蒙古文网站Logo
ᠰᠢᠨᠬᠤᠸᠠ ᠮᠤᠩᠭ᠋ᠤᠯ ᠨᠧᠲ

ᠯᠢ ᠵᠢᠢ ᠾᠧᠩ ᠬᠦᠯᠦᠨ ᠪᠤᠶᠢᠷ ᠬᠤᠳᠠ ᠳᠤ ᠪᠠᠶᠢᠴᠠᠭᠠᠨ ᠰᠣᠳᠣᠯᠣᠯᠳᠠ ᠬᠢᠪᠡ

2016-09-19 13:54

    9 ᠰᠠᠷ᠎ᠠ ᠶᠢᠨ 16 ᠡᠴᠡ 18 ᠤ᠋ ᠡᠳᠦᠷ ᠪᠤᠯᠳᠠᠯ᠎ᠠ᠂ ᠦᠪᠦᠷ ᠮᠤᠩᠭ᠋ᠤᠯ ᠤᠨ ᠦᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠱᠦᠵᠢ ᠯᠢ ᠵᠢᠢ ᠾᠧᠩ ᠬᠦᠯᠦᠨ ᠪᠤᠶᠢᠷ ᠬᠤᠳᠠ ᠳᠤ ᠪᠠᠶᠢᠴᠠᠭᠠᠨ ᠰᠤᠳᠤᠯᠬᠤ ᠳᠠᠭᠠᠨ᠂ ᠶᠡᠷᠦᠩᠭᠡᠢ ᠱᠦᠵᠢ ᠰᠢ ᠶᠢᠨ ᠫᠢᠩ ᠤᠨ ᠰᠢᠷᠢᠰ ᠴᠢᠬᠤᠯᠠ ᠶᠠᠷᠢᠶ᠎ᠠ ᠪᠠ ᠥᠪᠦᠷ ᠮᠤᠩᠭᠤᠯ ᠢᠶᠠᠷ ᠰᠢᠨᠵᠢᠯᠡᠨ ᠪᠠᠶᠢᠴᠠᠭᠠᠬᠤ ᠦᠶ᠎ᠠ ᠶᠢᠨ ᠴᠢᠬᠤᠯᠠ ᠶᠠᠷᠢᠶᠠᠨ ᠤ ᠵᠤᠷᠢᠭ ᠰᠠᠨᠠᠭ᠎ᠠ ᠶᠢ ᠬᠦᠨᠵᠡᠭᠡᠢ ᠰᠤᠷᠤᠯᠴᠠᠨ ᠲᠤᠤᠱᠯᠠᠭᠤᠯᠵᠦ᠂ ᠰᠢᠨ᠎ᠠ ᠭᠡᠯᠪᠡᠷᠢ ᠶᠢᠨ ᠠᠵᠤ ᠦᠢᠯᠡᠳᠪᠤᠷᠢᠵᠢᠯᠳᠠ᠂ ᠮᠡᠳᠡᠭᠡ ᠵᠠᠩᠬᠢᠵᠢᠯᠳᠠ᠂ ᠬᠤᠳᠠ ᠪᠠᠯᠭᠠᠰᠤᠵᠢᠯᠳᠠ᠂ ᠬᠦᠳᠡᠬᠡ ᠠᠵᠤ ᠠᠬᠤᠢ ᠶᠢᠨ ᠤᠳᠤᠬᠢᠴᠢᠯᠠᠯᠳᠠ᠂ ᠪᠤᠬᠢᠷᠳᠤᠯ ᠦᠭᠡᠢ ᠬᠦᠭᠵᠢᠯᠳᠠ 《ᠲᠠᠪᠤ》 ᠶ᠋ᠢ ᠢᠵᠢᠯ ᠠᠯᠬᠤᠮ ᠢᠶᠠᠷ ᠠᠬᠢᠭᠤᠯᠬᠤ ᠬᠦᠭᠵᠢᠯᠳᠠ ᠶᠢ ᠪᠦᠬᠦ ᠬᠦᠴᠦ ᠪᠠᠷ ᠠᠬᠢᠭᠤᠯᠵᠦ᠂ ᠠᠮᠢ ᠠᠬᠤᠢ ᠭᠡᠬᠦ ᠡᠨᠡᠬᠦ ᠬᠤᠷᠢᠭ᠎ᠠ ᠱᠤᠭᠤᠮ ᠢ ᠪᠠᠳᠤ ᠰᠠᠬᠢᠵᠦ᠂ ᠦᠵᠡᠰᠬᠦᠯᠡᠩᠳᠦ ᠰᠠᠶᠢᠬᠠᠨ ᠬᠢᠭᠡᠳ ᠦᠷᠨᠢᠩᠬᠦᠢ ᠬᠦᠭᠵᠢᠯᠳᠠ ᠶᠢᠨ ᠬᠤᠤᠰ ᠠᠮᠵᠢᠯᠳᠠ ᠶᠢ ᠴᠢᠷᠮᠠᠶᠢᠨ ᠪᠡᠶᠡᠯᠡᠬᠦᠯᠬᠦ ᠭᠡᠷᠡᠭᠲᠡᠢ ᠭᠡᠵᠦ ᠴᠢᠬᠤᠯᠠᠴᠢᠯᠠᠪᠠ᠃

    ᠯᠢ ᠵᠢᠢ ᠾᠧᠩ ᠬᠦᠯᠦᠨ ᠪᠤᠶᠢᠷ ᠤᠨ ᠠᠮᠢ ᠠᠬᠤᠢ ᠶᠢᠨ ᠵᠠᠰᠠᠯᠳᠠ ᠬᠠᠮᠠᠭᠠᠯᠠᠯᠳᠠ ᠶᠢ ᠮᠠᠰᠢ ᠶᠡᠭᠡ ᠠᠩᠬᠠᠷᠴᠦ᠂ ᠬᠦᠯᠦᠨ ᠪᠤᠶᠢᠷ ᠢ ᠪᠠᠶᠢᠴᠠᠭᠠᠨ ᠰᠤᠳᠤᠯᠤᠯᠳᠠ ᠶᠢᠨ ᠲᠦᠷᠦᠬᠦᠦ ᠦᠷᠳᠡᠭᠡ ᠪᠤᠯᠭᠠᠭᠰᠠᠨ ᠶᠤᠮ᠃ ᠲᠡᠷᠡ᠂ ᠬᠦᠯᠦᠨ ᠪᠤᠶᠢᠷ ᠤᠨ ᠠᠮᠢ ᠠᠬᠤᠢ ᠶᠢ ᠰᠠᠶᠢᠳᠤᠷ ᠬᠠᠮᠠᠭᠠᠯᠠᠬᠤ ᠨᠢ ᠤᠳᠤ ᠦᠶ᠎ᠠ ᠳᠤ ᠭᠠᠪᠢᠶ᠎ᠠ ᠪᠠᠶᠢᠭᠤᠯᠵᠦ᠂ ᠠᠯᠤᠰ ᠢᠷᠡᠭᠡᠳᠦᠢ ᠳᠤ ᠠᠰᠢᠭ ᠲᠠᠢ ᠪᠤᠯᠭᠠᠵᠦ᠂ ᠬᠦᠷᠰᠢ ᠤᠯᠤᠰ ᠲᠤ ᠴᠦ ᠠᠰᠢᠭ ᠬᠦᠷᠳᠡᠭᠡᠳᠡᠭ ᠶᠤᠮ᠃ ᠡᠯ᠎ᠠ ᠱᠠᠳᠤ ᠡᠯ᠎ᠠ ᠰᠠᠯᠠᠭ᠎ᠠ ᠮᠦᠴᠢᠷ ᠤᠨ ᠬᠢᠨ ᠶᠡᠷᠦᠩᠭᠡᠢ ᠱᠦᠵᠢ ᠰᠢ ᠶᠢᠨ ᠫᠢᠩ ᠵᠡᠷᠭᠡ ᠲᠦᠪ ᠤᠨ ᠤᠳᠤᠷᠢᠳᠬᠤ ᠨᠦᠬᠦᠳ ᠤᠨ ᠴᠢᠬᠤᠯᠠ ᠴᠤᠬᠤᠯᠠᠪᠤᠷᠢ ᠪᠠ ᠵᠢᠭᠠᠪᠤᠷᠢ ᠶᠢᠨ ᠵᠤᠷᠢᠭ ᠰᠠᠨᠠᠭ᠎ᠠ ᠶᠢ ᠡᠷᠡᠰ ᠲᠤᠤᠱᠯᠠᠭᠤᠯᠤᠨ ᠨᠠᠶᠢᠳᠠᠪᠤᠷᠢᠵᠢᠭᠤᠯᠵᠦ᠂ ᠬᠦᠭᠵᠢᠯᠳᠠ ᠪᠤᠯᠤᠨ ᠠᠮᠢ ᠠᠬᠤᠢ ᠶᠢᠨ ᠬᠠᠷᠢᠴᠠᠭ᠎ᠠ ᠶᠢ ᠵᠦᠪ ᠤᠨᠤᠪᠴᠢᠳᠠᠢ ᠰᠢᠢᠳᠪᠤᠷᠢᠯᠡᠵᠦ᠂ ᠪᠤᠬᠢᠷᠳᠤᠯ ᠦᠭᠡᠢ ᠡᠷᠬᠢᠯᠳᠡᠳᠦ ᠨᠡᠬᠦᠷᠡᠰᠦᠳᠦ᠋ᠷᠦᠭᠴᠢ ᠪᠠᠭ᠎ᠠ ᠬᠦᠭᠵᠢᠯᠳᠠ ᠶᠢ ᠪᠠᠷᠢᠮᠳᠠᠯᠠᠵᠦ᠂ ᠠᠮᠢ ᠠᠬᠤᠢ ᠶᠢᠨ ᠵᠠᠰᠠᠯᠳᠠ ᠬᠠᠮᠠᠭᠠᠯᠠᠯᠳᠠ ᠶᠢ ᠬᠠᠤᠯᠢᠵᠢᠯ ᠤᠨ ᠵᠠᠮ ᠳᠤ ᠤᠷᠤᠭᠤᠯᠵᠦ᠂ ᠡᠯ᠎ᠠ ᠲᠦᠷᠦᠯ ᠤᠨ ᠠᠮᠢ ᠠᠬᠤᠢ ᠶᠢᠨ ᠵᠠᠰᠠᠯᠳᠠ ᠶᠢᠨ ᠢᠨᠵᠧᠨᠧᠷᠢᠩ ᠢ ᠴᠢᠨᠠᠭᠰᠢᠳᠠ ᠰᠠᠶᠢᠳᠤᠷ ᠵᠤᠬᠢᠶᠠᠨ ᠪᠠᠶᠢᠭᠤᠯᠤᠨ ᠭᠡᠷᠡᠭᠵᠢᠬᠦᠯᠵᠦ᠂ ᠲᠤᠭᠳᠠᠴᠠ ᠶᠢᠨ ᠰᠢᠨ᠎ᠠ ᠶᠢ ᠡᠬᠦᠳᠴᠦ᠂ ᠱᠠᠯᠠᠪᠳᠠᠨ ᠪᠠᠶᠢᠴᠠᠭᠠᠯᠳᠠ ᠪᠠᠨ ᠡᠷᠴᠢᠮᠵᠢᠬᠦᠯᠵᠦ᠂ ᠬᠠᠮᠳᠤᠷᠠᠭᠰᠠᠨ ᠬᠦᠴᠦ ᠶᠢ ᠪᠤᠢ ᠪᠤᠯᠭᠠᠵᠦ᠂ ᠪᠤᠯᠤᠳ ᠮᠡᠳᠦ ᠬᠠᠳᠠᠭᠤ ᠵᠤᠷᠢᠭ ᠢᠶᠠᠷ᠂ ᠡᠷᠡᠰ ᠪᠠᠳᠤ ᠠᠷᠭ᠎ᠠ ᠭᠡᠮᠵᠢᠶ᠎ᠠ ᠪᠠᠷ ᠡᠯ᠎ᠠ ᠲᠦᠷᠦᠯ ᠤᠨ ᠬᠠᠮᠠᠭᠠᠯᠠᠯᠳᠠ ᠪᠠ ᠵᠠᠰᠠᠯᠳᠠ ᠶᠢᠨ ᠠᠷᠭ᠎ᠠ ᠭᠡᠮᠵᠢᠶ᠎ᠠ ᠶᠢ ᠪᠤᠳᠠᠳᠠᠢ ᠳᠤ ᠨᠡᠶᠢᠳᠠᠪᠤᠷᠢᠵᠢᠭᠤᠯᠬᠤ ᠭᠡᠷᠡᠭᠲᠡᠢ ᠭᠡᠵᠦ ᠵᠢᠭᠠᠵᠦ ᠭᠠᠷᠭᠠᠪᠠ᠃

    ᠯᠢ ᠵᠢᠢ ᠾᠧᠩ ᠭᠠᠮᠰᠢᠬᠳᠡᠬᠰᠡᠨ ᠮᠠᠯᠴᠢᠨ ᠲᠠᠷᠢᠶᠠᠴᠢᠨ ᠪᠡ ᠶᠠᠳᠠᠭᠤ ᠭᠦᠴᠢᠷᠳᠡᠯᠳᠡᠢ ᠢᠷᠬᠡᠳ ᠢ ᠲᠦᠢᠯ ᠢᠶᠠᠷ ᠰᠠᠨᠠᠭᠠᠯᠵᠠᠵᠤ᠂ ᠤᠷᠢᠳ ᠬᠤᠵᠢᠳ ᠬᠠᠭᠤᠴᠢᠨ ᠪᠠᠷᠭᠤ ᠬᠤᠰᠢᠭᠤᠨ ᠤ ᠵᠡᠭᠦᠨ ᠦᠵᠤᠭᠦᠷ ᠰᠤᠮᠤᠨ ᠤ ᠬᠠᠶᠢᠯᠠᠰᠤᠳᠤ ᠭᠠᠴᠠᠭᠠᠨ ᠤ ᠭᠠᠮᠰᠢᠬᠳᠠᠬᠰᠡᠨ ᠮᠠᠯᠴᠢᠨ ᠪᠠᠶᠠᠷᠳᠤ᠂ ᠭᠦᠯᠦᠨ ᠪᠤᠶᠢᠷ ᠤᠨ ᠲᠠᠷᠢᠶᠠᠯᠠᠩ ᠤᠨ ᠠᠳᠠᠷ ᠬᠠᠭᠠᠯᠪᠦᠷᠢᠯᠡᠯᠳᠡ ᠶᠢᠨ ᠪᠦᠯᠦᠭᠯᠡᠯ ᠤᠨ ᠬᠠᠳᠠᠳᠤ ᠲᠠᠷᠢᠶᠠᠯᠠᠩ ᠮᠠᠯᠵᠢᠯ ᠤᠨ ᠲᠠᠯᠠᠪᠡᠢ ᠶᠢᠨ ᠶᠠᠳᠠᠭᠤ ᠭᠦᠴᠢᠷᠳᠡᠯᠳᠡᠢ ᠠᠵᠢᠯᠴᠢᠨ ᠸᠠᠩ ᠯᠢ ᠭᠦᠸᠧ ᠶᠢ ᠲᠤᠬᠤᠨᠢᠭᠤᠯᠵᠤ᠂ ᠡᠸᠠᠩᠬᠢ ᠦᠨᠳᠤᠰᠤᠳᠡᠨ ᠤ ᠦᠨᠳᠤᠰᠤᠨ ᠱᠠᠳᠤᠨ ᠤ ᠺᠠᠳ᠋ᠷᠴᠤᠳ ᠢ ᠪᠤᠯᠭᠤᠭᠠᠨ ᠦᠵᠡᠪᠡ᠃ ᠲᠡᠷᠡ ᠢᠷᠬᠡᠳ ᠤᠨ ᠭᠠᠮᠰᠢᠬᠳᠡᠬᠰᠡᠨ ᠪᠠᠶᠢᠳᠡᠯ ᠪᠡ ᠲᠤᠰ ᠨᠤᠳᠤᠭ ᠤᠨ ᠭᠠᠩ ᠲᠠᠢ ᠲᠡᠮᠡᠴᠡᠭᠦ ᠭᠠᠮᠰᠢᠭ ᠢ ᠪᠠᠭᠠᠰᠬᠠᠬᠤ ᠠᠷᠭ᠎ᠠ ᠬᠡᠮᠵᠢᠶ᠎ᠡ ᠶᠢ ᠨᠠᠶᠢᠳᠠᠪᠦᠷᠢᠵᠢᠭᠤᠯᠤᠬᠰᠡᠨ ᠪᠠᠶᠢᠳᠡᠯ ᠢ ᠬᠠᠯᠠᠮᠵᠢᠯᠡᠨ ᠠᠰᠠᠭᠤᠵᠤ᠂ ᠡᠯ᠎ᠡ ᠱᠠᠳᠤᠨ ᠤ ᠺᠡᠳ᠋ᠷᠴᠤᠳ ᠭᠠᠮᠰᠢᠬᠳᠡᠬᠰᠡᠨ ᠢᠷᠬᠡᠳ ᠤᠨ ᠦᠢᠯᠡᠳᠪᠦᠷᠢᠯᠡᠯ ᠠᠮᠢᠳᠤᠷᠠᠯ ᠤᠨ ᠠᠰᠠᠭᠤᠳᠡᠯ ᠢ ᠦᠨᠡᠨ ᠭᠦ ᠰᠠᠶᠢᠳᠤᠷ ᠰᠢᠢᠳᠪᠦᠷᠢᠯᠡᠭᠦ ᠭᠡᠷᠡᠭᠲᠠᠢ ᠭᠡᠵᠤ ᠰᠠᠨᠠᠭᠤᠯᠪᠠ᠃

    ᠸᠠᠩ ᠯᠢ ᠭᠦᠸᠧ ᠶᠢᠨ ᠬᠢᠨ ᠠᠵᠤ ᠠᠬᠤᠢᠢᠯᠠᠯ ᠤᠨ ᠬᠡᠯᠪᠡᠷᠢ ᠪᠡᠨ ᠬᠤᠪᠢᠷᠠᠭᠤᠯᠬᠤ ᠶᠠᠪᠤᠴᠠ ᠳᠤ ᠤᠷᠤᠯᠭ᠎ᠠ ᠪᠠᠨ ᠨᠡᠮᠡᠭᠳᠡᠭᠦᠯᠭᠦ ᠭᠦᠴᠢᠷᠳᠡᠯ ᠲᠤᠯᠭᠠᠷᠠᠬᠰᠡᠨ ᠢ ᠮᠡᠳᠡᠭᠡᠳ᠂ ᠯᠢ ᠵᠢᠢ ᠾᠧᠩ ᠲᠡᠭᠦᠨ ᠢ ᠰᠡᠳᠭᠢᠴᠡ ᠪᠠᠨ ᠲᠤᠬᠢᠷᠠᠭᠤᠯᠵᠤ᠂ ᠵᠠᠬ᠎ᠠ ᠲᠡᠯᠭᠡᠭᠦᠷ ᠳᠤ ᠠᠩᠬᠠᠷᠤᠯ ᠲᠠᠯᠪᠢᠨ᠂ ᠬᠡᠯᠪᠡᠷᠢ ᠶᠢ ᠬᠤᠪᠢᠷᠠᠭᠤᠯᠵᠤ ᠤᠷᠤᠯᠭ᠎ᠠ ᠪᠠᠨ ᠨᠡᠮᠡᠭᠳᠡᠭᠦᠯᠭᠦ ᠰᠢᠨ᠎ᠡ ᠵᠠᠮ ᠢ ᠡᠷᠢᠯᠬᠢᠯᠡᠵᠤ ᠵᠠᠮᠨᠠᠭᠠᠷᠠᠢ ᠭᠡᠵᠦ ᠵᠤᠷᠢᠭᠵᠢᠭᠤᠯᠪᠡ᠃ ᠲᠡᠷᠡ᠂ ᠬᠡᠳᠤᠨ ᠦᠶ᠎ᠡ ᠶᠢᠨ ᠠᠳᠠᠷ ᠬᠠᠭᠠᠯᠪᠦᠷᠢᠯᠡᠬᠴᠢ ᠤᠯᠤᠰ ᠤᠨ ᠡᠳ᠋ ᠤᠨ ᠵᠠᠰᠠᠭ ᠨᠡᠶᠢᠭᠡᠮ ᠤᠨ ᠭᠦᠭᠵᠢᠯᠳᠡ ᠳᠤ ᠯᠤᠳᠤ ᠶᠡᠭᠡ ᠬᠤᠪᠢ ᠨᠠᠮᠡᠷᠢ ᠦᠵᠡᠭᠦᠯᠵᠠᠢ᠂ ᠡᠯ᠎ᠡ ᠱᠠᠳᠤᠨ ᠤ ᠨᠠᠮ ᠤᠨ ᠬᠤᠷᠢᠶ᠎ᠡ᠂ ᠵᠠᠰᠠᠭ ᠤᠨ ᠤᠷᠳᠤᠨ ᠪᠡ ᠬᠠᠮᠢᠶ᠎ᠡ ᠪᠦᠭᠦᠢ ᠰᠠᠯᠠᠭ᠎ᠠ ᠮᠦᠴᠢᠷ ᠲᠡᠳᠡᠨᠤᠰ ᠤᠨ ᠠᠶᠤᠯᠬᠦᠢ ᠶᠢᠨ ᠪᠠᠶᠢᠳᠠᠯ ᠢ ᠰᠡᠳᠬᠢᠯ ᠳᠡᠭᠡᠨ ᠪᠤᠳᠤᠵᠦ᠂ ᠪᠤᠳᠠᠳᠠᠢ ᠭᠦᠴᠢᠷᠳᠡᠯ ᠢ ᠦᠨᠡᠨ ᠭᠦ ᠰᠠᠶᠢᠳᠤᠷ ᠰᠢᠢᠳᠪᠦᠷᠢᠯᠡᠵᠤ᠂ ᠨᠢᠭᠡ ᠲᠠᠷᠢᠶᠠᠯᠠᠩ ᠤᠨ ᠲᠠᠯᠠᠪᠡᠢ᠂ ᠨᠢᠭᠡ ᠠᠵᠢᠯᠳᠡᠨ ᠠᠵᠢᠯᠴᠢᠨ ᠢ ᠴᠤ ᠴᠢᠨᠡᠭᠡᠯᠢᠭ ᠨᠡᠶᠢᠭᠡᠮ ᠢ ᠪᠦᠭᠦ ᠲᠠᠯ᠎ᠡ ᠪᠠᠷ ᠪᠦᠳᠤᠭᠡᠨ ᠪᠠᠶᠢᠭᠤᠯᠬᠤ ᠡᠩᠨᠡᠭᠡᠨ ᠠᠴᠠ ᠬᠤᠴᠤᠷᠤᠭᠤᠯᠬᠤ ᠦᠭᠡᠢ ᠶᠤᠮ ᠭᠡᠪᠡ᠃

    ᠮᠠᠨᠵᠤᠤᠷ ᠤᠨ ᠯᠢᠶᠠᠨ ᠵᠦᠩ ᠮᠤᠳᠤᠨ ᠠᠵᠢᠯ ᠦᠢᠯᠡᠰ ᠤᠨ ᠺᠤᠮᠫᠠᠨᠢ ᠳᠤ᠂ ᠭᠦᠯᠦᠨ ᠪᠤᠶᠢᠷ ᠤᠨ ᠲᠠᠷᠢᠶᠠᠯᠠᠩ ᠤᠨ ᠠᠳᠠᠷ ᠬᠠᠭᠠᠯᠪᠦᠷᠢᠯᠡᠯᠳᠡ ᠶᠢᠨ ᠪᠦᠯᠦᠭᠯᠡᠯ ᠵᠢᠴᠢ ᠲᠡᠭᠦᠨ ᠤ ᠬᠠᠷᠢᠶ᠎ᠠ ᠾᠧ ᠱᠢ ᠵᠢᠶᠡ ᠢᠳᠡᠭᠡᠨ ᠤ ᠵᠦᠢᠯᠡᠰ ᠤᠨ ᠺᠤᠮᠫᠠᠨᠢ᠂ ᠬᠤᠸᠠ ᠳ᠋ᠧ ᠪᠡᠯᠴᠢᠭᠡᠷ ᠡᠪᠡᠰᠤᠨ ᠤ ᠮᠠᠰᠢᠨ ᠮᠧᠬᠠᠨᠢᠭ ᠤᠨ ᠺᠤᠮᠫᠠᠨᠢ ᠵᠡᠷᠭᠡ ᠠᠵᠤ ᠠᠬᠤᠢᠢᠯᠠᠯ ᠳᠤ᠂ ᠯᠢ ᠵᠢᠢ ᠾᠧᠩ ᠮᠡᠷᠭᠡᠵᠢᠯ ᠤᠨ ᠰᠤᠳᠤᠯᠭᠠᠨ᠂ ᠦᠢᠯᠡᠳᠭᠦᠨ ᠤ ᠪᠤᠯᠪᠠᠰᠤᠷᠠᠭᠤᠯᠤᠯᠳᠡ᠂ ᠵᠠᠬ᠎ᠠ ᠲᠡᠯᠭᠡᠭᠦᠷ ᠤᠨ ᠭᠡᠳᠤ ᠶᠢᠨ ᠲᠦᠯᠦᠪ ᠵᠡᠷᠭᠡ ᠪᠠᠶᠢᠳᠠᠯ ᠢ ᠨᠠᠷᠢᠨ ᠬᠢᠨᠠᠮᠠᠭᠠᠢ ᠦᠢᠯᠡᠭᠠᠪᠡ᠃ ᠳᠡᠷᠡ᠂ ᠡᠷᠬᠡᠪᠰᠢ ᠢᠳᠡᠪᠬᠢᠳᠡᠢ ᠪᠦᠬᠡᠳ ᠰᠠᠨᠠᠭᠠᠴᠢᠯᠠᠭ᠎ᠠ ᠲᠠᠢ ᠪᠠᠷ ᠠᠵᠤ ᠠᠬᠤᠢᠢᠯᠠᠯ ᠳᠤ ᠰᠠᠶᠢᠳᠤᠷ ᠦᠢᠯᠡᠴᠢᠯᠡᠵᠦ᠂ ᠠᠵᠦ ᠠᠬᠤᠢᠢᠯᠠᠯ ᠤᠨ ᠪᠤᠳᠠᠳᠠᠢ ᠬᠦᠴᠢᠷᠳᠡᠯ ᠢ ᠨᠢ ᠰᠢᠢᠳᠪᠤᠷᠢᠯᠡᠨ ᠦᠭᠴᠤ᠂ ᠠᠵᠤ ᠠᠬᠤᠢᠢᠯᠠᠯ ᠤᠨ ᠳᠤᠬᠳᠠᠭᠤᠨ ᠦᠢᠯᠡᠳᠪᠤᠷᠢᠯᠡᠯ ᠢ ᠪᠦᠬᠦ ᠬᠦᠴᠦᠨ ᠢᠶᠠᠷ ᠢᠶᠠᠨ ᠠᠬᠢᠭᠤᠯᠬᠤ ᠬᠡᠷᠡᠭᠳᠡᠢ ᠬᠡᠵᠦ ᠴᠢᠬᠤᠯᠠᠴᠢᠯᠠᠪᠠ᠃

    ᠮᠠᠨᠵᠤᠤᠷ ᠤᠨ ᠬᠡᠤᠬᠡᠯᠳᠡᠢ ᠤᠨ ᠳᠠᠯᠠᠪᠠᠢ ᠪᠤᠯᠤᠨ ᠡᠷᠬᠦᠨ᠎ᠡ ᠶᠢᠨ ᠨᠤᠭᠤ ᠭᠠᠵᠠᠷ ᠲᠤ᠂ ᠯᠢ ᠵᠢᠢ ᠡᡁᠧᠩ᠂ ᠡᠷᠬᠡᠪᠰᠢ ᠪᠦᠬᠦ ᠴᠠᠷᠠᠭ᠎ᠠ ᠶᠢᠨ ᠬᠦᠭᠵᠢᠯᠳᠡ ᠶᠢᠨ ᠤᠢᠢᠯᠠᠭᠠᠬᠳᠠᠬᠤᠨ ᠶᠢ ᠪᠤᠢ ᠪᠤᠯᠭᠠᠵᠦ᠂ ᠰᠤᠶᠤᠯ ᠵᠢᠭᠤᠯᠴᠢᠯᠠᠯ ᠤᠨ ᠳᠦᠯᠦᠪᠵᠢᠬᠦᠯᠬᠡ ᠶᠢ ᠳᠡᠬᠦᠯᠳᠡᠷᠵᠢᠬᠦᠯᠵᠦ᠂ ᠠᠷᠠᠯᠵᠢᠶᠠᠴᠢᠨ ᠤᠷᠢᠵᠦ ᠪᠡᠯᠡ ᠤᠷᠤᠭᠤᠯᠬᠤ ᠡᠷᠴᠢᠮ ᠢ ᠴᠢᠩᠭᠠᠷᠠᠭᠤᠯᠵᠦ᠂ ᠵᠠᠬ᠎ᠠ ᠵᠡᠬᠡᠯᠢ ᠶᠢᠨ ᠡᠵᠡᠩᠨᠡᠯᠳᠡ ᠪᠤᠷᠤᠭᠤᠯᠤᠯᠳᠠ ᠶᠢᠨ ᠤᠬᠠᠭᠤᠯᠭ᠎ᠠ ᠶᠢ ᠴᠢᠩᠭᠠᠳᠬᠠᠵᠦ᠂ ᠡᠷᠡᠬᠦᠯ ᠡᠩᠬᠡ᠂ ᠰᠡᠯᠡᠬᠦᠴᠡᠯ᠂ ᠰᠤᠶᠤᠯ ᠪᠡ ᠬᠢᠯᠢ ᠠᠯᠤᠰᠯᠠᠭᠰᠠᠨ ᠵᠢᠭᠤᠯᠴᠢᠯᠠᠯ  ᠢ ᠶᠡᠬᠡᠪᠡᠷ ᠬᠦᠭᠵᠢᠬᠦᠯᠵᠦ᠂ ᠵᠢᠭᠤᠯᠴᠢᠯᠠᠯ ᠬᠢᠬᠡᠳ ᠰᠤᠶᠤᠯ᠂ ᠬᠤᠳᠠ ᠬᠦᠳᠡᠭᠡ ᠶᠢᠨ ᠪᠦᠳᠦᠬᠡᠨ ᠪᠠᠶᠢᠭᠤᠯᠤᠯᠳᠠ᠂ ᠭᠠᠳᠠᠭᠠᠳᠤ ᠳᠤ ᠨᠡᠬᠡᠬᠡᠯᠳᠡ ᠬᠢᠬᠦ ᠬᠦᠨᠴᠡ ᠶᠢ ᠠᠭᠤᠰᠤᠯᠴᠠᠭᠤᠯᠤᠬᠰᠠᠨ ᠬᠦᠭᠵᠢᠯᠳᠡ ᠶᠢ ᠠᠬᠢᠭᠤᠯᠵᠦ᠂ ᠬᠦᠯᠦᠨ ᠪᠤᠶᠢᠷ ᠤᠨ ᠰᠤᠶᠤᠯ ᠵᠢᠭᠤᠯᠴᠢᠯᠠᠯ  ᠤᠨ ᠦᠢᠯᠡᠰ ᠢ ᠵᠢᠯ ᠤᠨ ᠳᠦᠷᠪᠡᠨ ᠤᠯᠠᠷᠢᠯ ᠪᠦᠷᠢ ᠳᠤ ᠬᠦᠭᠵᠢᠬᠡᠨ ᠪᠠᠳᠠᠷᠠᠭᠠᠵᠦ᠂ ᠳᠤᠬᠠᠢ ᠶᠢᠨ ᠨᠤᠳᠤᠭ ᠤᠨ ᠢᠷᠬᠡᠳ ᠢ ᠪᠠᠶᠠᠵᠢᠭᠤᠯᠬᠤ ᠬᠡᠷᠡᠭᠳᠡᠢ ᠬᠡᠵᠦ ᠱᠠᠭᠠᠷᠳᠠᠵᠠᠢ᠃

    ᠯᠢ ᠵᠢᠢ ᠡᡁᠧᠩ ᠮᠠᠨᠵᠤᠤᠷ ᠲᠠᠬᠢ ᠤᠯᠤᠰ ᠤᠨ ᠡᠬᠦᠳᠡ ᠵᠢᠴᠢ ᠳᠤᠮᠳᠠᠳᠤ ᠤᠯᠤᠰ ᠤᠨ ᠡᠪ ᠬᠠᠮᠳᠤ ᠨᠠᠮ ᠤᠨ 6 ᠶᠡᠭᠡ ᠦᠵᠡᠰᠬᠦᠯᠡᠩ ᠤᠨ ᠤᠷᠳᠤᠨ ᠢ ᠳᠤᠭᠤᠷᠢᠨ ᠦᠵᠡᠵᠦ᠂ ᠬᠢᠯᠢ ᠶᠢᠨ ᠬᠠᠮᠠᠭᠠᠯᠠᠯᠳᠠ ᠶᠢᠨ ᠵᠡᠪᠰᠡᠭᠳᠦ ᠴᠠᠬᠳᠠᠭ᠎ᠠ ᠪᠤᠯᠤᠨ ᠴᠢᠯᠦᠬᠡᠯᠡᠬᠦ ᠴᠡᠷᠢᠭ ᠤᠨ ᠳᠠᠷᠤᠭ᠎ᠠ ᠪᠠᠶᠢᠯᠳᠤᠬᠴᠢᠳ ᠢ ᠳᠤᠳᠤᠨᠤ ᠪᠠᠷ ᠳᠤᠬᠤᠨᠢᠭᠤᠯᠵᠦ᠂ ᠳᠡᠳᠡᠨ ᠲᠠᠢ ᠬᠠᠮᠳᠤ ᠢᠳᠡᠵᠦ ᠬᠠᠮᠳᠤ ᠰᠠᠭᠤᠵᠦ ᠬᠠᠮᠳᠤ ᠴᠠᠬᠳᠠᠪᠠ᠃ ᠯᠢ ᠵᠢᠢ ᠡᡁᠧᠩ᠂ ᠦᠷᠬᠡᠨ ᠤᠯᠠᠨ ᠬᠢᠯᠢ ᠶᠢᠨ ᠬᠠᠮᠠᠭᠠᠯᠠᠯᠳᠠ ᠶᠢᠨ ᠳᠠᠷᠤᠭ᠎ᠠ ᠪᠠᠶᠢᠯᠳᠤᠬᠴᠢᠳ ᠤᠷᠳᠤ ᠬᠤᠭᠤᠴᠠᠭ᠎ᠠ ᠪᠠᠷ ᠬᠢᠯᠢ ᠬᠢᠵᠠᠭᠠᠷ ᠤᠷᠤᠨ ᠢᠶᠠᠨ ᠰᠠᠬᠢᠨ ᠬᠠᠮᠠᠭᠠᠯᠠᠵᠦ᠂ ᠡᠬᠡ ᠤᠯᠤᠰ ᠤᠨ ᠢᠶᠠᠨ ᠳᠦᠯᠦᠬᠡ ᠵᠢᠳᠬᠦᠬᠦ ᠠᠭᠤᠤ ᠶᠡᠭᠡ ᠬᠠᠶᠢᠷ᠎ᠠ ᠰᠡᠳᠬᠢᠯᠬᠡ ᠶᠢ ᠢᠯᠡᠷᠡᠬᠦᠯᠵᠡᠢ᠂ ᠰᠠᠭᠤᠭ᠎ᠠ ᠴᠡᠷᠢᠭ ᠠᠩᠬᠢ ᠶᠢᠨ ᠬᠢᠨ ᠡᠷᠬᠡᠪᠰᠢ ᠶᠡᠷᠦᠩᠬᠡᠢ ᠱᠦᠵᠢ ᠰᠢ ᠶᠢᠨ ᠫᠢᠩ ᠤᠨ ᠵᠢᠭᠠᠪᠤᠷᠢ ᠱᠠᠭᠠᠷᠳᠠᠯᠭ᠎ᠠ ᠶᠢ ᠨᠠᠷᠢᠨ ᠬᠢᠨᠠᠮᠠᠭᠠᠢ ᠳᠤᠤᠱᠯᠠᠭᠤᠯᠵᠦ᠂ ᠨᠠᠮ ᠤᠨ ᠵᠢᠯᠤᠭᠤᠳᠤᠯᠭ᠎ᠠ ᠶᠢ ᠰᠤᠨᠤᠰᠬᠤ᠂ ᠢᠯᠠᠭᠤᠭᠰᠠᠨ ᠲᠠᠶᠢᠨ ᠬᠢᠳᠡᠭ᠂ ᠰᠢᠯᠢᠳᠡᠭ ᠬᠡᠪ ᠰᠤᠷᠳᠠᠯ ᠲᠠᠢ ᠪᠤᠯᠬᠤ ᠶᠢ ᠦᠨᠡᠨᠬᠦ ᠬᠦᠢᠴᠡᠳᠬᠡᠵᠦ᠂ ᠡᠬᠡ ᠤᠯᠤᠰ ᠤᠨ ᠤᠮᠠᠷᠠᠳᠤ ᠶᠢᠨ ᠠᠮᠤᠷ ᠳᠠᠶᠢᠪᠤᠩ ᠪᠠᠶᠢᠬᠤ ᠶᠢ ᠪᠠᠳᠤᠯᠠᠬᠤ ᠬᠡᠷᠡᠭᠳᠡᠢ᠃ ᠤᠷᠤᠨ ᠨᠤᠲᠤᠭ ᠤᠨ ᠨᠠᠮ ᠤᠨ ᠬᠤᠷᠢᠶ᠎ᠠ ᠵᠠᠰᠠᠭ ᠤᠨ ᠤᠷᠳᠤᠨ ᠴᠡᠷᠢᠭ ᠠᠩᠭᠢ ᠶᠢᠨ ᠪᠠᠶᠢᠭᠤᠯᠤᠯᠲᠠ ᠪᠤᠯᠤᠨ ᠦᠭᠡᠷᠡᠴᠢᠯᠡᠯᠲᠡ ᠶᠢ ᠤᠯᠠᠮ ᠢᠯᠡᠭᠦᠦ ᠬᠠᠯᠠᠮᠵᠢᠯᠠᠨ ᠲᠡᠮᠵᠢᠵᠦ᠂ ᠴᠡᠷᠢᠭ ᠠᠴᠠ ᠬᠠᠯᠠᠭᠳᠠᠭᠰᠠᠳ ᠢ ᠲᠦᠪᠬᠢᠨᠡᠬᠦᠯᠬᠦ᠂ ᠴᠡᠷᠢᠭ ᠤᠨ ᠬᠡᠷ ᠪᠦᠯᠢ ᠶᠢᠨ ᠬᠢᠨ ᠤ ᠠᠵᠢᠯ ᠤᠯᠬᠤ ᠰᠤᠷᠭᠠᠭᠤᠯᠢ ᠳᠤ ᠰᠠᠭᠤᠬᠤ ᠵᠡᠷᠭᠡ ᠪᠤᠳᠠᠲᠠᠢ ᠠᠰᠠᠭᠤᠳᠠᠯ ᠢ ᠰᠠᠶᠢᠲᠤᠷ ᠰᠢᠢᠳᠪᠤᠷᠢᠯᠡᠨ᠂ ᠴᠡᠷᠢᠭ ᠠᠩᠭᠢ ᠪᠤᠯᠤᠨ ᠤᠷᠤᠨ ᠨᠤᠲᠤᠭ ᠬᠠᠮᠲᠦᠪᠡᠷ ᠴᠡᠷᠢᠭ ᠢᠶᠠᠨ ᠬᠦᠷᠢᠶᠡᠯᠡᠵᠦ ᠴᠡᠷᠢᠭ ᠤᠨ ᠬᠡᠷ ᠪᠦᠯᠢ ᠶᠢ ᠬᠠᠷᠠᠭᠠᠯᠵᠠᠬᠤ᠂ ᠵᠠᠰᠠᠭ ᠢᠶᠠᠨ ᠬᠦᠷᠢᠶᠡᠯᠡᠵᠦ ᠢᠷᠬᠡᠳ ᠢᠶᠡᠨ ᠬᠠᠶᠢᠷᠠᠯᠠᠬᠤ ᠤᠶᠤᠨ ᠤ ᠪᠤᠯᠪᠠᠰᠤᠨ ᠢ ᠬᠠᠮᠲᠦᠪᠡᠷ ᠪᠠᠶᠢᠭᠤᠯᠬᠤ ᠠᠵᠢᠯ ᠢ ᠰᠠᠶᠢᠲᠤᠷ ᠬᠢᠬᠦ ᠬᠡᠷᠡᠭᠲᠠᠢ ᠬᠡᠵᠦ ᠵᠢᠭᠠᠵᠦ ᠭᠠᠷᠭᠠᠪᠠ᠃

    ᠪᠠᠶᠢᠴᠠᠭᠠᠨ ᠰᠤᠳᠤᠯᠤᠯᠲᠠ ᠬᠢᠬᠦ ᠬᠤᠭᠤᠴᠠᠭᠠᠨ ᠳᠤ᠂ ᠯᠢ ᠵᠢᠢ ᠾᠧᠩ ᠬᠦᠯᠦᠨ ᠪᠤᠶᠢᠷ ᠬᠤᠲᠠ ᠶᠢᠨ ᠠᠵᠢᠯ ᠤᠨ ᠬᠠᠷᠢᠭᠤ ᠮᠡᠳᠡᠭᠦᠯᠦᠯᠲᠡ ᠶᠢ ᠰᠤᠨᠤᠰᠴᠠᠢ᠃ ᠲᠡᠷᠡ᠂ ᠡᠯ᠎ᠡ ᠱᠠᠲᠤᠨ ᠤ ᠨᠠᠮ ᠤᠨ ᠬᠤᠷᠢᠶ᠎ᠠ᠂ ᠵᠠᠰᠠᠭ ᠤᠨ ᠤᠷᠳᠤᠨ ᠪᠤᠯᠤᠨ ᠦᠷᠭᠡᠨ ᠤᠯᠠᠨ ᠨᠠᠮ ᠤᠨ ᠬᠡᠰᠢᠭᠦᠨ ᠺᠠᠳ᠋ᠷ ᠲᠡᠷᠢᠭᠦᠨ ᠴᠢᠬᠤᠯᠠ ᠶᠠᠪᠤᠳᠠᠯ ᠪᠤᠯᠬᠤ ᠬᠦᠭᠵᠢᠯᠲᠡ ᠶᠢ ᠭᠤᠶᠢᠪᠢᠰᠢ ᠦᠭᠡᠢ ᠠᠳᠬᠤᠬᠤ ᠶᠢ ᠪᠠᠷᠢᠮᠲᠠᠯᠠᠨ᠂ ᠨᠡᠮᠡᠭᠳᠡᠯ ᠢ ᠲᠤᠭᠲᠠᠪᠤᠷᠢᠵᠢᠭᠤᠯᠬᠤ᠂ ᠥᠪᠡᠷᠮᠢᠴᠡ ᠤᠨᠴᠠᠯᠢᠬᠲᠦ ᠠᠵᠦ ᠦᠢᠯᠡᠰ ᠤᠨ ᠬᠦᠭᠵᠢᠯᠲᠡ ᠪᠤᠯᠤᠨ ᠰᠢᠨ᠎ᠡ ᠮᠠᠶ᠊ᠢᠭ ᠤᠨ ᠬᠤᠲᠠ ᠪᠠᠯᠭᠠᠰᠦᠵᠢᠯᠲᠠ ᠶᠢ ᠪᠦᠬᠦ ᠬᠦᠴᠦ ᠪᠠᠷ ᠢᠶᠠᠨ ᠰᠠᠶᠢᠲᠤᠷ ᠠᠳᠬᠤᠵᠦ᠂ ᠡᠳ᠋ ᠤᠨ ᠵᠠᠰᠠᠭ ᠢ ᠦᠷᠬᠦᠯᠵᠢᠯᠡᠨ ᠡᠷᠡᠭᠦᠯ ᠢᠶᠠᠷ ᠬᠦᠭᠵᠢᠬᠦᠯᠬᠦ ᠶᠢ ᠠᠬᠢᠭᠤᠯᠬᠤ ᠲᠠᠯ᠎ᠠ ᠪᠠᠷ ᠰᠢᠨ᠎ᠡ ᠲᠠᠪᠠᠯᠲᠠ ᠲᠠᠢ ᠪᠤᠯᠬᠤ ᠪᠠᠷ ᠴᠢᠷᠮᠠᠶᠢᠬᠤ ᠬᠡᠷᠡᠭᠲᠠᠢ᠃ ᠨᠡᠭᠡᠭᠡᠯᠲᠡ ᠶᠢ ᠪᠦᠬᠦ ᠲᠠᠯ᠎ᠠ ᠪᠠᠷ ᠦᠷᠭᠡᠳᠭᠡᠬᠦ ᠶᠢ ᠪᠠᠷᠢᠮᠲᠠᠯᠠᠨ᠂ ᠴᠢᠬᠤᠯᠠ ᠶᠡᠭᠡ ᠨᠡᠭᠡᠭᠡᠯᠲᠡ ᠶᠢᠨ ᠲᠠᠪᠴᠠᠩ ᠢ ᠪᠦᠬᠦ ᠬᠦᠴᠦ ᠪᠠᠷ ᠢᠶᠠᠨ ᠪᠠᠶᠢᠭᠤᠯᠵᠦ᠂ ᠰᠠᠭᠤᠷᠢ ᠲᠦᠬᠦᠭᠡᠷᠦᠮᠵᠢ ᠶᠢᠨ ᠬᠤᠯᠪᠤᠯᠴᠠᠬᠤ ᠨᠡᠪᠲᠡᠷᠡᠯᠴᠡᠬᠦ ᠶᠢ ᠠᠬᠢᠭᠤᠯᠤᠨ᠂ ᠬᠢᠯᠢ ᠰᠤᠨᠳᠠᠯᠠᠭᠰᠠᠨ ᠡᠳ᠋ ᠤᠨ ᠵᠠᠰᠠᠭ ᠤᠨ ᠬᠠᠮᠲᠤ ᠶᠢᠨ ᠠᠵᠢᠯᠯᠠᠭ᠎ᠠ ᠶᠢ ᠬᠦᠭᠵᠢᠭᠦᠯᠵᠦ᠂ ᠰᠤᠶᠤᠯ ᠢᠷᠭᠡᠨᠰᠢᠯ ᠤᠨ ᠬᠠᠷᠢᠯᠴᠠᠭ᠎ᠠ ᠶᠢ ᠭᠦᠨᠵᠡᠭᠡᠶᠢᠷᠡᠭᠦᠯᠵᠦ᠂ ᠤᠯᠤᠰ ᠤᠨ ᠲᠤᠲᠤᠭᠠᠳᠦ ᠶᠢᠨ ᠭᠠᠵᠠᠷ ᠤᠷᠤᠨ ᠤ ᠬᠠᠮᠲᠤ ᠶᠢᠨ ᠠᠵᠢᠯᠯᠠᠭ᠎ᠠ ᠶᠢ ᠬᠦᠴᠦᠯᠡᠨ ᠠᠬᠢᠭᠤᠯᠵᠦ᠂ ᠤᠯᠤᠰ ᠭᠦᠷᠦᠨ ᠢᠶᠠᠨ ᠤᠮᠠᠷᠠᠰᠢ ᠨᠡᠭᠡᠭᠡᠯᠲᠡ ᠬᠢᠬᠦ ᠴᠢᠬᠤᠯᠠ ᠪᠠᠬᠢᠯᠡᠯᠲᠡ ᠪᠤᠯᠭᠠᠬᠤ ᠲᠠᠯ᠎ᠠ ᠪᠠᠷ ᠰᠢᠨ᠎ᠡ ᠲᠠᠪᠠᠯᠲᠠ ᠲᠠᠢ ᠪᠤᠯᠬᠤ ᠪᠠᠷ ᠴᠢᠷᠮᠠᠶᠢᠬᠤ ᠬᠡᠷᠡᠭᠲᠠᠢ᠃ ᠠᠮᠢ ᠠᠬᠤᠢ ᠶᠢᠨ ᠡᠨᠡᠬᠦ ᠬᠤᠷᠢᠭ᠎ᠠ ᠱᠤᠭᠤᠮ ᠢ ᠰᠠᠬᠢᠬᠤ ᠶᠢ ᠪᠠᠷᠢᠮᠳᠠᠯᠠᠵᠦ᠂ ᠢᠷᠬᠡᠳ᠂ ᠦᠷ᠎ᠠ ᠬᠤᠶᠢᠴᠢᠰ ᠲᠠᠭᠠᠨ ᠳᠡᠭᠡᠳᠦ ᠬᠡᠮᠵᠢᠶᠠᠠ ᠤ ᠬᠠᠷᠢᠭᠤᠴᠠᠯᠭᠠᠳᠦ ᠤᠪᠤᠷ ᠪᠡ ᠬᠠᠷᠢᠭᠤᠴᠠᠯᠭ᠎ᠠ ᠪᠠᠷ ᠵᠢᠩᠬᠢᠨᠢ ᠵᠤᠷᠢᠬ ᠰᠢᠭᠤᠳᠴᠦ ᠪᠠᠶᠢᠭᠠᠳ ᠤᠷᠴᠢᠠ ᠳᠤᠭᠤᠷᠢᠠ ᠤ ᠪᠤᠬᠢᠷᠳᠦᠯ ᠢ ᠰᠠᠶᠢᠳᠦᠷ ᠵᠠᠰᠠᠵᠦ᠂ ᠠᠮᠢ ᠠᠬᠤᠢ ᠶᠢᠨ ᠤᠷᠴᠢᠠ ᠳᠤᠭᠤᠷᠢᠠ ᠤ ᠪᠦᠳᠦᠬᠡᠡ ᠪᠠᠶᠢᠭᠤᠯᠤᠯᠳᠠ ᠶᠢ ᠰᠠᠶᠢᠳᠦᠷ ᠬᠢᠵᠦ᠂ ᠪᠤᠬᠢᠷᠳᠦᠯ ᠦᠬᠡᠢ ᠬᠦᠭᠵᠢᠯᠳᠠ ᠶᠢᠨ ᠠᠷᠭ᠎ᠠ ᠬᠡᠯᠪᠡᠷᠢ ᠪᠡ ᠠᠮᠢᠳᠤᠷᠠᠯ ᠤᠨ ᠠᠷᠭ᠎ᠠ ᠬᠡᠯᠪᠡᠷᠢ ᠶᠢ ᠪᠦᠷᠢᠯᠳᠦᠬᠦᠯᠬᠦ ᠶᠢ ᠠᠬᠢᠭᠤᠯᠵᠦ᠂ ᠠᠮᠢ ᠠᠬᠤᠢ ᠶᠢᠨ ᠪᠤᠯᠪᠠᠰᠦᠡ ᠤ ᠪᠠᠶᠢᠭᠤᠯᠤᠯᠳᠠ ᠶᠢᠨ ᠳᠠᠯ᠎ᠠ ᠪᠠᠷ ᠰᠢᠨ᠎ᠠ ᠰᠢᠪᠳᠦᠯᠤᠯᠳᠠ ᠲᠠᠢ ᠪᠤᠯᠬᠤ ᠪᠠᠷ ᠴᠢᠷᠮᠠᠶᠢᠬᠤ ᠬᠡᠷᠡᠭᠳᠡᠢ᠃ ᠢᠷᠬᠡᠳ ᠢᠶᠡᠷ ᠭᠤᠤᠯ ᠪᠤᠯᠭᠠᠬᠰᠠᠠ ᠬᠦᠭᠵᠢᠯᠳᠠ ᠶᠢᠨ ᠦᠵᠡᠯ ᠰᠠᠨᠠᠭ᠎ᠠ ᠶᠢ ᠪᠠᠷᠢᠮᠳᠠᠯᠠᠵᠦ᠂ ᠤᠨᠢᠠ ᠳᠡᠭᠡᠷ᠎ᠠ ᠨᠢ ᠶᠠᠳᠠᠭᠤ ᠠᠴᠠ ᠠᠩᠬᠢᠵᠢᠷᠠᠭᠤᠯᠬᠤ ᠶᠢ ᠭᠤᠤᠯᠳᠠᠯᠭ᠎ᠠ ᠲᠠᠢ ᠰᠠᠶᠢᠳᠦᠷ ᠠᠳᠬᠤᠵᠦ᠂ ᠡᠯ᠎ᠠ ᠵᠦᠢᠯ ᠤᠨ ᠠᠷᠠᠳ ᠤᠨ ᠠᠮᠢᠵᠢᠷᠭᠠᠨ ᠤ ᠳᠦᠰᠦᠯ ᠢ ᠪᠦᠬᠦ ᠳᠠᠯ᠎ᠠ ᠪᠠᠷ ᠬᠡᠷᠡᠭᠵᠢᠬᠦᠯᠵᠦ᠂ ᠨᠠᠶᠢᠬᠡᠮ ᠤᠨ ᠦᠢᠯᠠᠰ ᠢ ᠳᠦᠷᠬᠡᠳᠬᠡᠡ ᠬᠦᠭᠵᠢᠬᠦᠯᠵᠦ᠂ ᠠᠷᠠᠳ ᠤᠨ ᠠᠮᠢᠳᠦᠷᠠᠯ ᠢ ᠪᠠᠳᠦᠯᠠᠬᠤ ᠪᠡ ᠰᠠᠶᠢᠵᠢᠷᠠᠭᠤᠯᠬᠤ ᠳᠠᠯ ᠎ᠠ ᠪᠠᠷ ᠰᠢᠨ᠎ᠠ ᠰᠢᠪᠳᠦᠯᠤᠯᠳᠠ ᠲᠠᠢ ᠪᠤᠯᠬᠤ ᠪᠠᠷ ᠴᠢᠷᠮᠠᠶᠢᠬᠤ ᠬᠡᠷᠡᠭᠳᠡᠢ᠃ 《ᠬᠤᠶᠠᠷ ᠬᠠᠮᠳᠦᠪᠠᠷ》 ᠢ᠋ᠶᠡᠷ ᠭᠤᠤᠯ ᠰᠡᠳᠦᠪ ᠪᠤᠯᠭᠠᠬᠤ ᠶᠢ ᠪᠠᠷᠢᠮᠳᠠᠯᠠᠵᠦ᠂ 《ᠭᠤᠷᠪᠠᠠ ᠰᠠᠯᠬᠤ ᠦᠬᠡᠢ》 ᠪᠠᠶᠢᠬᠤ ᠦᠵᠡᠯ ᠰᠠᠨᠠᠭ᠎ᠠ ᠶᠢ ᠪᠠᠳᠦ ᠪᠤᠢ ᠪᠤᠯᠭᠠᠵᠦ᠂ ᠨᠠᠮ ᠪᠠ ᠤᠯᠥᠰ ᠤᠨ ᠡᠯ᠎ᠠ ᠵᠦᠢᠯ ᠤᠨ ᠦᠨᠳᠦᠰᠦᠳᠠᠠ ᠤ ᠳᠦᠷᠦ ᠶᠢᠨ ᠪᠤᠳᠤᠯᠭ᠎ᠠ ᠶᠢ ᠬᠢᠨᠠᠮᠭᠠᠢ ᠨᠠᠶᠢᠳᠠᠪᠤᠷᠢᠵᠢᠭᠤᠯᠵᠦ᠂ ᠦᠨᠳᠦᠰᠦᠳᠠᠠ ᠤ ᠪᠦᠯᠬᠦᠮᠳᠠᠯ ᠳᠠᠪᠰᠢᠯᠳᠠ᠂ ᠬᠢᠯᠢ ᠬᠢᠵᠠᠭᠠᠷ ᠤᠨ ᠴᠡᠴᠡᠭᠯᠡᠯ ᠳᠤᠬᠳᠠᠭᠤᠠ ᠢ ᠠᠬᠢᠭᠤᠯᠬᠤ ᠳᠠᠯ᠎ᠠ ᠪᠠᠷ ᠰᠢᠨ᠎ᠠ ᠰᠢᠪᠳᠦᠯᠤᠯᠳᠠ ᠲᠠᠢ ᠪᠤᠯᠬᠤ ᠪᠠᠷ ᠴᠢᠷᠮᠠᠶᠢᠬᠤ ᠬᠡᠷᠡᠭᠳᠡᠢ᠃ ᠨᠠᠮ ᠢ ᠪᠦᠬᠦ ᠳᠠᠯ᠎ᠠ ᠪᠠᠷ ᠴᠢᠩᠭ᠎ᠠ ᠵᠠᠰᠠᠬᠤ ᠶᠢ ᠪᠠᠷᠢᠮᠳᠠᠯᠠᠵᠦ᠂ ᠤᠯᠤᠰ ᠳᠦᠷᠦ ᠶᠢᠨ ᠰᠠᠬᠢᠯᠭ᠎ᠠ ᠪᠠᠳᠦ ᠪᠡ ᠤᠯᠤᠰ ᠳᠦᠷᠦ ᠶᠢᠨ ᠶᠤᠰᠦ ᠳᠦᠷᠢᠮ ᠢ ᠴᠢᠨᠠᠬᠰᠢᠳᠠ ᠴᠢᠩᠭ᠎ᠠ ᠳᠤᠳᠤᠷᠬᠠᠢ ᠪᠤᠯᠭᠠᠵᠦ᠂ ᠪᠦᠬᠦ ᠳᠠᠯ᠎ᠠ ᠪᠠᠷ ᠨᠠᠮ ᠢ ᠴᠢᠩᠭ᠎ᠠ ᠵᠠᠰᠠᠬᠤ ᠶᠢᠨ ᠭᠤᠤᠯ ᠴᠤᠬᠴᠠ ᠶᠢᠨ ᠬᠠᠷᠢᠭᠤᠴᠠᠯᠭ᠎ᠠ ᠪᠠ ᠬᠢᠨᠠᠯᠳᠠ ᠳᠠᠯᠪᠢᠬᠤ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠦ᠂ ᠬᠤᠭᠤᠴᠠᠭ᠎ᠠ ᠰᠤᠯᠢᠬᠤ ᠰᠠᠬᠢᠯᠭ᠎ᠠ ᠪᠠᠳᠦ ᠶᠢ ᠴᠢᠩᠳᠠᠯᠠᠵᠦ᠂ ᠨᠠᠮ ᠤᠨ ᠰᠤᠷᠳᠠᠯ ᠴᠢᠭᠡᠴᠢ ᠵᠠᠰᠠᠬ ᠤᠨ ᠪᠠᠶᠢᠭᠤᠯᠤᠯᠳᠠ ᠪᠡ ᠢᠯᠵᠢᠷᠠᠯ ᠢ ᠡᠰᠠᠷᠬᠦᠴᠡᠬᠦ ᠳᠠᠮᠠᠴᠠᠯ ᠢ ᠬᠦᠨᠵᠡᠬᠡᠢ ᠠᠬᠢᠭᠤᠯᠵᠦ᠂ ᠨᠠᠮ ᠤᠨ ᠪᠠᠶᠢᠭᠤᠯᠤᠯᠳᠠ ᠶᠢᠨ ᠳᠠᠯ᠎ᠠ ᠪᠠᠷ ᠰᠢᠨ᠎ᠠ ᠰᠢᠪᠳᠦᠯᠤᠯᠳᠠ ᠲᠠᠢ ᠪᠤᠯᠬᠤ ᠪᠠᠷ ᠴᠢᠷᠮᠠᠶᠢᠬᠤ ᠬᠡᠷᠡᠭᠳᠡᠢ ᠭᠡᠵᠦ ᠴᠢᠬᠤᠯᠠᠴᠢᠯᠠᠪᠠ᠃

    ᠦᠪᠡᠷᠳᠡᠬᠡᠡ ᠵᠠᠰᠠᠬᠤ ᠤᠷᠦᠠ ᠤ ᠤᠳᠦᠷᠢᠳᠤᠯᠭ᠎ᠠ ᠶᠠᠩ ᠵᠢᠶᠦ᠋ᠠ ᠰᠢᠩ᠂ ᠵᠠᠩ ᠶᠤᠸᠠᠠ ᠵᠦᠩ᠂ ᠸᠠᠩ ᠢᠤᠢ ᠮᠢᠩ᠂ ᠸᠠᠩ ᠬᠤᠸᠠᠠ ᠴᠧᠩ ᠪᠠᠷ᠎ᠠ ᠪᠤᠯᠵᠦ ᠪᠠᠶᠢᠴᠠᠭᠠᠠ ᠰᠤᠳᠤᠯᠤᠯᠳᠠ ᠬᠢᠪᠡ᠃

ᠢᠷᠡᠯᠳᠡ᠄ ᠦᠪᠦᠷ ᠮᠤᠩᠭ᠋ᠤᠯ ᠤᠨ ᠡᠳᠦᠷ ᠤᠨ ᠰᠤᠨᠢᠨ ᠪᠡᠯᠡᠳᠭᠡᠭ᠍ᠰᠡᠨ ᠨᠢ᠄ ᠪᠣᠯᠣᠷᠴᠡᠴᠡᠭ᠌

ᠰᠣᠶᠤᠯ ᠤᠷᠠᠯᠢᠭ

  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
  • ᠪᠡᠬᠡᠵᠢᠩ ᠤᠨ ᠬᠡᠤᠬᠡᠳ ᠤᠨ ᠤᠷᠠᠯᠢᠭ ᠤᠨ ᠠᠩᠬᠠᠳᠤᠭᠠᠷ ᠨᠠᠭᠠᠳᠤᠮ ᠵᠤᠬᠢᠶᠠᠭᠳᠠᠪᠠ
  • ᠤᠷᠳᠤᠰ ᠬᠤᠳᠠ ᠶᠢᠨ ᠬᠤᠶᠡᠳᠡᠬᠢ ᠤᠳᠠᠭᠠᠨ ᠤ《ᠪᠢᠯᠢᠭ᠌ ᠤᠨ ᠰᠠᠩ ᠨᠤᠮ ᠲᠠᠢ ᠮᠣᠩᠭᠣᠯ》ᠴᠤᠪᠤᠷᠠᠯ ᠠᠵᠢᠯᠯᠠᠭ᠎ᠠ ᠪᠤᠯᠵᠤ ᠦᠩᠬᠡᠷᠡᠯ᠎ᠡ
关闭
010070230030000000000000011120701119584881