᠠᠯᠭ᠎ᠠ ᠨᠡᠬᠡᠮᠵᠢᠯᠡᠵᠤ᠂ ᠤᠯᠠᠩᠬᠢ ᠬᠦᠮᠦᠰ ᠲᠤ ᠨᠠᠮ ᠵᠠᠰᠠᠭ ᠤᠨ ᠰᠠᠬᠢᠯᠭ᠎ᠠ ᠵᠦᠷᠢᠴᠡᠭᠰᠡᠨ ᠰᠢᠳᠬᠡᠯ ᠦᠵᠡᠬᠦᠯᠦᠭᠰᠡᠨ ᠪᠠᠶᠢᠨ᠎ᠠ᠃ ᠮᠦᠨ 8 ᠮᠤᠵᠢ ᠶᠢ ᠨᠡᠶᠢᠳᠡ ᠳ᠋ᠦ᠋ᠩᠰᠢᠭᠤᠷ ᠭᠠᠷᠤᠢ ᠵᠤᠭᠤᠰ ᠢᠶᠡᠷ ᠳᠤᠷᠭᠠᠵᠠᠢ᠃

ᠢᠷᠡᠯᠳᠡ᠄ ᠰᠢᠨᠬᠤᠧᠠ ᠬᠤᠷᠢᠶ᠎ᠠ ᠪᠡᠯᠡᠳᠭᠡᠭ᠍ᠰᠡᠨ ᠨᠢ᠄ ᠪᠣᠯᠣᠷᠴᠡᠴᠡᠭ᠌

ᠰᠣᠶᠤᠯ ᠤᠷᠠᠯᠢᠭ

  • ᠦᠪᠦᠷ ᠮᠤᠨᠭᠭᠤᠯ ᠤᠨ ᠦᠨᠳᠦᠰᠦᠲᠡᠨ ᠤ ᠺᠢᠨᠤ᠋ ᠬᠢᠷᠢ ᠮᠤᠨᠳᠠᠬ ᠪᠠᠶᠢᠳᠠᠬ ᠢ ᠠᠨᠭᠬᠠᠷᠤᠬᠰᠨᠨ ᠤᠤ
  • ᠮᠤᠩᠭ᠋ᠤᠯ ᠦᠨᠳᠦᠰᠦᠲᠡᠨ ᠤ ᠵᠠᠯᠠᠭᠤᠴᠤᠳ ᠤᠨ ᠨᠠᠶᠢᠷᠠᠯ ᠳᠠᠭᠤᠤ ᠵᠢᠨ ᠪᠦᠯᠬᠦᠮ ᠪᠡᠭᠡᠵᠢᠩ ᠳ᠋ᠥ ᠲᠤᠭᠯᠠᠪᠠ
  • 25 ᠳ᠋ᠡᠬᠢ ᠬᠤᠭᠤᠴᠠᠭᠠᠨ ᠤ ᠠᠯᠲᠠᠨ ᠲᠠᠬᠢᠶ᠎ᠠ ᠴᠡᠴᠡᠭᠡᠰ ᠱᠠᠩᠨᠠᠯ ᠤᠨ ᠺᠢᠨᠤ᠋ ᠨᠠᠭᠠᠳᠤᠮ ᠬᠦᠰᠢᠭᠡ ᠪᠠᠨ ᠨᠡᠬᠡᠭᠡᠯ᠎ᠡ
  • ᠰᠦᠢ ᠶᠠᠩ ᠳ᠋᠋ᠢ ᠬᠠᠭᠠᠨ ᠤ ᠰᠢᠶᠤᠤ ᠬᠠᠲᠤᠨ ᠤ ᠲᠢᠳᠢᠮ ᠢ ᠳᠡᠯᠭᠡᠨ ᠦᠵᠡᠭᠦᠯᠦᠯ᠎ᠡ
关闭
010070230030000000000000011120701119430591