蒙古文网站Logo
ᠰᠢᠨᠬᠤᠸᠠ ᠮᠤᠩᠭ᠋ᠤᠯ ᠨᠧᠲ

ᠯᠢ ᠵᠢᠢ ᠡᡁᠧᠩ ᠦᠪᠦᠷ ᠮᠤᠩᠭᠤᠯ ᠤᠨ ᠭᠠᠩ ᠬᠠᠭᠰᠠᠷᠠᠭᠠᠨ ᠲᠠᠢ ᠲᠡᠮᠡᠴᠡᠵᠥ ᠭᠠᠮᠰᠢᠭ ᠢ ᠪᠠᠭᠠᠰᠬᠠᠬᠤ ᠠᠵᠢᠯ ᠳᠤ ᠴᠢᠬᠤᠯᠠ ᠴᠤᠬᠤᠯᠠᠪᠤᠷᠢ ᠦᠭᠪᠡ

2016-09-08 09:41

    ᠤᠢᠢᠷ᠎ᠠ ᠶᠢᠨ ᠡᠳᠤᠷ᠂ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠱᠦᠵᠢ ᠯᠢ ᠵᠢᠢ ᠡᡁᠧᠩ ᠦᠪᠦᠷ ᠮᠤᠩᠭᠤᠯ ᠤᠨ ᠭᠠᠩ ᠬᠠᠭᠰᠠᠷᠠᠭᠠᠨ ᠲᠠᠢ ᠲᠡᠮᠡᠴᠡᠵᠥ ᠭᠠᠮᠰᠢᠭ ᠢ ᠪᠠᠭᠠᠰᠬᠠᠬᠤ ᠠᠵᠢᠯ ᠳᠤ ᠴᠢᠬᠤᠯᠠ ᠴᠤᠬᠤᠯᠠᠪᠤᠷᠢ ᠦᠭᠴᠦ᠂ ᠭᠠᠮᠰᠢᠭᠳᠠᠭᠰᠠᠠ ᠤᠷᠤᠨ ᠤ ᠡᠯ᠎ᠡ ᠱᠠᠳᠤᠨ ᠤ ᠨᠠᠮ ᠤᠨ ᠬᠤᠷᠢᠶ᠎ᠠ᠂ ᠵᠠᠰᠠᠭ ᠤᠨ ᠤᠷᠳᠤᠨ ᠢ ᠭᠠᠩ ᠬᠠᠭᠰᠠᠷᠠᠭᠠᠨ ᠲᠠᠢ ᠲᠡᠮᠡᠴᠡᠵᠥ ᠭᠠᠮᠰᠢᠭ ᠢ ᠪᠠᠭᠠᠰᠬᠠᠬᠤ ᠠᠵᠢᠯ ᠢ ᠤᠳᠤᠬᠠᠨ ᠤ ᠴᠢᠬᠤᠯᠠ ᠠᠵᠢᠯ ᠪᠤᠯᠭᠠᠨ ᠠᠳᠬᠤᠵᠥ᠂ ᠬᠠᠮᠤᠭ ᠬᠦᠴᠦᠳᠠᠢ ᠠᠷᠭ᠎ᠠ ᠬᠡᠮᠵᠢᠶ᠎ᠡ ᠠᠪᠴᠦ᠂ ᠤᠯᠠᠨ ᠲᠦᠮᠡᠨ ᠤ ᠲᠤᠰ ᠪᠡᠶ᠎ᠡ ᠶᠢᠨ ᠠᠰᠢᠭ ᠲᠤᠰᠠ ᠪᠤᠯᠤᠨ ᠨᠡᠶᠢᠭᠡᠮ ᠤᠨ ᠡᠶ᠎ᠡ ᠵᠤᠬᠢᠴᠠᠩᠭᠤᠢ ᠲᠤᠭᠳᠠᠭᠤᠨ ᠢ ᠦᠨᠡᠨᠬᠦ ᠬᠠᠮᠠᠭᠠᠯᠠᠬᠤ ᠬᠡᠷᠡᠭᠳᠡᠢ ᠬᠡᠵᠥ ᠱᠠᠭᠠᠷᠳᠠᠪᠠ᠃

    ᠯᠢ ᠵᠢᠢ ᠡᡁᠧᠩ ᠴᠤᠬᠤᠯᠠᠪᠤᠷᠢ ᠳᠠᠭᠠᠨ᠂ ᠡᠨᠡ ᠵᠢᠯ ᠮᠠᠨ ᠤ ᠤᠷᠤᠨ ᠤ ᠬᠡᠰᠡᠭ ᠭᠠᠵᠠᠷ ᠤᠷᠤᠨ ᠬᠦᠨᠳᠤ ᠨᠤᠴᠢᠳᠠᠢ ᠭᠠᠩ ᠬᠠᠭᠰᠠᠷᠠᠭᠠᠨ ᠳᠤ ᠲᠠᠭᠠᠷᠢᠭᠳᠠᠪᠠ᠂ ᠨᠠᠮ ᠤᠨ ᠲᠦᠪ ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠡᠷᠡᠰ ᠪᠠᠳᠤ ᠤᠳᠤᠷᠢᠳᠤᠯᠭ᠎ᠠ ᠪᠠᠷ ᠡᠯ᠎ᠡ ᠱᠠᠳᠤᠨ ᠤ ᠨᠠᠮ ᠤᠨ ᠬᠤᠷᠢᠶ᠎ᠠ᠂ ᠵᠠᠰᠠᠭ ᠤᠨ ᠤᠷᠳᠤᠨ ᠭᠠᠮᠰᠢᠭᠳᠠᠭᠰᠠᠠ ᠤᠷᠤᠨ ᠤ ᠦᠨᠳᠦᠰᠦᠳᠡᠨ ᠨᠦᠭᠦᠳ ᠤᠨ ᠺᠠᠳ᠋ᠷ ᠤᠯᠠᠨ ᠲᠦᠮᠡᠨ ᠢ ᠲᠠᠶᠢᠴᠢᠯᠠᠨ ᠪᠦᠬᠦ ᠬᠦᠴᠦ ᠪᠠᠷ ᠢᠶᠠᠨ ᠭᠠᠩ ᠬᠠᠭᠰᠠᠷᠠᠭᠠᠨ ᠲᠠᠢ ᠲᠡᠮᠡᠴᠡᠨ ᠭᠠᠮᠰᠢᠭ ᠢ ᠪᠠᠭᠠᠰᠬᠠᠵᠥ᠂ ᠶᠡᠭᠡ ᠬᠡᠮᠵᠢᠶᠡᠨ ᠤ ᠦᠷ᠎ᠡ ᠪᠦᠳᠦᠮᠵᠢᠳᠡᠢ ᠠᠵᠢᠯ ᠬᠢᠭᠰᠡᠡ ᠪᠠᠶᠢᠨ᠎ᠠ᠃ ᠤᠳᠤ ᠡᠪᠤᠯ ᠤᠢᠢᠷᠠᠳᠤᠯ᠎ᠠ᠂ ᠭᠠᠮᠰᠢᠭᠳᠠᠭᠰᠠᠠ ᠤᠷᠤᠨ ᠤ ᠡᠯ᠎ᠡ ᠱᠠᠳᠤᠨ ᠤ ᠨᠠᠮ ᠤᠨ ᠬᠤᠷᠢᠶ᠎ᠠ᠂ ᠵᠠᠰᠠᠭ ᠤᠨ ᠤᠷᠳᠤᠨ ᠭᠠᠮᠰᠢᠭᠳᠠᠭᠰᠠᠠ ᠤᠷᠤᠨ ᠤ ᠤᠯᠠᠨ ᠲᠦᠮᠡᠨ ᠤ ᠠᠮᠢᠳᠤᠷᠠᠯ ᠤᠨ ᠠᠮᠤᠷ ᠲᠤᠭᠳᠠᠭᠤᠨ ᠢ ᠰᠡᠳᠬᠢᠯ ᠳᠡᠭᠡᠨ ᠠᠭᠤᠯᠵᠦ᠂ ᠭᠠᠩ ᠬᠠᠭᠰᠠᠷᠠᠭᠠᠨ ᠲᠠᠢ ᠲᠡᠮᠡᠴᠡᠵᠥ ᠭᠠᠮᠰᠢᠭ ᠢ ᠪᠠᠭᠠᠰᠬᠠᠬᠤ ᠶᠢ ᠤᠳᠤᠬᠠᠨ ᠤ ᠴᠢᠬᠤᠯᠠ ᠠᠵᠢᠯ ᠪᠤᠯᠭᠠᠨ ᠠᠳᠬᠤᠵᠥ᠂ ᠬᠠᠮᠤᠭ ᠬᠦᠴᠦᠳᠠᠢ ᠠᠷᠭ᠎ᠠ ᠬᠡᠮᠵᠢᠶ᠎ᠡ ᠠᠪᠴᠦ᠂ ᠨᠤᠭᠤᠭᠠᠨ ᠲᠠᠷᠤᠰᠢ ᠲᠠᠷᠤᠬᠤ᠂ ᠡᠪᠡᠰᠦ ᠵᠦᠭᠡᠭᠡᠪᠦᠷᠢᠯᠡᠬᠦ᠂ ᠡᠪᠡᠰᠦ ᠬᠠᠳᠠᠭᠠᠯᠠᠬᠤ ᠠᠵᠢᠯ ᠢ ᠰᠠᠶᠢᠳᠤᠷ ᠠᠳᠬᠤᠵᠥ᠂ ᠮᠠᠯ ᠤᠨ ᠭᠠᠷᠭᠠᠯᠳᠠ ᠪᠠ ᠭᠠᠳᠠᠭᠰᠢ ᠪᠤᠷᠤᠯᠠᠭᠤᠯᠬᠤ ᠡᠷᠴᠢᠮ ᠢ ᠴᠢᠩᠭᠠᠷᠠᠭᠤᠯᠵᠦ᠂ ᠮᠠᠯᠴᠢᠳ ᠤᠨ ᠵᠢᠭᠡᠯᠡᠯᠭᠡ ᠶᠢᠨ ᠲᠤᠪᠤᠶᠢᠮ᠎ᠠ ᠠᠰᠠᠭᠤᠳᠠᠯ ᠢ ᠰᠢᠢᠳᠪᠤᠷᠢᠯᠡᠨ᠂ ᠬᠦᠴᠢᠷᠳᠡᠯᠲᠠᠢ ᠤᠯᠠᠨ ᠲᠦᠮᠡᠨ ᠢ ᠠᠪᠤᠷᠠᠨ ᠲᠤᠰᠠᠯᠠᠬᠤ ᠨᠦᠬᠦᠪᠤᠷᠢ ᠶᠢ ᠨᠠᠶᠢᠳᠠᠪᠤᠷᠢᠵᠢᠭᠤᠯᠤᠨ᠂ ᠡᠪᠤᠯᠵᠢᠬᠦ ᠮᠠᠯ ᠤᠨ ᠲᠡᠵᠢᠭᠡᠯ ᠪᠤᠷᠳᠤᠭ᠎ᠠ ᠶᠢᠨ ᠬᠠᠨᠭ᠍ᠭᠠᠯᠭ᠎ᠠ ᠬᠦᠷᠦᠯᠴᠡᠭᠡ ᠲᠠᠢ ᠪᠠᠶᠢᠬᠤ ᠶᠢ ᠦᠨᠡᠨᠬᠦ ᠪᠠᠲᠤᠯᠠᠵᠦ᠂ ᠭᠠᠮᠰᠢᠬᠳᠠᠭᠰᠠᠨ ᠤᠯᠠᠨ ᠲᠦᠮᠡᠨ ᠤ ᠢᠳᠡᠬᠦ ᠨᠢ ᠰᠠᠶᠢᠨ᠂ ᠡᠮᠦᠰᠬᠦ ᠨᠢ ᠲᠤᠯᠠᠭᠠᠨ᠂ ᠠᠮᠤᠷ ᠲᠦᠪᠰᠢᠨ ᠡᠪᠦᠯᠵᠢᠬᠦ ᠶᠢ ᠦᠨᠡᠨᠬᠦ ᠪᠠᠲᠤᠯᠠᠵᠦ᠂ ᠤᠯᠠᠨ ᠲᠦᠮᠡᠨ ᠤ ᠲᠤᠰ ᠪᠡᠶ᠎ᠡ ᠶᠢᠨ ᠠᠰᠢᠬ ᠲᠤᠰᠠ ᠪᠤᠯᠤᠨ ᠨᠡᠶᠢᠭᠡᠮ ᠤᠨ ᠡᠶ᠎ᠡ ᠵᠤᠬᠢᠴᠠᠩᠭᠤᠢ ᠲᠤᠭᠲᠠᠭᠤᠨ ᠪᠠᠶᠢᠳᠠᠯ ᠢ ᠦᠨᠡᠨᠬᠦ ᠪᠠᠳᠤᠯᠠᠬᠤ ᠬᠡᠷᠡᠭᠲᠠᠢ᠃ ᠥᠪᠡᠷᠳᠡᠭᠡᠨ ᠵᠠᠰᠠᠬᠤ ᠤᠷᠤᠨ ᠤ ᠰᠠᠬᠢᠯᠭ᠎ᠠ ᠪᠠᠲᠦ ᠪᠠᠶᠢᠴᠠᠭᠠᠬᠤ ᠬᠤᠷᠢᠶ᠎ᠠ ᠰᠠᠬᠢᠯᠭ᠎ᠠ ᠪᠠᠲᠦ ᠶᠢᠨ ᠲᠤᠰᠬᠠᠢ ᠪᠠᠶᠢᠴᠠᠭᠠᠯᠲᠠ ᠬᠢᠵᠦ᠂ ᠥᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ᠂ ᠵᠠᠰᠠᠭ ᠤᠨ ᠤᠷᠳᠤᠨ ᠤ ᠬᠢᠨᠠᠨ ᠪᠠᠶᠢᠴᠠᠭᠠᠬᠤ ᠲᠠᠰᠤᠭ ᠬᠢᠨᠠᠨ ᠪᠠᠶᠢᠴᠠᠭᠠᠬᠤ ᠠᠵᠢᠯ ᠢ ᠨᠠᠶᠢᠳᠠᠪᠤᠷᠢᠵᠢᠭᠤᠯᠬᠤ ᠶᠢ ᠰᠠᠶᠢᠲᠤᠷ ᠠᠳᠬᠤᠵᠦ᠂ ᠡᠯ᠎ᠡ ᠱᠠᠲᠤᠨ ᠤ ᠡᠯ᠎ᠡ ᠰᠠᠯᠠᠭ᠎ᠠ ᠮᠦᠴᠢᠷ ᠤᠨ ᠭᠠᠩ ᠬᠠᠭᠰᠠᠷᠠᠭᠠᠨ ᠲᠠᠢ ᠲᠡᠮᠡᠴᠡᠵᠦ ᠭᠠᠮᠰᠢᠭ ᠢ ᠪᠠᠭᠠᠰᠬᠠᠬᠤ ᠡᠯ᠎ᠡ ᠵᠦᠢᠯ ᠤᠨ ᠠᠵᠢᠯ ᠢᠶᠠᠨ ᠪᠤᠳᠠᠲᠠᠢ ᠪᠦᠭᠡᠳ ᠬᠦᠢᠴᠡᠳ ᠬᠢᠬᠦ ᠶᠢ ᠠᠬᠢᠭᠤᠯᠬᠤ ᠬᠡᠷᠡᠭᠲᠠᠢ ᠬᠡᠵᠥ ᠵᠢᠭᠠᠵᠥ ᠭᠠᠷᠭᠠᠪᠠ᠃

    ᠡᠨᠡ ᠵᠢᠯ ᠤᠨ ᠵᠤᠨ ᠤ ᠤᠯᠠᠷᠢᠯ ᠠᠴᠠ ᠨᠠᠰᠢ᠂ ᠦᠪᠦᠷ ᠮᠤᠩᠭᠤᠯ ᠤᠷᠤᠨ ᠳᠤ ᠲᠡᠤᠬᠡᠨ ᠳᠤ ᠬᠤᠪᠤᠷ ᠲᠤᠬᠢᠶᠠᠯᠳᠤᠭᠰᠠᠨ ᠵᠠᠯᠭᠠᠪᠠᠷ ᠦᠨᠳᠦᠷ ᠬᠠᠯᠠᠭᠤᠨ ᠴᠠᠭ ᠠᠭᠠᠷ ᠦᠷᠭᠦᠯᠵᠢᠯᠡᠵᠦ ᠶᠡᠭᠡᠪᠡᠷ ᠭᠠᠩᠳᠠᠵᠠᠢ᠂ ᠢᠯᠠᠩᠭᠤᠶ᠎ᠠ ᠵᠡᠭᠦᠨ ᠪᠦᠰᠡ ᠨᠤᠳᠤᠭ ᠤᠨ ᠭᠠᠩ ᠬᠠᠭᠰᠠᠷᠠᠭᠠᠨ ᠲᠤᠩ ᠬᠦᠨᠳᠦ ᠨᠤᠴᠢᠲᠠᠢ ᠪᠠᠶᠢᠯ᠎ᠠ᠃ ᠤᠷᠤᠨ ᠲᠠᠶᠠᠭᠠᠷ ᠤᠨ 1399.5 ᠲᠦᠮᠡᠨ ᠮᠥ ᠲᠠᠷᠢᠮᠠᠯ ᠭᠠᠮᠰᠢᠬᠳᠠᠨ᠂ 422.5 ᠲᠦᠮᠡᠨ ᠮᠥ ᠲᠠᠷᠢᠶ᠎ᠠ ᠬᠤᠷᠢᠶᠠᠯᠲᠠ ᠦᠭᠡᠢ ᠪᠤᠯᠪᠠ︔ 4.1 ᠳ᠋ᠦᠩᠰᠢᠭᠤᠷ ᠮᠦ ᠨᠤᠳᠤᠭ ᠪᠡᠯᠴᠢᠭᠡᠷ ᠭᠠᠩᠳᠠᠨ᠂ ᠠᠰᠢᠬᠯᠠᠵᠦ ᠪᠤᠯᠬᠤ ᠨᠤᠲᠤᠭ ᠪᠡᠯᠴᠢᠭᠡᠷ ᠤᠨ ᠲᠠᠯᠠᠪᠠᠢ ᠶᠢᠨ 40% ᠶ᠋ᠢ ᠡᠵᠡᠯᠡᠪᠡ᠂ ᠡᠭᠦᠨ ᠳᠤ 2.6 ᠳ᠋ᠦᠩᠰᠢᠭᠤᠷ ᠮᠥ ᠲᠠᠷᠢᠶ᠎ᠠ ᠬᠦᠨᠳᠤ ᠭᠡᠴᠡᠬᠦᠦ ᠭᠠᠨᠭ᠍ᠳᠠᠵᠦ᠂ 2902 ᠲᠦᠮᠡᠨ ᠮᠠᠯ ᠭᠠᠮᠰᠢᠬᠳᠠᠪᠠ᠃ ᠬᠠᠮᠤᠭ ᠤᠨ ᠶᠡᠭᠡ ᠭᠠᠩᠳᠠᠭᠰᠠᠨ ᠮᠠᠯᠵᠢᠬᠤ ᠤᠷᠤᠨ ᠪᠤᠯᠬᠤ ᠬᠦᠯᠦᠨ ᠪᠤᠶᠢᠷ ᠬᠤᠲᠠ ᠶᠢᠨ ᠭᠠᠨᠭ᠍ᠳᠠᠭᠰᠠᠨ ᠨᠤᠲᠤᠭ ᠪᠡᠯᠴᠢᠭᠡᠷ ᠤᠨ ᠲᠠᠯᠠᠪᠠᠢ 1.02 ᠳ᠋ᠦᠩᠰᠢᠭᠤᠷ ᠮᠥ ᠳᠤ ᠬᠦᠷᠴᠤ᠂ ᠨᠤᠲᠤᠭ ᠪᠡᠯᠴᠢᠭᠡᠷ ᠤᠨ ᠶᠡᠷᠦᠩᠬᠡᠢ ᠲᠠᠯᠠᠪᠠᠢ ᠶᠢᠨ 98% ᠶ᠋ᠢ ᠡᠵᠡᠯᠡᠵᠠᠢ᠂ ᠡᠨᠡ ᠵᠢᠯ ᠪᠤᠯ 1953 ᠤᠨ ᠠᠴᠠ ᠨᠠᠰᠢ ᠬᠠᠮᠤᠭ ᠤᠨ ᠶᠡᠭᠡ ᠭᠠᠨᠭ᠍ᠳᠠᠭᠰᠠᠨ ᠨᠢᠭᠡ ᠵᠢᠯ ᠪᠤᠯᠤᠨ᠎ᠠ᠃ ᠬᠠᠮᠤᠭ ᠤᠨ ᠶᠡᠭᠡ ᠭᠠᠨᠭ᠍ᠳᠠᠬᠰᠠᠨ ᠲᠠᠷᠢᠶᠠᠯᠠᠬᠤ ᠤᠷᠤᠨ ᠪᠤᠯᠬᠤ ᠤᠯᠠᠭᠠᠨᠬᠠᠳᠠ ᠬᠤᠲᠠ ᠶᠢᠨ ᠲᠠᠷᠢᠮᠠᠯ ᠤᠨ ᠭᠠᠨᠭ᠍ᠳᠠᠬᠰᠠᠨ ᠲᠠᠯᠠᠪᠠᠢ 691.9 ᠲᠦᠮᠡᠨ ᠮᠥ ᠪᠤᠯᠵᠦ᠂ 275.2 ᠲᠦᠮᠡᠨ ᠮᠥ ᠲᠠᠷᠢᠶ᠎ᠠ ᠬᠤᠷᠢᠶᠠᠯᠲᠠ ᠦᠭᠡᠢ ᠪᠤᠯᠵᠠᠢ᠃ ᠠᠷᠠᠳ ᠤᠨ ᠶᠠᠪᠤᠳᠠᠯ ᠤᠨ ᠰᠠᠯᠠᠭ᠎ᠠ ᠮᠦᠴᠢᠷ ᠤᠨ ᠪᠦᠷᠢᠳᠭᠡᠭᠰᠡᠨ ᠭᠠᠩ ᠬᠠᠭᠰᠠᠷᠠᠭᠠᠨ ᠤ ᠭᠠᠮᠰᠢᠬ ᠤᠨ ᠪᠠᠶᠢᠳᠠᠯ ᠠᠴᠠ ᠦᠵᠡᠪᠡᠯ᠂ 286 ᠲᠦᠮᠡᠨ ᠬᠦᠮᠦᠨ ᠭᠠᠮᠰᠢᠬᠳᠠᠵᠦ᠂ ᠠᠮᠢᠳᠤᠷᠠᠯ ᠤᠨ ᠲᠠᠯ᠎ᠠ ᠪᠠᠷ ᠠᠪᠤᠷᠠᠨ ᠲᠤᠰᠠᠯᠠᠬᠤ ᠴᠢᠬᠤᠯᠠᠲᠠᠢ ᠬᠦᠮᠦᠨ 84.5 ᠲᠦᠮᠡ᠂ ᠤᠰᠤ ᠤᠮᠳᠠ ᠶᠢᠨ ᠬᠦᠴᠢᠷᠳᠡᠯ ᠳᠤ ᠲᠤᠯᠭᠠᠷᠠᠭᠰᠠᠨ ᠮᠠᠯᠴᠢᠨ ᠲᠠᠷᠢᠶᠠᠴᠢᠨ 40.6 ᠲᠦᠮᠡᠨ ᠬᠦᠮᠦᠨ ᠳᠤ ᠬᠦᠷᠴᠦ᠂ 150 ᠭᠠᠷᠤᠢ ᠳ᠋ᠦᠩᠰᠢᠭᠤᠷ ᠲᠦᠭᠦᠷᠢᠭ᠌ ᠤᠨ ᠡᠳ᠋ ᠤᠨ ᠵᠠᠰᠠᠭ ᠤᠨ ᠬᠤᠬᠢᠷᠠᠯ ᠳᠤ ᠤᠴᠠᠷᠠᠪᠠ᠃

    ᠦᠪᠦᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠨᠠᠮ ᠤᠨ ᠬᠤᠷᠢᠶ᠎ᠠ᠂ ᠵᠠᠰᠠᠬ ᠤᠨ ᠤᠷᠳᠤᠨ ᠭᠠᠮᠰᠢᠬ ᠤᠨ ᠪᠠᠶᠢᠳᠠᠯ ᠢ ᠲᠡᠭᠡᠳᠤ ᠬᠡᠮᠵᠢᠶ᠎ᠠ ᠪᠠᠷ ᠴᠢᠬᠤᠯᠠᠴᠢᠯᠠᠨ ᠦᠵᠡᠵᠥ᠂ ᠭᠠᠩ ᠬᠠᠭᠰᠠᠷᠠᠭᠠᠨ ᠲᠠᠢ ᠲᠡᠮᠡᠴᠡᠵᠤ ᠭᠠᠮᠰᠢᠬ ᠢ ᠪᠠᠭᠠᠰᠬᠠᠬᠤ ᠠᠵᠢᠯ ᠳᠤ ᠲᠤᠬᠢᠷᠠᠭᠤᠯᠤᠯᠳᠠ ᠪᠠᠶᠢᠷᠢᠯᠠᠭᠤᠯᠤᠯᠳᠠ ᠬᠢᠵᠤ᠂ ᠪᠠᠶᠢᠴᠠᠭᠠᠨ ᠰᠤᠳᠤᠯᠤᠯᠳᠠ ᠶᠢᠨ ᠲᠤᠭᠤᠢᠢᠯᠠᠩ ᠲᠤᠮᠢᠯᠠᠵᠤ ᠭᠠᠮᠰᠢᠬᠳᠠᠬᠰᠠᠨ ᠤᠷᠤᠨ ᠳᠤ ᠬᠦᠨᠵᠡᠬᠡᠶᠢᠷᠡᠵᠤ ᠭᠠᠩ ᠬᠠᠭᠰᠠᠷᠠᠭᠠᠨ ᠲᠠᠢ ᠲᠡᠮᠡᠴᠡᠵᠤ ᠭᠠᠮᠰᠢᠬ ᠠᠴᠠ ᠠᠪᠤᠷᠠᠬᠤ ᠠᠵᠢᠯ ᠢ ᠵᠢᠯᠤᠭᠤᠳᠴᠤ᠂ ᠤᠷᠢᠳ ᠬᠤᠵᠢᠳ ᠬᠤᠶᠠᠷ ᠤᠳᠠᠭ᠎ᠠ 3.2 ᠳ᠋ᠦᠩᠰᠢᠭᠤᠷ ᠲᠦᠬᠦᠷᠢᠭ ᠤᠨ ᠭᠠᠮᠰᠢᠬ ᠠᠴᠠ ᠠᠪᠤᠷᠠᠬᠤ ᠪᠡᠯᠡ ᠮᠦᠩᠬᠦ ᠪᠠᠭᠤᠯᠭᠠᠵᠠᠢ᠃ ᠦᠪᠡᠷᠳᠡᠬᠡᠨ ᠵᠠᠰᠠᠬᠤ ᠤᠷᠤᠨ ᠤ ᠡᠯ᠎ᠠ ᠬᠤᠯᠪᠤᠬᠳᠠᠯ ᠪᠦᠬᠦᠢ ᠰᠠᠯᠠᠭ᠎ᠠ ᠮᠦᠴᠢᠷ ᠤᠨ ᠬᠢᠨ ᠭᠠᠮᠰᠢᠬᠳᠠᠬᠰᠠᠨ ᠤᠷᠤᠨ ᠢ ᠢᠳᠡᠪᠬᠢᠳᠠᠢ ᠬᠠᠪᠰᠤᠷᠤᠨ ᠭᠠᠩ ᠬᠠᠭᠰᠠᠷᠠᠭᠠᠨ ᠲᠠᠢ ᠲᠡᠮᠡᠴᠡᠵᠤ ᠭᠠᠮᠰᠢᠬ ᠠᠴᠠ ᠠᠪᠤᠷᠠᠨ᠂ ᠭᠠᠮᠰᠢᠬᠳᠠᠬᠰᠠᠨ ᠤᠷᠤᠨ ᠤ ᠬᠢᠨ ᠭᠠᠮᠰᠢᠬ ᠲᠠᠢ ᠲᠡᠮᠡᠴᠡᠵᠤ ᠦᠪᠡᠷ ᠢ ᠢᠶᠠᠨ ᠠᠪᠤᠷᠠᠬᠤ ᠠᠵᠢᠯ ᠢ ᠪᠦᠬᠦ ᠲᠠᠯ᠎ᠠ ᠪᠠᠷ ᠦᠷᠨᠢᠬᠦᠯᠵᠤ᠂ 2 ᠳ᠋ᠦᠩᠰᠢᠭᠤᠷ ᠲᠦᠬᠦᠷᠢᠭ ᠤᠨ ᠪᠡᠯᠡ ᠮᠦᠩᠬᠦ ᠴᠤᠬᠯᠠᠭᠤᠯᠵᠤ ᠭᠠᠩ ᠬᠠᠭᠰᠠᠷᠠᠭᠠᠨ ᠲᠠᠢ ᠲᠡᠮᠡᠴᠡᠵᠤ ᠭᠠᠮᠰᠢᠬ ᠠᠴᠠ ᠠᠪᠤᠷᠠᠬᠤ ᠳᠤ ᠭᠡᠷᠡᠭᠯᠡᠵᠤ᠂ ᠬᠤᠳᠳᠤᠬ ᠮᠠᠯᠳᠠᠬᠤ᠂ ᠤᠰᠤ ᠲᠠᠳᠠᠬᠤ᠂ ᠬᠦᠮᠤᠨ ᠤ ᠬᠦᠴᠤ ᠪᠠᠷ ᠪᠤᠷᠤᠭᠠᠨ ᠤᠷᠤᠭᠤᠯᠬᠤ᠂ ᠴᠠᠷᠴᠠᠬᠠᠢ ᠶᠢ ᠤᠰᠠᠳᠬᠠᠬᠤ᠂ ᠬᠢᠵᠢᠭ᠌ ᠡᠪᠡᠳᠴᠢᠨ ᠢ ᠰᠡᠷᠭᠡᠶᠢᠯᠠᠬᠦ᠂ ᠡᠪᠡᠰᠤ ᠪᠤᠷᠳᠤᠭ᠎ᠠ ᠨᠦᠬᠡᠴᠠᠯᠠᠬᠦ ᠵᠡᠷᠬᠡ ᠡᠯ᠎ᠠ ᠵᠦᠢᠯ ᠤᠨ ᠠᠵᠢᠯ ᠢ ᠪᠠᠴᠢᠮ ᠶᠠᠭᠠᠷᠠᠯᠳᠠᠢ ᠡᠮᠬᠢ ᠲᠠᠷᠠᠭᠠᠯᠠᠯ ᠲᠠᠢ ᠦᠷᠨᠢᠬᠦᠯᠪᠠ᠃

    ᠤᠳᠤᠬᠠᠨ ᠳᠤ᠂ ᠤᠷᠤᠨ ᠲᠠᠶᠠᠭᠠᠷ ᠤᠨ ᠡᠯ᠎ᠠ ᠱᠠᠳᠤᠨ ᠤ ᠨᠠᠮ ᠤᠨ ᠬᠤᠷᠢᠶ᠎ᠠ᠂ ᠵᠠᠰᠠᠬ ᠤᠨ ᠤᠷᠳᠤᠨ ᠯᠢ ᠵᠢᠢ ᠡᡁᠧᠩ ᠱᠦᠵᠢ ᠶᠢᠨ ᠴᠢᠬᠤᠯᠠ ᠵᠢᠭᠠᠪᠤᠷᠢ ᠶᠢᠨ ᠵᠤᠷᠢᠬ ᠰᠠᠨᠠᠭ᠎ᠠ ᠪᠤᠯᠤᠨ ᠴᠤᠬᠤᠯᠠᠪᠤᠷᠢ ᠶᠢᠨ ᠵᠤᠷᠢᠬ ᠰᠠᠨᠠᠭ᠎ᠠ ᠶᠢᠨ ᠱᠠᠭᠠᠷᠳᠠᠯᠭ᠎ᠠ ᠪᠠᠷ᠂ ᠭᠠᠩ ᠬᠠᠭᠰᠠᠷᠠᠭᠠᠨ ᠲᠠᠢ ᠲᠡᠮᠡᠴᠡᠵᠤ ᠭᠠᠮᠰᠢᠬ ᠠᠴᠠ ᠠᠪᠤᠷᠠᠬᠤ ᠠᠵᠢᠯ ᠢ ᠪᠠᠴᠢᠮ ᠶᠠᠭᠠᠷᠠᠯᠳᠠᠢ ᠦᠷᠨᠢᠬᠦᠯᠵᠤ ᠪᠠᠶᠢᠨ᠎ᠠ᠃ ᠡᠯ᠎ᠠ ᠱᠠᠳᠤᠨ ᠤ ᠨᠠᠮ ᠤᠨ ᠬᠤᠷᠢᠶ᠎ᠠ ᠵᠠᠰᠠᠬ ᠤᠨ ᠤᠷᠳᠤᠨ ᠰᠠᠨᠠᠭᠠᠴᠢᠯᠭ᠎ᠠ ᠠᠴᠠ ᠪᠠᠨ ᠠᠵᠢᠯᠯᠠᠵᠥ᠂ ᠮᠠᠯᠴᠢᠨ ᠲᠠᠷᠢᠶᠠᠴᠢᠨ ᠢ ᠬᠠᠪᠰᠤᠷᠤᠨ ᠡᠪᠡᠰᠤ ᠬᠠᠳᠤᠬᠤ ᠡᠪᠡᠰᠤ ᠰᠢᠯᠵᠢᠬᠦᠯᠬᠦ ᠠᠷᠭ᠎ᠠ ᠵᠠᠮ ᠢ ᠵᠤᠬᠢᠴᠠᠭᠤᠯᠵᠤ᠂ ᠵᠦᠬᠡᠬᠡᠪᠤᠷᠢ ᠂ ᠦᠨ᠎ᠠ ᠬᠠᠩᠰᠢ ᠶᠢᠨ ᠬᠡᠯᠡᠯᠴᠡᠭᠡ ᠵᠡᠷᠬᠡ ᠶᠢ ᠰᠠᠶᠢᠳᠤᠷ ᠬᠢᠵᠤ᠂ ᠵᠠᠷᠤᠯᠭ᠎ᠠ ᠶᠢ ᠬᠠᠮᠤᠭ ᠶᠡᠭᠡ ᠭᠡᠮᠵᠢᠶ᠎ᠡ ᠪᠠᠷ ᠪᠠᠭᠠᠰᠬᠠᠪᠠ᠃ ᠡᠯ᠎ᠠ ᠱᠠᠳᠤᠨ ᠤ ᠨᠠᠮ ᠤᠨ ᠬᠤᠷᠢᠶ᠎ᠠ ᠵᠠᠰᠠᠬ ᠤᠨ ᠤᠷᠳᠤᠨ ᠮᠠᠯᠴᠢᠨ ᠲᠠᠷᠢᠶᠠᠴᠢᠨ ᠢ ᠲᠠᠶᠢᠴᠢᠯᠠᠵᠤ ᠮᠠᠯ ᠤᠨ ᠭᠠᠷᠭᠠᠯᠳᠠ ᠶᠢᠨ ᠨᠤᠷᠮ᠎ᠠ ᠶᠢ ᠨᠡᠮᠡᠭᠳᠡᠬᠦᠯᠵᠤ᠂ ᠬᠤᠳᠠᠯᠳᠤᠭᠠᠨ ᠤ ᠶᠠᠪᠤᠳᠠᠯ ᠵᠡᠷᠬᠡ ᠬᠤᠯᠪᠤᠬᠳᠠᠯ ᠪᠦᠬᠦᠢ ᠰᠠᠯᠠᠭ᠎ᠠ ᠮᠦᠴᠢᠷ ᠢ ᠴᠠᠬ ᠲᠤᠬᠠᠢ ᠳᠤᠨᠢ ᠮᠠᠯ ᠤᠨ ᠪᠤᠷᠤᠯᠠᠭᠤᠯᠭ᠎ᠠ ᠶᠢ ᠰᠠᠶᠢᠳᠤᠷ ᠬᠠᠪᠰᠤᠷᠤᠨ ᠬᠢᠯᠬᠡᠬᠦ ᠪᠠᠷ ᠲᠠᠭᠠᠭᠠᠯᠭᠠᠪᠠ᠃ ᠮᠠᠯᠴᠢᠳ ᠤᠨ ᠵᠢᠬᠡᠯᠡᠯᠬᠡ ᠠᠪᠬᠤ ᠠᠰᠠᠭᠤᠳᠠᠯ ᠢ ᠵᠤᠯᠭᠠᠭᠤᠯᠤᠨ ᠰᠢᠢᠳᠪᠤᠷᠢᠯᠡᠬᠦ ᠶᠢ ᠢᠳᠡᠪᠬᠢᠳᠠᠢ ᠵᠤᠬᠢᠴᠠᠭᠤᠯᠵᠤ᠂ ᠠᠮᠢᠳᠤᠷᠠᠯ ᠨᠢ ᠬᠦᠴᠢᠷᠳᠠᠯᠲᠠᠢ ᠤᠯᠠᠨ ᠲᠦᠮᠡᠨ ᠳᠤ ᠴᠠᠬ ᠲᠤᠬᠠᠢ ᠳᠤᠨᠢ ᠠᠷᠠᠳ ᠤᠨ ᠶᠠᠪᠤᠳᠠᠯ ᠤᠨ ᠠᠪᠤᠷᠠᠨ ᠲᠤᠰᠠᠯᠠᠬᠤ ᠨᠦᠬᠦᠪᠤᠷᠢ ᠦᠭᠴᠤ᠂ ᠭᠠᠮᠰᠢᠬᠳᠠᠬᠰᠠᠨ ᠤᠯᠠᠨ ᠲᠦᠮᠡᠨ ᠤ ᠢᠳᠡᠵᠤ ᠡᠮᠤᠰᠬᠦ ᠠᠰᠠᠭᠤᠳᠠᠯ ᠢ ᠪᠠᠳᠤᠯᠠᠵᠤ᠂ ᠭᠠᠮᠰᠢᠬᠳᠠᠬᠰᠠᠨ ᠪᠤᠯᠪᠠᠴᠤ ᠠᠮᠢᠳᠤᠷᠠᠯ ᠨᠢ ᠪᠠᠳᠤᠯᠠᠭ᠎ᠠ ᠲᠠᠢ᠂ ᠦᠢᠯᠡᠳᠪᠦᠷᠢᠯᠡᠯ ᠨᠢ ᠨᠦᠯᠦᠬᠡᠯᠡᠭᠳᠡᠬᠦ ᠦᠬᠡᠢ ᠪᠠᠶᠢᠬᠤ ᠶᠢ ᠪᠠᠳᠤᠯᠠᠵᠥ ᠪᠠᠶᠢᠨ᠎ᠠ᠃ ᠡᠯ᠎ᠠ ᠱᠠᠳᠤᠨ ᠤ ᠵᠠᠰᠠᠬ ᠤᠨ ᠤᠷᠳᠤᠨ ᠤ ᠱᠠᠭᠠᠷᠳᠠᠨ ᠪᠠᠶᠢᠴᠠᠭᠠᠬᠤ ᠰᠠᠯᠠᠭ᠎ᠠ ᠮᠦᠴᠢᠷ ᠤᠨ ᠬᠢᠨ ᠱᠠᠭᠠᠷᠳᠠᠨ ᠪᠠᠶᠢᠴᠠᠭᠠᠵᠤ ᠨᠠᠶᠢᠳᠠᠪᠤᠷᠢᠵᠢᠭᠤᠯᠬᠤ ᠶᠢ ᠰᠠᠶᠢᠳᠤᠷ ᠠᠳᠬᠤᠵᠤ᠂ ᠯᠢ ᠵᠢᠢ ᠡᡁᠧᠩ ᠱᠦ᠋ᠵᠢ ᠶᠢᠨ ᠴᠢᠬᠤᠯᠠ ᠵᠢᠭᠠᠪᠤᠷᠢ᠂ ᠴᠤᠬᠤᠯᠠᠪᠤᠷᠢ ᠶᠢᠨ ᠵᠤᠷᠢᠬ ᠰᠠᠨᠠᠭ᠎ᠠ ᠶᠢ ᠪᠤᠳᠠᠳᠠᠢ ᠨᠠᠶᠢᠳᠠᠪᠤᠷᠢᠵᠢᠭᠤᠯᠵᠤ᠂ ᠪᠤᠳᠠᠳᠠᠢ ᠦᠷ᠎ᠠ ᠠᠰᠢᠬ ᠭᠠᠷᠭᠠᠬᠤ ᠶᠢ ᠦᠨᠡᠨᠬᠦ ᠪᠠᠳᠤᠯᠠᠵᠥ ᠪᠠᠶᠢᠨ᠎ᠠ᠃

ᠢᠷᠡᠯᠳᠡ᠄ ᠦᠪᠦᠷ ᠮᠤᠩᠭ᠋ᠤᠯ ᠤᠨ ᠡᠳᠦᠷ ᠤᠨ ᠰᠤᠨᠢᠨ ᠪᠡᠯᠡᠳᠭᠡᠭ᠍ᠰᠡᠨ ᠨᠢ᠄ ᠪᠣᠯᠣᠷᠴᠡᠴᠡᠭ᠌

ᠰᠣᠶᠤᠯ ᠤᠷᠠᠯᠢᠭ

  • ᠦᠪᠦᠷ ᠮᠤᠨᠭᠭᠤᠯ ᠤᠨ ᠦᠨᠳᠦᠰᠦᠲᠡᠨ ᠤ ᠺᠢᠨᠤ᠋ ᠬᠢᠷᠢ ᠮᠤᠨᠳᠠᠬ ᠪᠠᠶᠢᠳᠠᠬ ᠢ ᠠᠨᠭᠬᠠᠷᠤᠬᠰᠨᠨ ᠤᠤ
  • ᠮᠤᠩᠭ᠋ᠤᠯ ᠦᠨᠳᠦᠰᠦᠲᠡᠨ ᠤ ᠵᠠᠯᠠᠭᠤᠴᠤᠳ ᠤᠨ ᠨᠠᠶᠢᠷᠠᠯ ᠳᠠᠭᠤᠤ ᠵᠢᠨ ᠪᠦᠯᠬᠦᠮ ᠪᠡᠭᠡᠵᠢᠩ ᠳ᠋ᠥ ᠲᠤᠭᠯᠠᠪᠠ
  • 25 ᠳ᠋ᠡᠬᠢ ᠬᠤᠭᠤᠴᠠᠭᠠᠨ ᠤ ᠠᠯᠲᠠᠨ ᠲᠠᠬᠢᠶ᠎ᠠ ᠴᠡᠴᠡᠭᠡᠰ ᠱᠠᠩᠨᠠᠯ ᠤᠨ ᠺᠢᠨᠤ᠋ ᠨᠠᠭᠠᠳᠤᠮ ᠬᠦᠰᠢᠭᠡ ᠪᠠᠨ ᠨᠡᠬᠡᠭᠡᠯ᠎ᠡ
  • ᠰᠦᠢ ᠶᠠᠩ ᠳ᠋᠋ᠢ ᠬᠠᠭᠠᠨ ᠤ ᠰᠢᠶᠤᠤ ᠬᠠᠲᠤᠨ ᠤ ᠲᠢᠳᠢᠮ ᠢ ᠳᠡᠯᠭᠡᠨ ᠦᠵᠡᠭᠦᠯᠦᠯ᠎ᠡ
关闭
010070230030000000000000011120701119530559