蒙古文网站Logo
ᠰᠢᠨᠬᠤᠸᠠ ᠮᠤᠩᠭ᠋ᠤᠯ ᠨᠧᠲ

ᠥᠪᠦᠷ ᠮᠣᠩᠭᠣᠯ ᠢᠯᠵᠠᠷᠠᠯ  ᠤᠨ ᠬᠡᠷᠡᠭ ᠢ ᠪᠠᠶᠢᠴᠭᠠᠨ ᠰᠢᠳᠬᠡᠵᠤ 22 ᠳ᠋ᠦᠩᠰᠢᠭᠤᠷ ᠲᠦᠭᠦᠷᠢᠭ᠌  ᠤᠨ ᠬᠣᠬᠢᠷᠠᠯ ᠢ ᠡᠭᠡᠭᠦᠯᠵᠠᠢ

2016-08-26 17:14

    ᠰᠢᠨᠬᠣᠧᠠ ᠬᠣᠷᠢᠶ᠎᠎ᠠ   ᠬᠦᠬᠡᠬᠣᠲᠠ ᠶᠢᠨ 8 ᠰᠠᠷ᠎ᠠ ᠶᠢᠨ 25 ᠤ ᠡᠳᠦᠷ ᠤᠨ ᠴᠠᠬᠢᠯᠭᠠᠨ ᠮᠡᠳᠡᠭᠡ (ᠰᠣᠷᠪᠤᠯᠵᠢᠯᠠᠭᠴᠢ ᠯᠢᠤ ᠢ ᠳ᠋ᠧᠡ᠂ ᠸᠠᠩ ᠵᠢᠩ) ᠦᠩᠭᠡᠷᠡᠭᠰᠡᠨ ᠲᠠᠪᠤᠨ ᠵᠢᠯ ᠳᠤ᠂ ᠥᠪᠦᠷ ᠮᠣᠩᠭᠣᠯ ᠤᠨ ᠪᠠᠶᠢᠴᠠᠭᠠᠬᠤ ᠪᠠᠶᠢᠭᠤᠯᠤᠮᠵᠢ ᠢᠯᠵᠠᠷᠠᠭ᠍ᠰᠠᠳ ᠢ ᠵᠠᠯᠬᠠᠭᠠᠬᠤ ᠰᠢᠬᠠᠯᠲᠠ ᠦᠵᠡᠭᠦᠯᠬᠦ ᠪᠠᠶᠢᠳᠠᠯ ᠢᠶᠡᠨ ᠡᠭᠦᠷᠢᠳᠠ ᠪᠠᠲᠤᠯᠠᠨ᠂ 4603 ᠬᠡᠷᠡᠭ  ᠲᠤ ᠬᠣᠯᠪᠤᠭᠳᠠᠭᠰᠠᠨ 7721 ᠬᠦᠮᠦᠨ ᠢ ᠳᠠᠩᠰᠠᠯᠠᠵᠤ ᠪᠠᠶᠢᠴᠠᠭᠠᠭᠠᠳ᠂ 22.4 ᠳ᠋ᠦᠩᠰᠢᠭᠤᠷ ᠲᠦᠭᠦᠷᠢᠭ᠌ ᠤᠨ ᠡᠳ᠋ ᠤᠨ ᠵᠠᠰᠠᠭ ᠤᠨ ᠬᠣᠬᠢᠷᠠᠯ ᠢ ᠡᠭᠡᠭᠦᠯᠵᠡᠢ᠃

    ᠰᠣᠷᠪᠤᠯᠵᠢᠯᠠᠭᠴᠢ ᠥᠪᠦᠷ ᠮᠣᠩᠭᠣᠯ ᠤᠨ ᠥᠪᠡᠷᠲᠡᠬᠡᠨ ᠵᠠᠰᠠᠬᠤ ᠤᠷᠤᠨ ᠤ ᠠᠷᠠᠳ ᠤᠨ ᠪᠠᠶᠢᠴᠠᠭᠠᠬᠤ ᠬᠤᠷᠢᠶ᠎ᠠ ᠡᠴᠡ ᠤᠶᠢᠯᠠᠭᠠᠭᠰᠠᠨ ᠢᠶᠡᠷ᠂ ᠦᠩᠭᠡᠷᠡᠭᠰᠡᠨ ᠲᠠᠪᠤᠨ ᠵᠢᠯ ᠳᠤ᠂ ᠥᠪᠦᠷ ᠮᠣᠩᠭᠣᠯ ᠤᠨ ᠪᠠᠶᠢᠴᠠᠭᠠᠬᠤ ᠪᠠᠶᠢᠭᠤᠯᠤᠮᠵᠢ ᠡᠯ᠎᠎ᠡ ᠱᠠᠲᠤᠨ ᠤ ᠠᠯᠪᠠᠨ ᠲᠤᠰᠢᠶᠠᠯ ᠤᠨ ᠬᠡᠮᠲᠤ ᠬᠡᠷᠡᠭ 4603᠂ ᠬᠡᠷᠡᠭ ᠲᠤ ᠬᠣᠯᠪᠤᠭᠳᠠᠭᠰᠠᠨ 7721 ᠬᠦᠮᠦᠨ ᠢ ᠳᠠᠩᠰᠠᠯᠠᠵᠤ ᠪᠠᠶᠢᠴᠠᠭᠠᠵᠡᠢ᠃ 2011 ᠣᠨ ᠤ ᠪᠠᠶᠢᠴᠠᠭᠠᠭᠳᠠᠭᠰᠠᠨ ᠬᠦᠮᠦᠨ ᠤ ᠲᠤᠭ᠎ᠠ ᠲᠠᠢ ᠠᠳᠠᠯᠢᠳᠬᠠᠪᠠᠯ 2015 ᠣᠨ ᠳᠤ 82.9% ᠨᠡᠮᠡᠭᠳᠠᠵᠡᠢ᠃ ᠡᠭᠦᠨ ᠳᠤ᠂ ᠰᠢᠶᠠᠨ ᠤ ᠱᠠᠲᠤᠨ ᠡᠴᠡ ᠳᠡᠭᠡᠭ᠍ᠰᠢᠬᠢ ᠤᠳᠤᠷᠢᠳᠤᠯᠭ᠎ᠠ 358 ᠬᠦᠮᠦᠨ ᠢ ᠪᠠᠶᠢᠴᠠᠭᠠᠨ ᠰᠢᠳᠭᠡᠵᠤ᠂ ᠲᠢᠩᠬᠢᠮ  ᠤᠨ ᠱᠠᠲᠤ  ᠪᠤᠯᠤᠨ ᠲᠢᠩᠬᠢᠮ ᠤᠨ ᠱᠠᠲᠤᠨ ᠡᠴᠡ ᠳᠡᠭᠡᠭ᠍ᠰᠢᠬᠢ ᠤᠳᠤᠷᠢᠳᠤᠯᠭ᠎ᠠ 36 ᠬᠦᠮᠦᠨ ᠢ ᠪᠠᠶᠢᠴᠠᠭᠠᠨ ᠰᠢᠳᠬᠡᠭ᠍ᠰᠡᠨ ᠮᠦᠷᠲᠡᠬᠡᠨ 22.4 ᠳ᠋ᠦᠩᠰᠢᠭᠤᠷ ᠲᠦᠭᠦᠷᠢᠭ᠌ ᠤᠨ ᠡᠳ᠋ ᠤᠨ ᠵᠠᠰᠠᠭ ᠤᠨ ᠬᠣᠬᠢᠷᠠᠯ ᠢ ᠡᠬᠡᠭᠦᠯᠵᠡᠢ᠃ (ᠳᠠᠳᠤᠯᠭ᠎ᠠ ᠶᠢᠨ ᠨᠠᠶᠢᠷᠠᠭᠤᠯᠤᠭᠴᠢ ᠰᠤᠷᠤᠶ᠎ᠠ ᠣᠷᠴᠢᠭᠤᠯᠤᠪᠠ)

ᠢᠷᠡᠯᠳᠡ᠄ ᠰᠢᠨᠬᠣᠧᠠ ᠬᠣᠷᠢᠶ᠎᠎ᠠ ᠪᠡᠯᠡᠳᠭᠡᠭ᠍ᠰᠡᠨ ᠨᠢ᠄ ᠪᠣᠯᠣᠷᠴᠡᠴᠡᠭ᠌

ᠰᠣᠶᠤᠯ ᠤᠷᠠᠯᠢᠭ

  • ᠦᠪᠦᠷ ᠮᠤᠨᠭᠭᠤᠯ ᠤᠨ ᠦᠨᠳᠦᠰᠦᠲᠡᠨ ᠤ ᠺᠢᠨᠤ᠋ ᠬᠢᠷᠢ ᠮᠤᠨᠳᠠᠬ ᠪᠠᠶᠢᠳᠠᠬ ᠢ ᠠᠨᠭᠬᠠᠷᠤᠬᠰᠨᠨ ᠤᠤ
  • ᠮᠤᠩᠭ᠋ᠤᠯ ᠦᠨᠳᠦᠰᠦᠲᠡᠨ ᠤ ᠵᠠᠯᠠᠭᠤᠴᠤᠳ ᠤᠨ ᠨᠠᠶᠢᠷᠠᠯ ᠳᠠᠭᠤᠤ ᠵᠢᠨ ᠪᠦᠯᠬᠦᠮ ᠪᠡᠭᠡᠵᠢᠩ ᠳ᠋ᠥ ᠲᠤᠭᠯᠠᠪᠠ
  • 25 ᠳ᠋ᠡᠬᠢ ᠬᠤᠭᠤᠴᠠᠭᠠᠨ ᠤ ᠠᠯᠲᠠᠨ ᠲᠠᠬᠢᠶ᠎ᠠ ᠴᠡᠴᠡᠭᠡᠰ ᠱᠠᠩᠨᠠᠯ ᠤᠨ ᠺᠢᠨᠤ᠋ ᠨᠠᠭᠠᠳᠤᠮ ᠬᠦᠰᠢᠭᠡ ᠪᠠᠨ ᠨᠡᠬᠡᠭᠡᠯ᠎ᠡ
  • ᠰᠦᠢ ᠶᠠᠩ ᠳ᠋᠋ᠢ ᠬᠠᠭᠠᠨ ᠤ ᠰᠢᠶᠤᠤ ᠬᠠᠲᠤᠨ ᠤ ᠲᠢᠳᠢᠮ ᠢ ᠳᠡᠯᠭᠡᠨ ᠦᠵᠡᠭᠦᠯᠦᠯ᠎ᠡ
关闭
010070230030000000000000011120701119462644