蒙古文网站Logo
ᠰᠢᠨᠬᠤᠸᠠ ᠮᠤᠩᠭ᠋ᠤᠯ ᠨᠧᠲ

63 ᠴᠠᠬᠢᠯᠭᠠᠨ ᠬᠤᠯᠪᠤᠭᠠᠨ ᠤ ᠮᠡᠬᠡᠯᠡᠭᠴᠢ ᠶᠢ ᠴᠠᠭᠳᠠᠭᠠᠨ ᠤ ᠬᠢᠨ ᠺᠡᠮᠪᠦᠵᠠ ᠡᠴᠡ ᠪᠠᠷᠢᠪᠴᠢᠯᠠᠵᠤ ᠠᠪᠴᠢᠷᠠᠪᠠ

2016-09-21 11:51

    9 ᠰᠠᠷ᠎ᠠ ᠶᠢᠨ 20 ᠤ ᠡᠳᠦᠷ ᠤᠨ ᠤᠷᠤᠢ ᠶᠢᠨ 8᠄00 ᠴᠠᠭ ᠤᠨ ᠦᠶᠡᠰ᠂ 63 ᠴᠬᠢᠯᠭᠠᠨ ᠬᠤᠯᠪᠤᠭᠠᠨ ᠤ ᠮᠡᠬᠡᠯᠡᠭᠴᠢ (ᠡᠬᠡ ᠬᠠᠭᠤᠷᠠᠢ ᠶᠢᠨ 50 ᠬᠦᠮᠦᠨ᠂ ᠲᠠᠶᠢᠧᠠᠨ ᠤ 13 ᠬᠦᠮᠦᠨ) ᠶᠢ ᠲᠤᠳᠤᠭᠠᠳᠤ ᠵᠢ ᠬᠠᠮᠠᠭᠠᠯᠠᠬᠤ ᠪᠠᠢᠢᠭᠤᠯᠭ᠎ᠠ ᠵᠢᠨ ᠬᠢᠨ ᠺᠡᠮᠪᠦᠵᠠ ᠡᠴᠡ ᠪᠠᠷᠢᠪᠴᠢᠯᠠᠵᠦ ᠠᠪᠴᠢᠷᠠᠭᠰᠡᠨ ᠪᠠᠶᠢᠨ᠎ᠠ᠃

    ᠤᠶᠢᠯᠠᠭᠠᠭᠰᠡᠨ ᠢᠶᠡᠷ᠂ 2015 ᠤᠨ ᠤ 11 ᠰᠠᠷ᠎ᠠ ᠳᠤ ᠳᠤᠲᠤᠭᠠᠳᠦ ᠶᠢ ᠬᠠᠮᠠᠭᠠᠯᠠᠬᠤ ᠶᠠᠮᠤᠨ ᠡᠴᠡ ᠴᠠᠬᠢᠯᠭᠠᠨ ᠬᠤᠯᠪᠤᠭ᠎ᠠ᠂ ᠰᠦᠯᠵᠢᠶᠡᠨ ᠤ ᠮᠡᠬᠡᠯᠡᠭᠴᠢ ᠳ᠋ᠤ ᠴᠤᠬᠢᠯᠲᠠ ᠥᠭ᠍ᠬᠦ ᠲᠤᠰᠬᠠᠢ ᠠᠵᠢᠯᠯᠠᠭ᠎ᠠ ᠶᠢ ᠡᠬᠢᠯᠡᠬᠦᠯᠦᠭᠰᠡᠨ ᠡᠴᠡ ᠨᠠᠭᠠᠰᠢ᠂ ᠤᠯᠤᠰ ᠤᠨ ᠳᠤᠲᠤᠭᠠᠳᠦ ᠭᠠᠳᠠᠭᠠᠳᠤ ᠡᠴᠡ ᠨᠡᠶᠢᠲᠡ 65 ᠮᠡᠬᠡᠯᠡᠭᠴᠢ ᠶᠢᠨ ᠤᠷᠤᠩᠨᠠᠬᠤ ᠭᠠᠵᠠᠷ ᠢ ᠪᠤᠰᠠᠨᠢᠭᠤᠯᠵᠦ᠂ 1168 ᠬᠡᠷᠡᠭ ᠤᠨ ᠰᠡᠵᠢᠭᠲᠡᠨ (ᠲᠠᠶᠢᠧᠠᠨ ᠤ 347 ᠬᠦᠮᠦᠨ)  ᠢ ᠪᠠᠷᠢᠪᠴᠢᠯᠠᠨ᠂ 3300 ᠭᠠᠷᠤᠢ ᠬᠡᠷᠡᠭ ᠢ ᠢᠯᠡᠷᠡᠭᠦᠯᠦᠨ ᠬᠡᠷᠡᠭ ᠲᠥ ᠬᠤᠯᠪᠤᠭᠳᠠᠭᠰᠡᠨ ᠮᠥᠩᠭᠦᠨ ᠤ ᠬᠡᠮᠵᠢᠶ᠎ᠠ 7.1 ᠳ᠋ᠥᠩᠰᠢᠭᠤᠷ ᠲᠥᠭᠦᠷᠢᠭ᠌ ᠲᠥ ᠬᠦᠷᠦᠭᠰᠡᠨ ᠪᠠᠶᠢᠨ᠎ᠠ᠃ (ᠲᠥᠪ ᠲᠧᠯᠧᠶ᠋ᠰ ᠤᠨ ᠰᠤᠷᠪᠤᠯᠵᠢᠯᠠᠭᠴᠢ ᠸᠠᠩ ᠰᠢᠩ ᠢ᠂ ᠵᠢᠷᠤᠭ ᠢ ᠲᠥᠪ ᠲᠧᠯᠧᠶ᠋ᠰ ᠤᠨ ᠰᠤᠨᠢᠨ ᠮᠡᠳᠡᠭᠡᠨ ᠤ ᠪᠦᠷᠭᠡ ᠡᠴᠡ ᠳᠠᠳᠤᠯᠭ᠎ᠠ ᠶᠢᠨ ᠰᠤᠷᠤᠭᠴᠢ ᠰᠢᠭᠤᠷᠭᠠᠨ ᠤᠷᠴᠢᠭᠤᠯᠵᠦ ᠨᠠᠶᠢᠷᠠᠭᠤᠯᠪᠠ)

 

ᠢᠷᠡᠯᠳᠡ᠄ ᠲᠥᠪ ᠲᠧᠯᠧᠢᠰ ᠪᠡᠯᠡᠳᠭᠡᠭ᠍ᠰᠡᠨ ᠨᠢ᠄ ᠪᠣᠯᠣᠷᠴᠡᠴᠡᠭ᠌

ᠰᠣᠶᠤᠯ ᠤᠷᠠᠯᠢᠭ

  • ᠦᠪᠦᠷ ᠮᠤᠨᠭᠭᠤᠯ ᠤᠨ ᠦᠨᠳᠦᠰᠦᠲᠡᠨ ᠤ ᠺᠢᠨᠤ᠋ ᠬᠢᠷᠢ ᠮᠤᠨᠳᠠᠬ ᠪᠠᠶᠢᠳᠠᠬ ᠢ ᠠᠨᠭᠬᠠᠷᠤᠬᠰᠨᠨ ᠤᠤ
  • ᠮᠤᠩᠭ᠋ᠤᠯ ᠦᠨᠳᠦᠰᠦᠲᠡᠨ ᠤ ᠵᠠᠯᠠᠭᠤᠴᠤᠳ ᠤᠨ ᠨᠠᠶᠢᠷᠠᠯ ᠳᠠᠭᠤᠤ ᠵᠢᠨ ᠪᠦᠯᠬᠦᠮ ᠪᠡᠭᠡᠵᠢᠩ ᠳ᠋ᠥ ᠲᠤᠭᠯᠠᠪᠠ
  • 25 ᠳ᠋ᠡᠬᠢ ᠬᠤᠭᠤᠴᠠᠭᠠᠨ ᠤ ᠠᠯᠲᠠᠨ ᠲᠠᠬᠢᠶ᠎ᠠ ᠴᠡᠴᠡᠭᠡᠰ ᠱᠠᠩᠨᠠᠯ ᠤᠨ ᠺᠢᠨᠤ᠋ ᠨᠠᠭᠠᠳᠤᠮ ᠬᠦᠰᠢᠭᠡ ᠪᠠᠨ ᠨᠡᠬᠡᠭᠡᠯ᠎ᠡ
  • ᠰᠦᠢ ᠶᠠᠩ ᠳ᠋᠋ᠢ ᠬᠠᠭᠠᠨ ᠤ ᠰᠢᠶᠤᠤ ᠬᠠᠲᠤᠨ ᠤ ᠲᠢᠳᠢᠮ ᠢ ᠳᠡᠯᠭᠡᠨ ᠦᠵᠡᠭᠦᠯᠦᠯ᠎ᠡ
关闭
010070230030000000000000011120701119599123