蒙古文网站Logo
ᠰᠢᠨᠬᠤᠸᠠ ᠮᠤᠩᠭ᠋ᠤᠯ ᠨᠧᠲ

ᠦᠪᠦᠷ ᠮᠣᠩᠭᠣᠯ ᠤᠨ ᠦᠪᠡᠷᠲᠡᠭᠡᠨ ᠵᠡᠰᠡᠬᠤ ᠤᠷᠤᠨ ᠤ ᠠᠷᠠᠳ ᠤᠨ ᠲᠦᠯᠦᠭᠡᠯᠡᠭᠴᠢᠳ ᠤᠨ ᠶᠡᠬᠡ ᠬᠤᠷᠠᠯ ᠤᠨ ᠪᠠᠶᠢᠩᠭ᠋ᠤ ᠶᠢᠨ ᠬᠤᠷᠢᠶᠠᠨ ᠤ ᠨᠠᠮ ᠤᠨ ᠳᠤᠭᠤᠶᠢᠯᠠᠩ ᠤᠨ ᠭᠤᠤᠯ ᠪᠠᠭ ᠰᠤᠷᠤᠯᠴᠠᠬᠤ ᠬᠤᠷᠠᠯ ᠬᠢᠪᠡ

2016-09-07 13:16

    9 ᠰᠠᠷ᠎ᠠ ᠶᠢᠨ 6 ᠤ ᠡᠳᠦᠷ ᠦᠪᠦᠷ ᠮᠣᠩᠭᠣᠯ ᠤᠨ ᠦᠪᠡᠷᠲᠡᠭᠡᠨ ᠵᠠᠰᠠᠬᠤ ᠤᠷᠤᠨ ᠤ ᠠᠷᠪᠠᠨ ᠬᠤᠶᠠᠳᠤᠭᠠᠷ ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠤᠨ ᠶᠡᠬᠡ ᠬᠤᠷᠠᠯ ᠤᠨ ᠪᠠᠶᠢᠩᠭ᠋ᠤ ᠶᠢᠨ ᠬᠤᠷᠢᠶᠠᠨ ᠤ ᠨᠠᠮ ᠤᠨ ᠳᠤᠭᠤᠶᠢᠯᠠᠩ ᠤᠨ ᠭᠤᠤᠯ ᠪᠠᠭ 2016 ᠤᠨ ᠤ ᠠᠷᠪᠠᠨ ᠨᠢᠬᠡᠳᠦᠬᠡᠷ ᠤᠳᠠᠭᠠᠨ ᠤ ᠦᠷᠭᠡᠳᠭᠡᠭ᠍ᠰᠡᠨ ᠰᠤᠷᠤᠯᠴᠠᠯᠭ᠎ᠠ ᠡᠷᠬᠢᠯᠡᠵᠤ᠂ ᠦᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠱᠦᠵᠢ ᠯᠢ ᠵᠢᠢ ᠾᠸᠩ ᠤᠨ ᠶᠠᠷᠢᠶ᠎ᠠ ᠪᠤᠯᠤᠨ ᠦᠪᠡᠷᠲᠡᠭᠡᠨ ᠵᠠᠰᠠᠬᠤ ᠤᠷᠤᠨ ᠤ ᠠᠷᠠᠳ ᠤᠨ ᠲᠦᠯᠦᠭᠡᠯᠡᠭᠴᠢᠳ ᠤᠨ ᠶᠡᠬᠡ ᠬᠤᠷᠠᠯ ᠤᠨ ᠪᠠᠶᠢᠨᠭᠭᠤ ᠶᠢᠨ ᠬᠤᠷᠢᠶᠠᠨ ᠤ ᠪᠠᠭ ᠤᠨ ᠭᠡᠰᠢᠭᠦᠳ ᠤᠨ ᠠᠭᠤᠯᠵᠠᠯᠲᠠ ᠶᠢᠨ ᠬᠤᠷᠠᠯ ᠤᠨ ᠵᠤᠷᠢᠭ ᠰᠠᠨᠠᠭ᠎ᠠ ᠶᠢ ᠰᠤᠷᠤᠯᠴᠠᠨ᠂ ᠦᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠠᠯᠪᠠᠨ ᠲᠢᠩᠭᠢᠮ᠂ ᠵᠠᠰᠠᠭ ᠤ ᠤᠷᠳᠤᠨ ᠤ ᠠᠯᠪᠠᠨ ᠲᠢᠩᠬᠢᠮ ᠡᠴᠡ ᠬᠡᠪᠯᠡᠨ ᠲᠡᠷᠬᠠᠭᠠᠭᠰᠠᠨ 《2016 ᠤᠨ  ᠤ ᠳᠡᠭᠡᠷ᠎ᠡ ᠬᠠᠭᠠᠰ ᠵᠢᠯ ᠳᠦ ᠲᠦᠪ ᠤᠨ ᠰᠠᠬᠢᠯᠭ᠎ᠠ ᠪᠠᠲᠤ ᠶᠢ ᠰᠠᠬᠢᠬᠤ ᠨᠠᠶ᠋ᠮᠠᠨ ᠵᠠᠷᠴᠢᠮ ᠤᠨ ᠵᠤᠷᠢᠭ ᠰᠠᠨᠠᠭ᠎ᠠ ᠪᠤᠯᠤᠨ ᠦᠪᠡᠷᠲᠡᠭᠡᠨ ᠵᠡᠰᠠᠬᠤ ᠤᠷᠤᠨ ᠤ 28 ᠵᠤᠷᠪᠤᠰ ᠲᠤᠭᠲᠠᠭᠠᠯ ᠢ ᠲᠤᠤᠱᠯᠠᠭᠤᠯᠵᠤ ᠬᠡᠷᠡᠭᠵᠢᠭᠦᠯᠦᠭᠰᠡᠨ ᠪᠠᠶᠢᠳᠠᠯ ᠤᠨ ᠮᠡᠳᠡᠭᠦᠯᠦᠯᠲᠠ》 ᠶ᠋ᠢᠨ ᠵᠤᠷᠢᠭ ᠰᠠᠨᠠᠭ᠎ᠠ ᠶᠢ ᠰᠤᠷᠤᠯᠴᠠᠪᠠ᠃

    ᠬᠤᠷᠠᠯ ᠡᠴᠡ ᠦᠪᠡᠷᠲᠡᠭᠡᠨ ᠵᠠᠰᠠᠬᠤ ᠤᠷᠤᠨ ᠤ ᠠᠷᠠᠳ ᠤᠨ ᠲᠥᠯᠦᠭᠡᠯᠡᠭᠴᠢᠳ ᠤᠨ ᠶᠡᠬᠡ ᠬᠤᠷᠠᠯ ᠤᠨ ᠪᠠᠶᠢᠩᠭ᠋ᠤ ᠶᠢᠨ ᠬᠤᠷᠢᠶᠠᠨ ᠤ ᠪᠠᠶᠢᠭᠤᠯᠭ᠎ᠠ ᠨᠠᠮ ᠤᠨ ᠭᠡᠰᠢᠭᠦᠨ ᠺᠠᠲᠷᠴᠤᠳ ᠢ ᠵᠤᠬᠢᠶᠠᠨ ᠪᠠᠶᠢᠭᠤᠯᠤᠨ ᠨᠠᠮ ᠤᠨ ᠬᠤᠷᠢᠶᠠᠨ ᠤ ᠱᠦᠵᠢ ᠯᠢ ᠵᠢᠢ ᠾᠸᠩ  ᠤᠨ ᠶᠠᠷᠢᠶ᠎ᠠ ᠪᠤᠯᠤᠨ ᠦᠪᠡᠷᠲᠡᠭᠡᠨ ᠵᠠᠰᠠᠬᠤ ᠤᠷᠤᠨ ᠤ ᠠᠷᠠᠳ ᠤᠨ ᠲᠦᠯᠦᠭᠡᠯᠡᠭᠴᠢᠳ ᠤᠨ ᠶᠡᠬᠡ ᠬᠤᠷᠠᠯ ᠤᠨ ᠪᠠᠶᠢᠩᠭ᠋ᠤ ᠶᠢᠨ ᠬᠤᠷᠢᠶᠠᠨ ᠤ ᠪᠠᠭ ᠤᠨ ᠭᠡᠰᠢᠭᠦᠳ ᠤᠨ ᠠᠭᠤᠯᠵᠠᠯᠲᠠ ᠶᠢᠨ ᠬᠤᠷᠠᠯ ᠤᠨ ᠵᠤᠷᠢᠭ ᠰᠠᠨᠠᠭ᠎ᠠ ᠶᠢ ᠬᠢᠴᠢᠶᠡᠩᠭᠦᠢ ᠰᠤᠷᠤᠯᠴᠠᠵᠤ᠂ ᠰᠢᠨ᠎ᠠ ᠴᠠᠭ ᠦᠶ᠎ᠠ ᠳᠡᠬᠢ ᠠᠷᠠᠳ ᠤᠨ ᠲᠦᠯᠦᠭᠡᠯᠡᠭᠴᠢᠳ ᠤᠨ ᠶᠡᠬᠡ ᠬᠤᠷᠠᠯ ᠤᠨ ᠠᠵᠢᠯ ᠢᠶᠡᠨ ᠰᠠᠶᠢᠲᠤᠷ ᠬᠢᠬᠦ ᠶᠢᠨ ᠴᠢᠬᠤᠯᠠ ᠴᠢᠨᠠᠷ ᠢ ᠬᠦᠢᠴᠡᠳ ᠤᠶᠢᠯᠠᠭᠠᠨ᠂ ᠤᠬᠠᠮᠰᠠᠷ ᠡᠴᠡ ᠪᠡᠨ ᠨᠠᠮ ᠤᠨ ᠤᠳᠤᠷᠢᠳᠤᠯᠭ᠎ᠠ ᠶᠢ ᠪᠠᠷᠢᠮᠲᠠᠯᠠᠬᠤ ᠶᠢᠨ ᠬᠠᠮᠲᠤ ᠠᠷᠠᠳ ᠤᠨ ᠲᠦᠯᠦᠭᠡᠯᠡᠭᠴᠢᠳ ᠤᠨ ᠠᠵᠢᠯ ᠤᠨ ᠴᠠᠭ ᠦᠶ᠎ᠠ ᠲᠠᠢ ᠵᠡᠷᠭᠡᠴᠡᠨ ᠤᠷᠤᠭᠰᠢᠯᠠᠵᠤ᠂ ᠲᠡᠭᠦᠯᠲᠡᠷ ᠬᠥᠭ᠍ᠵᠢᠬᠦ ᠶᠢ ᠴᠢᠷᠮᠠᠶᠢᠨ ᠠᠬᠢᠭᠤᠯᠬᠤ ᠬᠡᠷᠡᠭᠲᠡᠢ ᠭᠡᠯ᠎ᠠ᠃ (ᠳᠠᠳᠤᠯᠭ᠎ᠠ ᠶᠢᠨ ᠰᠤᠷᠤᠭᠴᠢ ᠬᠡᠤᠬᠡᠨᠰᠤᠯᠢ ᠤᠷᠴᠢᠭᠤᠯᠪᠠ)

ᠢᠷᠡᠯᠳᠡ᠄ ᠦᠪᠦᠷ ᠮᠤᠩᠭ᠋ᠤᠯ ᠤᠨ ᠰᠤᠨᠢᠨ ᠮᠡᠳᠡᠬᠡ ᠨᠧᠲ ᠪᠡᠯᠡᠳᠭᠡᠭ᠍ᠰᠡᠨ ᠨᠢ᠄ ᠪᠣᠯᠣᠷᠴᠡᠴᠡᠭ᠌

ᠰᠣᠶᠤᠯ ᠤᠷᠠᠯᠢᠭ

  • ᠦᠪᠦᠷ ᠮᠤᠨᠭᠭᠤᠯ ᠤᠨ ᠦᠨᠳᠦᠰᠦᠲᠡᠨ ᠤ ᠺᠢᠨᠤ᠋ ᠬᠢᠷᠢ ᠮᠤᠨᠳᠠᠬ ᠪᠠᠶᠢᠳᠠᠬ ᠢ ᠠᠨᠭᠬᠠᠷᠤᠬᠰᠨᠨ ᠤᠤ
  • ᠮᠤᠩᠭ᠋ᠤᠯ ᠦᠨᠳᠦᠰᠦᠲᠡᠨ ᠤ ᠵᠠᠯᠠᠭᠤᠴᠤᠳ ᠤᠨ ᠨᠠᠶᠢᠷᠠᠯ ᠳᠠᠭᠤᠤ ᠵᠢᠨ ᠪᠦᠯᠬᠦᠮ ᠪᠡᠭᠡᠵᠢᠩ ᠳ᠋ᠥ ᠲᠤᠭᠯᠠᠪᠠ
  • 25 ᠳ᠋ᠡᠬᠢ ᠬᠤᠭᠤᠴᠠᠭᠠᠨ ᠤ ᠠᠯᠲᠠᠨ ᠲᠠᠬᠢᠶ᠎ᠠ ᠴᠡᠴᠡᠭᠡᠰ ᠱᠠᠩᠨᠠᠯ ᠤᠨ ᠺᠢᠨᠤ᠋ ᠨᠠᠭᠠᠳᠤᠮ ᠬᠦᠰᠢᠭᠡ ᠪᠠᠨ ᠨᠡᠬᠡᠭᠡᠯ᠎ᠡ
  • ᠰᠦᠢ ᠶᠠᠩ ᠳ᠋᠋ᠢ ᠬᠠᠭᠠᠨ ᠤ ᠰᠢᠶᠤᠤ ᠬᠠᠲᠤᠨ ᠤ ᠲᠢᠳᠢᠮ ᠢ ᠳᠡᠯᠭᠡᠨ ᠦᠵᠡᠭᠦᠯᠦᠯ᠎ᠡ
关闭
010070230030000000000000011120701119525645