蒙古文网站Logo
ᠰᠢᠨᠬᠤᠸᠠ ᠮᠤᠩᠭ᠋ᠤᠯ ᠨᠧᠲ

ᠨᠤᠴᠢᠳᠠᠢ ᠳᠠᠯᠳᠠ ᠭᠠᠯ ᠤᠨ ᠠᠶᠤᠯ ᠤᠷᠤᠰᠢᠵᠤ ᠪᠠᠶᠢᠭ᠎ᠠ 100 ᠪᠠᠶᠢᠭᠤᠯᠭ᠎ᠠ ᠶᠢ ᠳᠤᠳᠤᠭᠠᠳᠤ ᠶᠢ ᠬᠠᠮᠠᠭᠠᠯᠠᠬᠤ ᠶᠠᠮᠤᠨ ᠨᠡᠷ᠎ᠡ ᠳᠤᠷᠠᠳᠤᠨ ᠢᠯᠡᠴᠢᠯᠡᠪᠡ

2016-09-20 09:57

    ᠰᠢᠨᠬᠤᠧᠠ ᠬᠤᠷᠢᠶ᠎ᠠ   ᠪᠡᠬᠡᠵᠢᠩ ᠤᠨ 9 ᠰᠠᠷ᠎ᠠ ᠶᠢᠨ 19 ᠤ ᠡᠳᠦᠷ ᠤᠨ ᠴᠠᠬᠢᠯᠭᠠᠨ ᠮᠡᠳᠡᠬᠡ   ᠬᠦᠨᠳᠦ ᠨᠤᠴᠢᠳᠠᠢ ᠭᠠᠯ ᠤᠨ ᠳᠠᠯᠳᠠ ᠠᠶᠤᠯ ᠢ ᠴᠡᠭᠴᠡᠯᠡᠬᠦ ᠠᠵᠢᠯ ᠢ ᠠᠬᠢᠭᠤᠯᠬᠤ ᠶᠢᠨ ᠳᠤᠰᠠᠳᠠ ᠳᠤᠳᠤᠭᠠᠳᠤ ᠶᠢ ᠬᠠᠮᠠᠭᠠᠯᠠᠬᠤ ᠶᠠᠮᠤᠨ ᠨᠢ 19 ᠤ ᠡᠳᠦᠷ᠂ ᠪᠡᠬᠡᠵᠢᠩ ᠬᠤᠳᠠ ᠶᠢᠨ ᠳ᠋ᠠ ᠰᠢᠩ ᠳᠤᠭᠤᠷᠢᠭ ᠤᠨ ᠯᠦᠩ ᠷᠦᠢ ᠴᠤᠤ ᠬᠠᠭᠤᠴᠢᠨ ᠪᠠᠷᠠᠭᠠᠨ ᠤ ᠵᠠᠬ᠎ᠠ᠂ ᠲᠢᠶᠠᠨᠵᠢᠨ ᠤ ᠨᠡᠬᠡᠬᠡᠯᠳᠡ ᠲᠠᠢ ᠳᠤᠭᠤᠷᠢᠭ ᠤᠨ ᠵᠦᠩ ᠵᠢᠶᠠᠨ ᠶᠡᠬᠡ ᠳᠡᠯᠬᠡᠬᠦᠷ᠂ ᠱᠠᠩᠬᠠᠢ ᠶᠢᠨ ᠠᠷᠠᠳ ᠤᠨ ᠪᠠᠷᠯᠠᠬᠤ ᠨᠠᠶ᠋ᠮᠠᠳᠤᠭᠠᠷ ᠦᠢᠯᠡᠳᠪᠦᠷᠢ ᠵᠡᠷᠬᠡ 100 ᠪᠠᠶᠢᠭᠤᠯᠭ᠎ᠠ ᠶᠢ ᠨᠡᠷ᠎ᠡ ᠳᠤᠷᠠᠳᠤᠨ ᠢᠯᠡᠴᠢᠯᠡᠭᠰᠡᠨ ᠪᠠᠶᠢᠨ᠎ᠠ᠃

    ᠳᠤᠳᠤᠭᠠᠳᠤ ᠶᠢ ᠬᠠᠮᠠᠭᠠᠯᠠᠬᠤ ᠶᠠᠮᠤᠨ ᠤ ᠭᠠᠯ ᠰᠡᠷᠬᠡᠶᠢᠯᠡᠬᠦ ᠳᠤᠪᠴᠢᠶᠠᠨ ᠤ ᠬᠠᠮᠢᠶᠠᠳᠠᠢ ᠬᠠᠷᠢᠭᠤᠴᠠᠯᠭᠠᠳᠠᠨ᠂ ᠨᠡᠷ᠎ᠡ ᠳᠤᠷᠠᠳᠤᠭᠳᠠᠨ ᠢᠯᠡᠴᠢᠯᠡᠭᠳᠡᠭᠰᠡᠨ ᠪᠠᠶᠢᠭᠤᠯᠭ᠎ᠠ ᠨᠤᠭᠤᠳ ᠨᠡᠶᠢᠳᠡ ᠶᠢᠨ ᠠᠶᠤᠯᠬᠦᠢ ᠪᠠᠶᠢᠳᠠᠯ ᠳᠤ ᠨᠤᠴᠢᠳᠠᠢ ᠬᠠᠷᠰᠢᠯᠠᠵᠤ᠂ ᠭᠠᠯ ᠤᠨ ᠠᠶᠤᠯ ᠡᠬᠦᠰᠦᠭᠰᠡᠨ ᠳᠤᠬᠢᠶᠠᠯᠳᠤᠯ ᠳᠤ ᠬᠦᠮᠦᠨ ᠡᠨᠳᠡᠵᠤ ᠰᠢᠷᠬᠠᠳᠤᠬᠤ ᠠᠶᠤᠯ ᠲᠠᠢ᠃ ᠡᠬᠦᠨ ᠳᠤ᠂ ᠡᠯ᠎ᠡ ᠳᠦᠷᠦᠯ ᠤᠨ ᠬᠤᠳᠠᠯᠳᠤᠭ᠎ᠠ᠂ ᠵᠠᠬ᠎ᠠ 23᠂ ᠬᠦᠳᠡᠯᠮᠦᠷᠢ ᠬᠦᠴᠦᠨ ᠨᠢᠬᠳᠠᠷᠠᠭᠰᠠᠨ ᠰᠢᠨᠵᠢᠳᠡᠢ ᠠᠵᠤ ᠠᠬᠤᠶᠢᠯᠠᠯ 16᠂ ᠬᠤᠨᠤᠭ ᠪᠠᠭᠤᠳᠠᠯ ᠬᠤᠭᠤᠯᠠ ᠤᠮᠳᠠ ᠶᠢᠨ ᠭᠠᠵᠠᠷ 14᠂ ᠡᠮᠨᠡᠯᠬᠡ ᠰᠤᠷᠭᠠᠭᠤᠯᠢ ᠨᠠᠰᠤᠳᠠᠨ ᠤ ᠠᠰᠠᠷᠠᠮᠵᠢ ᠶᠢᠨ ᠭᠠᠵᠠᠷ 22 ᠪᠠᠶᠢᠵᠤ᠂ ᠡᠨᠡ ᠨᠢ ᠪᠦᠬᠦ ᠳᠤᠭᠠᠨ ᠤ 75% ᠶᠢ ᠡᠵᠡᠯᠡᠵᠡᠢ᠃ ᠡᠳᠡᠬᠡᠷ ᠪᠠᠶᠢᠭᠤᠯᠭ᠎ᠠ ᠳᠤ ᠭᠤᠤᠯᠳᠠᠭᠤ ᠭᠠᠯ ᠰᠡᠷᠬᠡᠶᠢᠯᠡᠬᠦ ᠬᠡᠷᠡᠭᠰᠡᠯ ᠢ ᠱᠠᠭᠠᠷᠳᠠᠯᠭ᠎ᠠ ᠶᠤᠰᠤᠭᠠᠷ ᠳᠤᠬᠢᠷᠠᠭᠤᠯᠤᠭᠰᠠᠨ ᠦᠬᠡᠢ ᠪᠤᠶᠤ ᠪᠦᠷᠢᠨ ᠪᠦᠳᠦᠨ᠂ ᠦᠷ᠎ᠡ ᠠᠰᠢᠭ ᠲᠠᠢ ᠪᠠᠶᠢᠯᠭᠠᠵᠤ ᠴᠢᠳᠠᠭᠰᠠᠨ ᠦᠬᠡᠢ; ᠠᠶᠤᠯ ᠡᠴᠡ ᠵᠠᠶᠢᠯᠠᠭᠤᠯᠬᠤ ᠬᠤᠩᠬᠢᠯ ᠢ ᠪᠦᠭᠯᠡᠭᠰᠡᠨ; ᠭᠠᠯ ᠰᠡᠷᠬᠡᠶᠢᠯᠡᠬᠦ ᠮᠠᠰᠢᠨ ᠤ ᠶᠠᠪᠤᠬᠤ ᠵᠠᠮ ᠢ ᠬᠤᠷᠢᠭᠰᠠᠨ; ᠭᠠᠯ ᠰᠡᠷᠬᠡᠶᠢᠯᠡᠬᠦ ᠵᠠᠢ ᠪᠤᠶᠤ ᠭᠠᠯ ᠰᠡᠷᠬᠡᠶᠢᠯᠡᠬᠦ ᠭᠠᠵᠠᠷ ᠢ ᠱᠠᠭᠠᠷᠳᠠᠯᠭ᠎ᠠ ᠶᠤᠰᠤᠭᠠᠷ ᠳᠤᠳᠤᠷᠬᠠᠶᠢᠯᠠᠭᠰᠠᠨ ᠦᠬᠡᠢ ᠵᠡᠷᠬᠡ ᠨᠤᠴᠢᠳᠠᠢ ᠬᠡᠮ ᠰᠤᠭᠤᠭ ᠤᠷᠤᠰᠢᠵᠤ ᠪᠠᠶᠢᠨ᠎ᠠ ᠬᠡᠵᠡᠢ᠃

    ᠡᠨᠡ ᠵᠢᠯ ᠤᠨ 5 ᠰᠠᠷ᠎ᠠ ᠡᠴᠡ 9 ᠰᠠᠷ᠎ᠠ ᠪᠤᠯᠳᠠᠯ᠎ᠠ᠂ ᠳᠤᠳᠤᠭᠠᠳᠤ ᠶᠢ ᠬᠠᠮᠠᠭᠠᠯᠠᠬᠤ ᠶᠠᠮᠤᠨ ᠨᠢ ᠤᠯᠤᠰ ᠲᠠᠶᠠᠭᠠᠷ ᠤᠨ ᠬᠡᠮᠵᠢᠶᠡᠨ ᠳᠤ ᠭᠠᠯ ᠰᠡᠷᠬᠡᠶᠢᠯᠡᠬᠦ ᠳᠤᠰᠬᠠᠢ ᠳᠦᠷᠦᠯ ᠤᠨ ᠰᠢᠯᠭᠠᠯᠳᠠ ᠬᠢᠵᠤ᠂ ᠳᠤᠰ ᠦᠷ᠎ᠡ ᠳ᠋ᠦᠩ ᠳᠤ ᠬᠦᠷᠴᠠᠢ᠃

ᠢᠷᠡᠯᠳᠡ᠄ ᠰᠢᠨᠬᠤᠧᠠ ᠬᠤᠷᠢᠶ᠎ᠠ ᠪᠡᠯᠡᠳᠭᠡᠭ᠍ᠰᠡᠨ ᠨᠢ᠄ ᠪᠣᠯᠣᠷᠴᠡᠴᠡᠭ᠌

ᠰᠣᠶᠤᠯ ᠤᠷᠠᠯᠢᠭ

  • ᠦᠪᠦᠷ ᠮᠤᠨᠭᠭᠤᠯ ᠤᠨ ᠦᠨᠳᠦᠰᠦᠲᠡᠨ ᠤ ᠺᠢᠨᠤ᠋ ᠬᠢᠷᠢ ᠮᠤᠨᠳᠠᠬ ᠪᠠᠶᠢᠳᠠᠬ ᠢ ᠠᠨᠭᠬᠠᠷᠤᠬᠰᠨᠨ ᠤᠤ
  • ᠮᠤᠩᠭ᠋ᠤᠯ ᠦᠨᠳᠦᠰᠦᠲᠡᠨ ᠤ ᠵᠠᠯᠠᠭᠤᠴᠤᠳ ᠤᠨ ᠨᠠᠶᠢᠷᠠᠯ ᠳᠠᠭᠤᠤ ᠵᠢᠨ ᠪᠦᠯᠬᠦᠮ ᠪᠡᠭᠡᠵᠢᠩ ᠳ᠋ᠥ ᠲᠤᠭᠯᠠᠪᠠ
  • 25 ᠳ᠋ᠡᠬᠢ ᠬᠤᠭᠤᠴᠠᠭᠠᠨ ᠤ ᠠᠯᠲᠠᠨ ᠲᠠᠬᠢᠶ᠎ᠠ ᠴᠡᠴᠡᠭᠡᠰ ᠱᠠᠩᠨᠠᠯ ᠤᠨ ᠺᠢᠨᠤ᠋ ᠨᠠᠭᠠᠳᠤᠮ ᠬᠦᠰᠢᠭᠡ ᠪᠠᠨ ᠨᠡᠬᠡᠭᠡᠯ᠎ᠡ
  • ᠰᠦᠢ ᠶᠠᠩ ᠳ᠋᠋ᠢ ᠬᠠᠭᠠᠨ ᠤ ᠰᠢᠶᠤᠤ ᠬᠠᠲᠤᠨ ᠤ ᠲᠢᠳᠢᠮ ᠢ ᠳᠡᠯᠭᠡᠨ ᠦᠵᠡᠭᠦᠯᠦᠯ᠎ᠡ
关闭
010070230030000000000000011120701119590870