蒙古文网站Logo
ᠰᠢᠨᠬᠤᠸᠠ ᠮᠤᠩᠭ᠋ᠤᠯ ᠨᠧᠲ

ᠯᠢ ᠵᠢᠢ ᠾᠧᠩ ᠦᠪᠦᠷ ᠮᠤᠩᠭᠤᠯ ᠤᠨ ᠬᠡᠪᠯᠡᠯ ᠮᠡᠳᠡᠬᠡᠯᠡᠯ ᠤᠨ ᠠᠵᠢᠯᠳᠡᠨ ᠤ ᠨᠡᠶᠢᠭᠡᠮᠯᠢᠭ ᠤᠨ ᠬᠡᠷᠡᠭ ᠡᠷᠬᠢᠯᠡᠭᠴᠢᠳ ᠤᠨ ᠵᠢᠷᠭᠤᠳᠤᠭᠠᠷ ᠬᠤᠷᠠᠯ ᠤᠨ ᠠᠩᠬᠠᠳᠠᠭᠴᠢ ᠬᠤᠷᠠᠯ ᠳᠤ ᠤᠷᠤᠯᠴᠠᠬᠰᠠᠳ ᠢ ᠲᠤᠳᠤᠨᠤᠰᠤᠭ ᠢᠶᠠᠷ ᠬᠦᠯᠢᠶᠡᠨ ᠠᠪᠴᠤ ᠠᠭᠤᠯᠵᠠᠪᠠ

2016-09-02 09:05

    9 ᠰᠠᠷ᠎ᠠ ᠶᠢᠨ 1 ᠤ ᠡᠳᠦᠷ᠂ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠱᠦᠵᠢ ᠯᠢ ᠵᠢᠢ ᠾᠧᠩ ᠬᠦᠬᠡᠬᠤᠳᠠ ᠳᠤ ᠦᠪᠡᠷᠳᠡᠭᠡᠨ ᠵᠠᠰᠠᠬᠤ ᠤᠷᠤᠨ ᠤ ᠬᠡᠪᠯᠡᠯ ᠮᠡᠳᠡᠬᠡᠯᠡᠯ ᠤᠨ ᠠᠵᠢᠯᠳᠡᠨ ᠤ ᠨᠡᠶᠢᠭᠡᠮᠯᠢᠭ ᠤᠨ ᠵᠢᠷᠭᠤᠳᠤᠭᠠᠷ ᠬᠤᠭᠤᠴᠠᠭᠠᠨ ᠤ ᠬᠡᠷᠡᠭ ᠡᠷᠬᠢᠯᠡᠭᠴᠢᠳ ᠤᠨ ᠬᠤᠷᠠᠯ ᠤᠨ ᠠᠩᠬᠠᠳᠠᠭᠴᠢ ᠬᠤᠷᠠᠯ ᠳᠤ ᠤᠷᠤᠯᠴᠠᠬᠰᠠᠳ ᠢ ᠲᠤᠳᠤᠨᠤᠰᠤᠭ ᠢᠶᠠᠷ ᠬᠦᠯᠢᠶᠡᠨ ᠠᠪᠴᠤ ᠠᠭᠤᠯᠵᠠᠨ᠂ ᠲᠡᠳᠡᠨ ᠲᠠᠢ ᠬᠠᠮᠳᠤ ᠶᠢᠨ ᠵᠢᠷᠤᠭ ᠠᠪᠬᠠᠭᠤᠯᠵᠤ ᠲᠤᠷᠠᠰᠬᠠᠯ ᠦᠯᠡᠳᠡᠭᠡᠭᠦ ᠶᠢᠨ ᠬᠠᠮᠳᠤ ᠶᠠᠷᠢᠶ᠎ᠠ ᠲᠠᠯᠪᠢᠪᠡ᠃ ᠲᠡᠷᠡ᠂ ᠤᠷᠤᠨ ᠲᠠᠶᠠᠭᠠᠷ ᠤᠨ ᠦᠷᠭᠡᠨ ᠤᠯᠠᠨ ᠬᠡᠪᠯᠡᠯ ᠮᠡᠳᠡᠬᠡᠯᠡᠯ ᠤᠨ ᠠᠵᠢᠯᠳᠠᠨ ᠨᠠᠮ ᠤᠨ ᠲᠠᠭᠤᠨ ᠬᠤᠭᠤᠯᠠᠢ ᠶᠢᠨ ᠡᠬᠦᠷᠭᠡ ᠪᠠᠨ ᠰᠠᠶᠢᠳᠤᠷ ᠬᠦᠢᠴᠡᠳᠭᠡᠵᠦ᠂ ᠢᠷᠬᠡᠳ ᠤᠨ ᠬᠦᠰᠡᠯ ᠱᠠᠭᠠᠷᠳᠠᠯᠭ᠎ᠠ ᠶᠢ ᠲᠤᠰᠬᠠᠨ᠂ ᠦᠪᠦᠷ ᠮᠤᠩᠭᠤᠯ ᠤᠨ ᠦᠯᠢᠭᠡᠷ ᠢ ᠰᠠᠶᠢᠳᠤᠷ ᠶᠠᠷᠢᠵᠤ᠂ ᠤᠯᠤᠰ ᠲᠠᠶᠠᠭᠠᠷ ᠴᠢᠨᠠᠬᠰᠢᠯᠠᠨ ᠲᠡᠯᠡᠭᠡᠢ ᠳᠤ ᠦᠪᠦᠷ ᠮᠤᠩᠭᠤᠯ ᠢ ᠤᠢᠢᠯᠠᠭᠠᠭᠤᠯᠤᠨ᠂ ᠡᠭᠡ ᠤᠯᠤᠰ ᠤᠨ ᠤᠮᠠᠷᠠᠳᠦ ᠶᠢᠨ ᠦᠵᠡᠰᠭᠦᠯᠡᠩᠳᠦ ᠰᠠᠶᠢᠬᠠᠨ ᠦᠵᠡᠮᠵᠢ ᠶᠢᠨ ᠤᠷᠤᠨ ᠢ ᠨᠡᠩ ᠦᠵᠡᠰᠬᠦᠯᠡᠩᠳᠤ ᠰᠠᠶᠢᠬᠠᠨ ᠪᠤᠯᠭᠠᠨ ᠪᠦᠲᠦᠭᠡᠨ ᠪᠠᠶᠢᠭᠤᠯᠬᠤ ᠳᠤ ᠰᠢᠨ᠎ᠡ ᠬᠤᠪᠢ ᠨᠡᠮᠡᠷᠢ ᠦᠵᠡᠭᠦᠯᠭᠦ ᠶᠢ ᠬᠦᠰᠡᠵᠤ ᠪᠠᠶᠢᠨ᠎ᠠ ᠬᠡᠵᠡᠢ᠃

    ᠦᠳᠡ ᠶᠢᠨ ᠡᠮᠦᠨᠡᠭᠢ 9 ᠴᠠᠭ ᠲᠤ᠂ ᠯᠢ ᠵᠢᠢ ᠾᠧᠩ ᠬᠤᠷᠠᠯ ᠳᠤ ᠤᠷᠤᠯᠴᠠᠬᠰᠠᠳ ᠤᠨ ᠲᠤᠮᠳᠠ ᠢᠷᠡᠵᠤ᠂ ᠲᠡᠳᠡᠨ ᠲᠠᠢ ᠨᠢᠭᠡ ᠨᠢᠭᠡ ᠪᠠᠷ ᠭᠠᠷ ᠠᠳᠬᠤᠨ᠂ ᠬᠠᠯᠠᠭᠤᠨ ᠮᠡᠳᠦ ᠬᠦᠷᠭᠡᠪᠡ᠃ ᠯᠢ ᠵᠢᠢ ᠾᠧᠩ᠂ ᠤᠷᠳᠤ ᠬᠤᠭᠤᠴᠠᠭᠠᠨ ᠤ ᠲᠤᠷᠰᠢ ᠦᠪᠡᠷᠳᠡᠭᠡᠨ ᠵᠠᠰᠠᠬᠤ ᠤᠷᠤᠨ ᠤ ᠬᠡᠪᠯᠡᠯ ᠮᠡᠳᠡᠬᠡᠯᠡᠯ ᠤᠨ ᠠᠵᠢᠯᠳᠠᠨ ᠤ ᠨᠡᠶᠢᠭᠡᠮᠯᠢᠭ ᠪᠤᠯᠤᠨ ᠦᠷᠭᠡᠨ ᠤᠯᠠᠨ ᠬᠡᠪᠯᠡᠯ ᠮᠡᠳᠡᠬᠡᠯᠡᠯ ᠤᠨ ᠠᠵᠢᠯᠳᠠᠨ ᠲᠦᠪ ᠤᠨ ᠪᠠ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠰᠢᠢᠳᠪᠦᠷᠢᠳᠦ ᠪᠤᠳᠤᠯᠭ᠎ᠠ ᠪᠠᠶᠢᠷᠢᠯᠠᠭᠤᠯᠤᠯᠳᠠ ᠶᠢ ᠨᠠᠷᠢᠨ ᠬᠢᠨᠠᠮᠠᠭᠠᠢ ᠲᠤᠤᠱᠯᠠᠭᠤᠯᠵᠤ᠂ ᠴᠠᠭ ᠦᠶ᠎ᠠ ᠶᠢᠨ ᠭᠤᠤᠯ ᠬᠦᠭ ᠠᠶᠠᠰ ᠢ ᠴᠢᠪᠠᠭᠳᠠᠨ᠂ ᠨᠡᠶᠢᠭᠡᠮ ᠤᠨ ᠢᠳᠡᠪᠬᠢ ᠬᠦᠴᠦᠨ ᠢ ᠲᠠᠮᠵᠢᠭᠤᠯᠵᠤ᠂ ᠤᠷᠤᠨ ᠲᠠᠶᠠᠭᠠᠷ ᠤᠨ ᠡᠳ᠋ ᠤᠨ ᠵᠠᠰᠠᠭ ᠨᠡᠶᠢᠭᠡᠮ ᠤᠨ ᠬᠦᠭᠵᠢᠯᠳᠡ ᠳᠤ ᠰᠠᠶᠢᠨ ᠰᠠᠶᠢᠬᠠᠨ ᠤᠷᠴᠢᠨ ᠲᠤᠭᠤᠷᠢᠨ ᠢ ᠪᠤᠢ ᠪᠤᠯᠭᠠᠵᠤ᠂ ᠬᠦᠴᠦᠷᠭᠡᠭ ᠶᠡᠭᠡ ᠬᠦᠴᠦᠨ ᠴᠢᠳᠠᠯ ᠢ ᠨᠢᠬᠳᠠᠷᠠᠭᠤᠯᠪᠠ ᠬᠡᠵᠡᠢ᠃

    ᠯᠢ ᠵᠢᠢ ᠾᠧᠩ ᠪᠠᠰᠠ᠂ ᠬᠡᠪᠯᠡᠯ ᠮᠡᠳᠡᠬᠡᠯᠡᠯ ᠤᠨ ᠠᠵᠢᠯᠳᠠᠨ ᠤ ᠨᠡᠶᠢᠭᠡᠮᠯᠢᠭ ᠪᠤᠯ ᠨᠠᠮ ᠤᠨ ᠬᠡᠪᠯᠡᠯ ᠮᠡᠳᠡᠬᠡᠯᠡᠯ ᠤᠨ ᠶᠠᠷᠢᠶ᠎ᠠ ᠬᠡᠯᠡᠯᠴᠡᠭᠡᠨ ᠤ ᠠᠵᠢᠯ ᠢ ᠤᠳᠤᠷᠢᠳᠬᠤ ᠴᠢᠬᠤᠯᠠ ᠵᠦᠪᠯᠡᠭᠴᠢ ᠪᠠ ᠲᠤᠰᠠᠯᠠᠬᠴᠢ ᠮᠦᠨ᠂ ᠮᠦᠨᠴᠤ ᠨᠠᠮ ᠤᠨ ᠬᠡᠪᠯᠡᠯ ᠮᠡᠳᠡᠬᠡᠯᠡᠯ ᠤᠨ ᠠᠵᠢᠯᠳᠠᠳ ᠲᠠᠢ ᠬᠠᠷᠢᠯᠴᠠᠬᠤ ᠬᠦᠬᠦᠷᠭᠡ ᠪᠠ ᠬᠤᠯᠪᠤᠭᠠᠰᠦ ᠮᠦᠨ᠃ ᠦᠪᠡᠷᠳᠡᠭᠡᠨ ᠵᠠᠰᠠᠬᠤ ᠤᠷᠤᠨ ᠤ ᠬᠡᠪᠯᠡᠯ ᠮᠡᠳᠡᠬᠡᠯᠡᠯ ᠤᠨ ᠠᠵᠢᠯᠳᠠᠨ ᠤ ᠨᠡᠶᠢᠭᠡᠮᠯᠢᠭ ᠦᠷᠭᠡᠨ ᠤᠯᠠᠨ ᠬᠡᠪᠯᠡᠯ ᠮᠡᠳᠡᠬᠡᠯᠡᠯ ᠤᠨ ᠠᠵᠢᠯᠳᠠᠨ ᠢ ᠪᠦᠯᠬᠦᠮᠳᠡᠭᠦᠯᠦᠨ ᠲᠠᠭᠠᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠰᠢᠷᠢᠰ ᠴᠢᠬᠤᠯᠠ ᠶᠠᠷᠢᠶ᠎ᠠ ᠪᠠ ᠦᠪᠦᠷ ᠮᠤᠩᠭᠤᠯ ᠳᠤ ᠰᠢᠨᠵᠢᠯᠡᠨ ᠪᠠᠶᠢᠴᠠᠭᠠᠬᠤ ᠦᠶ᠎ᠠ ᠶᠢᠨ ᠴᠢᠬᠤᠯᠠ ᠶᠠᠷᠢᠶ᠎ᠠ ᠶᠢᠨ ᠵᠤᠷᠢᠭ ᠰᠠᠨᠠᠭ᠎ᠠ ᠶᠢ ᠬᠦᠨᠵᠡᠭᠡᠢ ᠰᠤᠷᠤᠯᠴᠠᠨ ᠲᠤᠤᠱᠯᠠᠭᠤᠯᠵᠤ᠂ ᠤᠯᠤᠰ ᠲᠦᠷᠦ ᠡᠷᠡᠰ ᠴᠢᠩᠭ᠎ᠠ᠂ ᠲᠤᠬᠠᠢᠢᠯᠠᠬᠰᠠᠨ ᠠᠵᠢᠯ ᠳᠠᠭᠠᠨ ᠴᠠᠭᠠᠷᠠᠬᠰᠠᠨ᠂ ᠬᠡᠪ ᠰᠤᠷᠳᠠᠯ ᠤᠬᠢ ᠰᠢᠯᠢᠳᠡᠭ᠂ ᠨᠠᠮ ᠪᠤᠯᠤᠨ ᠢᠷᠬᠡᠳ ᠬᠠᠨᠤᠮᠵᠢ ᠲᠠᠢ ᠪᠠᠶᠢᠬᠤ ᠬᠡᠪᠯᠡᠯ ᠮᠡᠳᠡᠬᠡᠯᠡᠯ ᠤᠨ ᠠᠵᠢᠯᠳᠡᠨ ᠤ ᠡᠩᠨᠡᠭᠡ ᠶᠢ ᠬᠦᠮᠦᠵᠢᠭᠦᠯᠭᠦ ᠪᠠᠷ ᠬᠠᠷᠠᠯᠳᠠ ᠪᠤᠯᠭᠠᠨ᠂ ᠮᠠᠷᠺᠰ ᠤᠨ ᠦᠵᠡᠯ ᠤᠨ ᠰᠤᠨᠢᠨ ᠮᠡᠳᠡᠭᠡᠨ ᠤ ᠦᠵᠡᠯᠳᠡ ᠶᠢᠨ ᠬᠦᠮᠦᠵᠢᠯ ᠪᠠ ᠬᠡᠪᠯᠡᠯ ᠮᠡᠳᠡᠬᠡᠯᠡᠯ ᠤᠨ ᠲᠤᠬᠠᠢᠢᠯᠠᠬᠰᠠᠨ ᠠᠵᠢᠯ ᠤᠨ ᠶᠤᠰᠤ ᠰᠤᠷᠳᠠᠬᠤᠨ ᠤ ᠪᠠᠶᠢᠭᠤᠯᠤᠯᠳᠠ ᠶᠢ ᠴᠢᠩᠭᠠᠳᠬᠠᠬᠤ ᠪᠠᠷ ᠬᠦᠴᠦᠯᠡᠭᠦ ᠴᠡᠭ ᠪᠤᠯᠭᠠᠨ᠂ 《ᠦᠨᠳᠦᠰᠦᠨ ᠱᠠᠳᠤᠨ ᠳᠤ ᠬᠦᠨᠵᠡᠭᠡᠶᠢᠷᠡᠨ ᠠᠵᠢᠯ ᠤᠨ ᠤᠪᠤᠷ ᠵᠤᠬᠢᠶᠠᠯ ᠤᠨ ᠰᠤᠷᠳᠠᠯ ᠢᠶᠠᠨ ᠰᠠᠶᠢᠵᠢᠷᠠᠭᠤᠯᠬᠤ》 ᠠᠵᠢᠯᠯᠠᠭ᠎ᠠ ᠪᠠᠷ ᠬᠦᠴᠦᠳᠡᠢ ᠠᠳᠬᠤᠴᠠ ᠪᠤᠯᠭᠠᠵᠤ᠂ ᠵᠦᠪᠯᠡᠭᠴᠢ ᠲᠤᠰᠠᠯᠠᠬᠴᠢ ᠪᠠ ᠬᠦᠬᠦᠷᠭᠡ ᠬᠤᠯᠪᠤᠭᠠᠰᠦ ᠶᠢᠨ ᠦᠢᠯᠡᠳᠦᠯ ᠢᠶᠠᠨ ᠢᠳᠡᠪᠬᠢᠳᠡᠢ ᠪᠠᠳᠠᠷᠠᠭᠤᠯᠤᠨ᠂ ᠤᠷᠤᠨ ᠲᠠᠶᠠᠭᠠᠷ ᠤᠨ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠠᠶᠢᠭᠤᠯᠬᠤ᠂ ᠲᠤᠮᠳᠠᠳᠤ ᠶᠢᠨ ᠵᠡᠭᠦᠳᠦ ᠶᠢᠨ ᠦᠪᠦᠷ ᠮᠤᠩᠭᠤᠯ ᠳᠤ ᠲᠡᠷᠭᠡᠯᠰᠢᠬᠦ ᠶᠢ ᠰᠠᠶᠢᠳᠤᠷ ᠪᠢᠴᠢᠭᠯᠡᠭᠦ ᠳᠤ ᠬᠦᠴᠦᠨ ᠪᠦᠬᠦᠢ ᠶᠠᠷᠢᠶ᠎ᠠ ᠬᠡᠯᠡᠯᠴᠡᠭᠡᠨ ᠤ ᠲᠠᠮᠵᠢᠯᠭᠡ ᠬᠠᠩᠭᠠᠬᠤ ᠢ ᠬᠦᠰᠡᠵᠤ ᠪᠠᠶᠢᠨ᠎ᠠ ᠬᠡᠵᠤ ᠴᠢᠬᠤᠯᠠᠴᠢᠯᠠᠵᠠᠢ᠃

    ᠯᠢ ᠵᠢᠢ ᠾᠧᠩ᠂ ᠤᠷᠤᠨ ᠲᠠᠶᠠᠭᠠᠷ ᠤᠨ ᠦᠷᠭᠡᠨ ᠤᠯᠠᠨ ᠬᠡᠪᠯᠡᠯ ᠮᠡᠳᠡᠬᠡᠯᠡᠯ ᠤᠨ ᠠᠵᠢᠯᠳᠠᠨ ᠦᠪᠡᠷ ᠢ ᠪᠠᠨ ᠨᠠᠮ ᠤᠨ ᠦᠢᠯᠡᠰ ᠤᠨ ᠨᠢᠭᠡ ᠪᠦᠷᠢᠯᠳᠦᠭᠦᠨ ᠬᠡᠳᠡᠭ ᠢᠶᠠᠨ ᠪᠠᠳᠤ ᠴᠡᠭᠡᠵᠢᠯᠡᠵᠤ᠂ ᠵᠦᠪ ᠤᠨᠤᠪᠴᠢᠳᠠᠢ ᠤᠯᠤᠰ ᠲᠦᠷᠦ ᠶᠢᠨ ᠴᠢᠭᠯᠡᠯ ᠪᠤᠯᠤᠨ ᠶᠠᠷᠢᠶ᠎ᠠ ᠬᠡᠯᠡᠯᠴᠡᠭᠡᠨ ᠤ ᠤᠳᠤᠷᠢᠳᠤᠮᠵᠢ ᠶᠢ ᠪᠠᠷᠢᠮᠳᠠᠯᠠᠵᠤ᠂ ᠡᠪ ᠨᠢᠬᠡᠳᠦᠯ ᠲᠤᠭᠳᠠᠭᠤᠨ ᠪᠠ ᠵᠦᠪ ᠲᠠᠯ᠎ᠠ ᠶᠢᠨ ᠤᠬᠠᠭᠤᠯᠭ᠎ᠠ ᠪᠠᠷ ᠭᠤᠤᠯᠯᠠᠬᠤ ᠦᠨᠳᠦᠰᠦᠨ ᠴᠢᠭᠯᠡᠯ ᠢ ᠪᠠᠷᠢᠮᠳᠠᠯᠠᠵᠤ᠂ ᠨᠡᠶᠢᠭᠡᠮ ᠤᠨ ᠬᠠᠷᠢᠭᠤᠴᠠᠯᠭ᠎ᠠ ᠪᠠᠨ ᠪᠠᠳᠤ ᠴᠡᠭᠡᠵᠢᠯᠡᠵᠤ᠂ ᠲᠤᠬᠠᠢᠢᠯᠠᠬᠰᠠᠨ ᠠᠵᠢᠯ ᠤᠨ ᠴᠢᠳᠠᠪᠦᠷᠢ ᠪᠠᠨ ᠲᠡᠭᠡᠭᠰᠢᠯᠡᠭᠦᠯᠤᠨ᠂ ᠠᠵᠢᠯ ᠤᠨ ᠤᠪᠤᠷ ᠵᠤᠬᠢᠶᠠᠯ ᠤᠨ ᠰᠤᠷᠳᠠᠯ ᠢᠶᠠᠨ ᠰᠠᠶᠢᠵᠢᠷᠠᠭᠤᠯᠵᠤ᠂ ᠦᠵᠡᠯ ᠰᠠᠨᠠᠭ᠎ᠠ ᠲᠠᠢ᠂ ᠰᠡᠳᠬᠢᠯᠭᠡ ᠲᠠᠢ᠂ ᠶᠠᠰᠦ ᠴᠢᠨᠠᠷ ᠲᠠᠢ ᠰᠢᠯᠢᠳᠡᠭ ᠪᠦᠳᠦᠭᠡᠯ ᠭᠠᠷᠭᠠᠬᠤ ᠪᠠᠷ ᠴᠢᠷᠮᠠᠶᠢᠬᠤ ᠶᠢ ᠬᠦᠰᠡᠵᠤ ᠪᠠᠶᠢᠨ᠎ᠠ ᠬᠡᠪᠡ᠃

    ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠡᠰᠢᠭᠦᠨ᠂ ᠤᠬᠠᠭᠤᠯᠬᠤ ᠬᠡᠯᠳᠡᠰ ᠤᠨ ᠲᠠᠷᠤᠭ᠎ᠠ ᠤᠯᠠᠭᠠᠨ ᠬᠤᠷᠠᠯ ᠡᠷᠬᠢᠯᠡᠭᠦ ᠶᠢᠨ ᠲᠠᠭᠠᠤ ᠳ᠋ᠦᠩᠨᠡᠯᠳᠡ ᠶᠢᠨ ᠶᠠᠷᠢᠶ᠎ᠠ ᠲᠠᠯᠪᠢᠪᠡ᠃ ᠲᠡᠷᠡ᠂ ᠯᠢ ᠵᠢᠢ ᠾᠧᠩ ᠨᠦᠬᠦᠷ ᠤᠨ ᠶᠠᠷᠢᠶ᠎ᠠ ᠰᠡᠳᠬᠢᠯᠭᠡ ᠦᠨᠳᠦᠷ ᠰᠠᠨᠠᠭ᠎ᠠ ᠬᠦᠨ ᠪᠠᠶᠢᠵᠤ᠂ ᠦᠷᠭᠡᠨ ᠤᠯᠠᠨ ᠬᠡᠪᠯᠡᠯ ᠮᠡᠳᠡᠬᠡᠯᠡᠯ ᠤᠨ ᠠᠵᠢᠯᠳᠠᠨ ᠳᠤ ᠰᠢᠨ᠎ᠡ ᠱᠠᠭᠠᠷᠳᠠᠯᠭ᠎ᠠ ᠲᠤᠷᠠᠳᠪᠠ᠃ ᠤᠯᠠᠨ ᠢᠶᠠᠷ ᠢᠶᠠᠨ ᠨᠠᠷᠢᠨ ᠬᠢᠨᠠᠮᠠᠭᠠᠢ ᠰᠤᠷᠤᠯᠴᠠᠨ ᠬᠦᠨᠵᠡᠭᠡᠢ ᠤᠢᠢᠯᠠᠭᠠᠵᠤ᠂ ᠲᠤᠬᠠᠢᠢᠯᠠᠬᠰᠠᠨ ᠠᠵᠢᠯ ᠢᠶᠠᠨ ᠦᠷᠭᠦᠯᠵᠢᠯᠡᠨ ᠰᠠᠶᠢᠳᠤᠷ ᠬᠢᠵᠤ᠂ ᠦᠪᠡᠷᠳᠡᠭᠡᠨ ᠵᠠᠰᠠᠬᠤ ᠤᠷᠤᠨ ᠤ ᠡᠳ᠋ ᠤᠨ ᠵᠠᠰᠠᠭ ᠨᠡᠶᠢᠭᠡᠮ ᠤᠨ ᠬᠦᠭᠵᠢᠯᠳᠡ ᠪᠠ ᠡᠭᠡ ᠤᠯᠤᠰ ᠤᠨ ᠤᠮᠠᠷᠠᠳᠦ ᠶᠢᠨ ᠦᠵᠡᠰᠭᠦᠯᠡᠩᠳᠦ ᠰᠠᠶᠢᠬᠠᠨ ᠦᠵᠡᠮᠵᠢ ᠶᠢᠨ ᠤᠷᠤᠨ ᠢ ᠨᠡᠩ ᠦᠵᠡᠰᠬᠦᠯᠡᠩᠳᠤ ᠰᠠᠶᠢᠬᠠᠨ ᠪᠤᠯᠭᠠᠨ ᠪᠦᠲᠦᠭᠡᠨ ᠪᠠᠶᠢᠭᠤᠯᠬᠤ ᠳᠤ ᠰᠢᠨ᠎ᠡ ᠬᠤᠪᠢ ᠨᠡᠮᠡᠷᠢ ᠦᠵᠡᠭᠦᠯᠭᠦ ᠬᠡᠷᠡᠭᠳᠡᠢ ᠬᠡᠵᠡᠢ᠃ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠡᠰᠢᠭᠦᠨ᠂ ᠨᠠᠷᠢᠨ ᠪᠢᠴᠢᠭ᠌ ᠤᠨ ᠲᠠᠷᠤᠭ᠎ᠠ ᠵᠠᠩ ᠶᠤᠸᠠᠨ ᠵᠦᠩ ᠪᠠᠷ᠎ᠠ ᠪᠤᠯᠵᠠᠢ᠃

ᠢᠷᠡᠯᠳᠡ᠄ ᠦᠪᠦᠷ ᠮᠤᠩᠭ᠋ᠤᠯ ᠤᠨ ᠡᠳᠦᠷ ᠤᠨ ᠰᠤᠨᠢᠨ ᠪᠡᠯᠡᠳᠭᠡᠭ᠍ᠰᠡᠨ ᠨᠢ᠄ ᠪᠣᠯᠣᠷᠴᠡᠴᠡᠭ᠌

ᠰᠣᠶᠤᠯ ᠤᠷᠠᠯᠢᠭ

  • ᠦᠪᠦᠷ ᠮᠤᠨᠭᠭᠤᠯ ᠤᠨ ᠦᠨᠳᠦᠰᠦᠲᠡᠨ ᠤ ᠺᠢᠨᠤ᠋ ᠬᠢᠷᠢ ᠮᠤᠨᠳᠠᠬ ᠪᠠᠶᠢᠳᠠᠬ ᠢ ᠠᠨᠭᠬᠠᠷᠤᠬᠰᠨᠨ ᠤᠤ
  • ᠮᠤᠩᠭ᠋ᠤᠯ ᠦᠨᠳᠦᠰᠦᠲᠡᠨ ᠤ ᠵᠠᠯᠠᠭᠤᠴᠤᠳ ᠤᠨ ᠨᠠᠶᠢᠷᠠᠯ ᠳᠠᠭᠤᠤ ᠵᠢᠨ ᠪᠦᠯᠬᠦᠮ ᠪᠡᠭᠡᠵᠢᠩ ᠳ᠋ᠥ ᠲᠤᠭᠯᠠᠪᠠ
  • 25 ᠳ᠋ᠡᠬᠢ ᠬᠤᠭᠤᠴᠠᠭᠠᠨ ᠤ ᠠᠯᠲᠠᠨ ᠲᠠᠬᠢᠶ᠎ᠠ ᠴᠡᠴᠡᠭᠡᠰ ᠱᠠᠩᠨᠠᠯ ᠤᠨ ᠺᠢᠨᠤ᠋ ᠨᠠᠭᠠᠳᠤᠮ ᠬᠦᠰᠢᠭᠡ ᠪᠠᠨ ᠨᠡᠬᠡᠭᠡᠯ᠎ᠡ
  • ᠰᠦᠢ ᠶᠠᠩ ᠳ᠋᠋ᠢ ᠬᠠᠭᠠᠨ ᠤ ᠰᠢᠶᠤᠤ ᠬᠠᠲᠤᠨ ᠤ ᠲᠢᠳᠢᠮ ᠢ ᠳᠡᠯᠭᠡᠨ ᠦᠵᠡᠭᠦᠯᠦᠯ᠎ᠡ
关闭
010070230030000000000000011120701119498115