ᠰᠢᠤᠢ ᠢᠦᠢ ᠢᠦᠢ ᠶᠢᠨ ᠬᠡᠷᠡᠭ ᠲᠦ ᠬᠤᠯᠪᠤᠭᠳᠠᠭᠰᠠᠨ ᠰᠡᠵᠢᠭᠲᠡᠳ ᠪᠦᠬᠦᠨ ᠢᠶᠡᠷ ᠢᠶᠡᠨ ᠪᠠᠷᠢᠪᠴᠢᠯᠠᠭᠳᠠᠯ᠎ᠠ 2016-08-29 15:33

    ᠰᠢᠨᠬᠤᠧᠠ ᠬᠤᠷᠢᠶ᠎ᠠ ᠹᠦ᠋ ᠵᠧᠤ ᠶᠢᠨ 8 ᠰᠠᠷ᠎ᠠ ᠶᠢᠨ 28 ᠤ ᠡᠳᠦᠷ ᠤᠨ ᠴᠠᠬᠢᠯᠭᠠᠨ ᠮᠡᠳᠡᠭᠡ (ᠰᠤᠷᠪᠤᠯᠵᠢᠠᠭᠴᠢ ᠵᠧᠩ ᠯᠢᠶᠠᠩ) ᠰᠤᠷᠪᠤᠯᠵᠢᠯᠠᠭᠴᠢ 28 ᠤ ᠡᠳᠦᠷ ᠳᠤᠲᠤᠭᠠᠲᠤ ᠶᠢ ᠬᠠᠮᠠᠭᠠᠯᠠᠬᠤ ᠰᠠᠯᠠᠭ᠎ᠠ ᠮᠦᠴᠢᠷ ᠡᠴᠡ ᠤᠶᠢᠯᠠᠭᠠᠭᠰᠠᠨ ᠢᠶᠡᠷ᠂ ᠨᠠᠶᠢᠭᠡᠮ ᠤᠨ ᠠᠩᠬᠠᠷᠤᠯ ᠢ ᠲᠠᠳᠠᠭᠰᠠᠨ ᠱᠠᠨᠳᠦ᠋ᠩ ᠤᠨ ᠰᠢᠤᠢ ᠢᠦᠢ ᠢᠦᠢ ᠶᠢᠨ ᠮᠡᠬᠡᠯᠡᠭᠳᠡᠭᠰᠡᠨ ᠬᠡᠷᠡᠭ ᠲᠡᠬᠢ ᠬᠠᠮᠤᠭ ᠤᠨ ᠰᠡᠭᠦᠯᠴᠢ ᠶᠢᠨ A ᠳᠡᠰ ᠤᠨ ᠨᠡᠬᠡᠮᠵᠢᠯᠡᠭᠳᠡᠭᠰᠡᠨ ᠰᠡᠵᠢᠭᠲᠡᠨ ᠵᠧᠩ ᠰᠢᠶᠠᠨ ᠼᠦ᠋ᠩ ᠴᠠᠭᠳᠠᠭᠠᠨ ᠤ ᠲᠠᠯ᠎ᠠ ᠤᠨ ᠬᠢᠨ ᠳᠤ ᠪᠡᠶ᠎ᠡ ᠪᠡᠨ ᠲᠤᠰᠢᠶᠠᠪᠠ᠃ ᠤᠳᠤᠬᠠ ᠳᠦ ᠲᠤᠰ ᠬᠡᠷᠡᠭ ᠤᠨ 6 ᠰᠡᠵᠢᠭᠲᠡᠨ ᠪᠦᠬᠦᠨ ᠢᠶᠡᠷ ᠢᠶᠡᠨ ᠪᠠᠷᠢᠪᠴᠢᠯᠠᠭᠳᠠᠵᠠᠢ᠃

    8 ᠰᠠᠷ᠎ᠠ ᠶᠢᠨ 19 ᠤ ᠡᠳᠦᠷ ᠱᠠᠨᠳᠦ᠋ᠩ ᠮᠤᠵᠢ ᠶᠢᠨ ᠯᠢᠨ ᠡᠢ ᠬᠤᠲᠠ ᠶᠢᠨ ᠶᠡᠬᠡ ᠳᠡᠭᠡᠲᠤ ᠰᠤᠷᠭᠠᠭᠤᠯᠢ ᠶᠢᠨ ᠡᠯᠰᠡᠯᠲᠠ ᠶᠢᠨ ᠰᠢᠯᠭᠠᠯᠲᠠ ᠳᠦ ᠡᠯᠰᠡᠭᠳᠡᠭᠰᠡᠨ ᠰᠢᠤᠢ ᠢᠦᠢ ᠢᠦᠢ᠂ ᠬᠡᠷᠡᠭ ᠤᠨ ᠰᠡᠵᠢᠭᠲᠡᠳ ᠤᠨ ᠲᠡᠳᠭᠦᠮᠵᠢ ᠶᠢᠨ ᠮᠦᠩᠭᠦ ᠲᠦᠭᠡᠭᠡᠬᠦ ᠨᠡᠷ᠎ᠡ ᠪᠡᠷ ᠬᠠᠭᠤᠷᠮᠠᠬᠯᠠᠬᠰᠠᠨ ᠬᠡᠷᠡᠭ ᠲᠤ ᠤᠨᠤᠬᠳᠠᠵᠤ 9900 ᠲᠦᠬᠦᠷᠢᠭ᠌ ᠶᠢᠡᠨ ᠮᠡᠬᠡᠯᠡᠭᠳᠡᠵᠡᠢ᠂ ᠬᠡᠷᠡᠭ ᠤᠨ ᠳᠠᠷᠠᠭ᠎ᠠ ᠰᠢᠤᠢ ᠢᠦᠢ ᠢᠦᠢ ᠠᠪᠤ ᠲᠠᠢ ᠪᠠᠨ ᠳᠤᠲᠤᠭᠠᠲᠤ ᠶᠢ ᠬᠠᠮᠠᠭᠠᠯᠠᠬᠤ ᠪᠠᠶᠢᠭᠤᠯᠭ᠎ᠠ ᠳᠦ ᠬᠡᠷᠡᠭ ᠮᠡᠳᠡᠭᠦᠯᠵᠤ ᠪᠠᠷᠠᠭᠠᠳ ᠭᠡᠷ ᠲᠦ ᠪᠡᠨ ᠬᠠᠷᠢᠬᠤ ᠵᠡᠮ ᠳᠦ ᠪᠡᠨ ᠮᠠᠨᠠᠷᠠᠨ ᠤᠨᠠᠵᠤ᠂ ᠵᠢᠷᠦᠬᠡᠨ ᠴᠤᠬᠢᠯᠲᠠ ᠨᠢ ᠭᠡᠨᠡᠳᠲᠡ ᠵᠤᠭᠰᠤᠨ ᠡᠮᠨᠡᠯᠭᠡ ᠳᠦ ᠬᠦᠷᠭᠡᠵᠤ ᠪᠠᠴᠢᠮ ᠠᠪᠤᠷᠠᠯᠲᠠ ᠬᠢᠭ᠍ᠰᠡᠨ ᠪᠤᠯᠪᠠᠴᠤ ᠲᠤᠰᠠ ᠪᠤᠯᠤᠬᠰᠠᠨ ᠦᠭᠡᠢ᠃

    ᠡᠭᠦᠨ ᠳᠤ ᠳᠤᠲᠤᠭᠠᠲᠤ ᠶᠢ ᠬᠠᠮᠠᠭᠠᠯᠠᠬᠤ ᠶᠠᠮᠤᠨ ᠳᠠᠷᠤᠢ ᠲᠦᠷᠭᠡᠨ ᠱᠠᠨᠳᠦ᠋ᠩ ᠹᠦᠵᠢᠶᠠᠨ ᠵᠡᠷᠭᠡ ᠤᠷᠤᠨ ᠨᠤᠲᠤᠭ ᠤᠨ ᠲᠤᠳᠤᠭᠠᠲᠤ ᠶᠢ ᠬᠠᠮᠠᠭᠠᠯᠠᠬᠤ ᠪᠠᠶᠢᠭᠤᠯᠭ᠎ᠠ ᠶᠢ ᠵᠤᠬᠢᠶᠠᠨ ᠪᠠᠶᠢᠭᠤᠯᠵᠤ ᠮᠦᠷᠳᠡᠨ ᠪᠠᠶᠢᠴᠠᠭᠠᠯᠲᠠ ᠬᠢᠵᠠᠢ᠃ ᠪᠠᠶᠢᠴᠠᠭᠠᠭᠰᠠᠨ ᠳ᠋ᠦᠩ ᠳᠦ ᠴᠧᠨ ᠸᠸᠨ ᠾᠦᠢ᠂ ᠵᠧᠩ ᠵᠢᠨ ᠹᠧᠩ᠂ ᠴᠧᠨ ᠹᠦ᠋ ᠳ᠋ᠢ᠂ ᠰᠢᠶᠦ᠋ᠩ ᠴᠤᠤ᠂ ᠵᠧᠩ ᠰᠢᠶᠠᠨ ᠼᠦ᠋ᠩ ᠂ ᠬᠤᠧᠠᠩ ᠵᠢᠨ ᠴᠦᠨ ᠵᠡᠷᠭᠡ ᠬᠡᠷᠡᠭᠲᠡᠨ ᠬᠤᠯᠪᠤᠬᠳᠠᠬᠰᠠᠨ ᠡᠴᠡ᠂ 26  ᠤ ᠡᠳᠦᠷ ᠳᠤᠲᠤᠭᠠᠲᠤ ᠶᠢ ᠬᠠᠮᠠᠭᠠᠯᠠᠬᠤ ᠶᠠᠮᠤᠨ A ᠳᠡᠰ ᠤᠨ ᠨᠡᠬᠡᠮᠵᠢᠯᠡᠬᠦ ᠵᠠᠷᠯᠢᠭ ᠪᠠᠭᠤᠯᠭᠠᠪᠠ᠃

    ᠳᠤᠲᠤᠭᠠᠲᠤ ᠶᠢ ᠬᠠᠮᠠᠭᠠᠯᠠᠬᠤ ᠲᠤᠰᠬᠠᠢ ᠬᠡᠷᠡᠭ ᠤᠨ ᠲᠤᠭᠤᠶᠢᠯᠠᠩ ᠬᠡᠳᠤᠨ ᠡᠳᠦᠷ ᠡᠷᠡᠯᠬᠡᠭ᠌ ᠰᠢᠷᠭᠠᠭᠤ ᠨᠡᠬᠡᠮᠵᠢᠯᠡᠭᠰᠡᠨ ᠤ ᠳ᠋ᠦ᠋ᠩ ᠳᠦ ᠵᠧᠩ ᠵᠢᠨ ᠹᠧᠩ ᠵᠡᠷᠭᠡ 5 ᠰᠡᠵᠢᠭᠲᠡᠨ ᠢ ᠪᠠᠷᠢᠪᠴᠢᠯᠠᠵᠤ᠂ ᠰᠡᠵᠢᠭᠲᠡᠨ ᠵᠧᠩ ᠰᠢᠶᠠᠨ ᠼᠦ᠋ᠩ ᠴᠠᠭᠳᠠᠭᠠᠨ ᠤ ᠲᠠᠯ᠎ᠠ ᠤᠨ ᠬᠢᠨ ᠳᠤ ᠪᠡᠶ᠎ᠠ ᠪᠡᠨ ᠲᠤᠰᠢᠶᠠᠵᠠᠢ᠃ (ᠳᠠᠳᠤᠯᠭ᠎ᠠ ᠶᠢᠨ ᠰᠤᠷᠤᠭᠴᠢ ᠬᠡᠤᠬᠡᠨᠰᠤᠯᠢ ᠤᠷᠴᠢᠭᠤᠯᠪᠠ)

ᠢᠷᠡᠯᠳᠡ᠄ ᠰᠢᠨᠬᠤᠧᠠ ᠬᠤᠷᠢᠶ᠎ᠠ ᠪᠡᠯᠡᠳᠭᠡᠭ᠍ᠰᠡᠨ ᠨᠢ᠄ ᠪᠠᠢ ᠯᠢᠩ ᠳ᠋ᠢ

ᠰᠣᠶᠤᠯ ᠤᠷᠠᠯᠢᠭ

  • ᠦᠪᠦᠷ ᠮᠤᠨᠭᠭᠤᠯ ᠤᠨ ᠦᠨᠳᠦᠰᠦᠲᠡᠨ ᠤ ᠺᠢᠨᠤ᠋ ᠬᠢᠷᠢ ᠮᠤᠨᠳᠠᠬ ᠪᠠᠶᠢᠳᠠᠬ ᠢ ᠠᠨᠭᠬᠠᠷᠤᠬᠰᠨᠨ ᠤᠤ
  • ᠮᠤᠩᠭ᠋ᠤᠯ ᠦᠨᠳᠦᠰᠦᠲᠡᠨ ᠤ ᠵᠠᠯᠠᠭᠤᠴᠤᠳ ᠤᠨ ᠨᠠᠶᠢᠷᠠᠯ ᠳᠠᠭᠤᠤ ᠵᠢᠨ ᠪᠦᠯᠬᠦᠮ ᠪᠡᠭᠡᠵᠢᠩ ᠳ᠋ᠥ ᠲᠤᠭᠯᠠᠪᠠ
  • 25 ᠳ᠋ᠡᠬᠢ ᠬᠤᠭᠤᠴᠠᠭᠠᠨ ᠤ ᠠᠯᠲᠠᠨ ᠲᠠᠬᠢᠶ᠎ᠠ ᠴᠡᠴᠡᠭᠡᠰ ᠱᠠᠩᠨᠠᠯ ᠤᠨ ᠺᠢᠨᠤ᠋ ᠨᠠᠭᠠᠳᠤᠮ ᠬᠦᠰᠢᠭᠡ ᠪᠠᠨ ᠨᠡᠬᠡᠭᠡᠯ᠎ᠡ
  • ᠰᠦᠢ ᠶᠠᠩ ᠳ᠋᠋ᠢ ᠬᠠᠭᠠᠨ ᠤ ᠰᠢᠶᠤᠤ ᠬᠠᠲᠤᠨ ᠤ ᠲᠢᠳᠢᠮ ᠢ ᠳᠡᠯᠭᠡᠨ ᠦᠵᠡᠭᠦᠯᠦᠯ᠎ᠡ
010070230030000000000000011120691119473162